12 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠭᠤᠤᠯ ᠬᠤᠲᠠ | ᠲᠣᠭᠤᠷᠢᠭ ᠲᠤ ᠦᠨᠳᠦᠰᠦᠨ ᠱᠠᠲᠤᠨ ᠤ ᠵᠠᠰᠠᠯᠲᠠ ᠪᠠ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ | ᠲᠠᠩ ᠢ ᠤᠷᠢᠳ ᠬᠤᠵᠢᠳ ᠰᠦᠩᠱᠠᠨ ᠲᠣᠭᠤᠷᠢᠭ ᠪᠣᠯᠤᠨ ᠬᠤᠩᠱᠠᠨ ᠲᠣᠭᠤᠷᠢᠭ ᠤᠨ ᠬᠡᠰᠡᠭ ᠨᠡᠶᠢᠭᠡᠮ | ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡᠨ ᠤ ᠦᠷᠳᠡᠭᠡ ᠪᠣᠯᠤᠨ ᠠᠷᠠᠴᠢᠯᠠᠨ ᠬᠠᠮᠠᠭᠠᠯᠠᠬᠤ ᠲᠥᠪ ᠲᠤ ᠬᠦᠷᠴᠦ᠂ ᠦᠨᠳᠦᠰᠦᠨ ᠱᠠᠲᠤᠨ ᠤ | ᠵᠠᠰᠠᠯᠲᠠ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠲᠤᠰᠠᠯᠠᠬᠤ ᠪᠠ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ︽ᠨᠢᠭᠡ ᠮᠦᠴᠡᠳᠤ | ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠨᠢᠭᠡᠳᠦᠯᠲᠡᠶ ᠲᠥᠯᠥᠪᠵᠢᠭᠦᠯᠬᠦ ᠪᠠᠨ | ᠴᠢᠩᠭᠠᠳᠬᠠᠨ᠂ ︽ᠨᠢᠭᠡ ᠨᠠᠰᠤᠲᠠᠨ ᠨᠢᠭᠡ ᠨᠢᠯᠬ᠎ᠠ︾᠂ ︽ᠪᠠᠭ᠎ᠠ ᠪᠠᠷ ᠵᠠᠰᠠᠵᠤ ᠪᠠᠭ᠎ᠠ ᠪᠠᠷ ᠨᠥᠬᠦᠪᠥᠷᠢᠯᠡᠬᠦ︾ | ᠠᠵᠢᠯ ᠢ ᠰᠡᠳᠬᠢᠯ ᠳᠡᠯᠪᠢᠨ ᠰᠠᠶᠢᠲᠤᠷ ᠬᠢᠵᠦ᠂ ᠥᠪᠡᠷᠮᠢᠴᠡ ᠠᠮᠢᠳᠤᠷᠠᠯ ᠤᠨ ᠠᠷᠠᠳ ᠲᠤ ᠲᠥᠬᠦᠮ ᠦᠵᠡᠭᠦᠯᠬᠦ | ᠭᠠᠵᠠᠷ ᠤᠨ ᠵᠢᠷᠤᠭ ᠢ ᠨᠠᠷᠢᠨ ᠨᠢᠮᠪᠠᠶ ᠲᠣᠭᠲᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠭᠡᠮ ᠤᠨ | ᠦᠢᠯᠡᠰ ᠪᠠ ᠠᠮᠢᠳᠤᠷᠠᠯ ᠤᠨ ᠢᠵᠢ ᠪᠥᠷᠢᠳᠦᠭᠦᠯᠬᠦ ᠦᠢᠯᠡᠴᠢᠯᠡᠭᠡᠨ ᠤ ᠳᠥᠭᠦᠮᠴᠢᠯᠡᠯᠲᠡ ᠶᠢ ᠠᠬᠢᠭᠤᠯᠵᠤ᠂ ᠣᠯᠠᠨ | ᠲᠦᠮᠡᠨ ᠢ ᠠᠵᠢᠯ ᠶᠠᠪᠤᠳᠠᠯ ᠭᠦᠢᠴᠡᠳᠭᠡᠬᠦ ᠳᠤ ᠨᠠᠩ ᠲᠥᠬᠦᠮ᠂ ᠠᠮᠢᠳᠤᠷᠠᠯ ᠢ ᠨᠠᠩ ᠵᠣᠯ ᠵᠢᠷᠭᠠᠯ ᠲᠠᠢ ᠪᠣᠯᠭᠠᠬᠤ ᠪᠠᠷ | ᠴᠢᠷᠮᠠᠶᠢᠬᠤ ᠬᠡᠷᠡᠭᠲᠡᠶ᠃ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠥᠮᠦᠨ ᠠᠮᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ | ᠣᠨᠣᠴᠠᠲᠠᠶ ᠪᠠᠷ ᠵᠣᠯᠭᠠᠭᠤᠯᠵᠤ᠂ ᠬᠠᠲᠠᠭᠤ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠨᠢᠭᠡ | ᠴᠣᠭᠴᠠᠵᠢᠭᠤᠯᠤᠭᠰᠠᠨ ᠤᠶᠤᠨᠴᠢᠯᠠᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢ ᠪᠠᠶᠢᠭᠤᠯᠵᠤ᠂ | ᠨᠡᠶᠢᠭᠡᠮ ᠤᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠨᠠᠷᠠᠲᠤ ᠲᠡᠮᠳᠡᠭᠵᠢᠭᠦᠯᠬᠦ᠂ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠵᠤ᠂ | ᠨᠠᠩ ᠣᠯᠠᠨ ᠨᠠᠰᠤᠲᠠᠶᠢᠴᠤᠳ ᠢ ᠥᠲᠡᠯᠦᠭᠡ ᠨᠠᠰᠤ ᠶᠢ ᠨᠢ ᠠᠮᠤᠷ ᠲᠠᠶᠢᠪᠤᠩ ᠡᠳ᠋ᠯᠡᠭᠦᠯᠬᠦ ᠬᠡᠷᠡᠭᠲᠡᠶ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ | ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ | ᠠᠷᠭ᠎ᠠ ᠵᠠᠮ ᠢ ᠰᠢᠯᠤᠭᠤᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠨᠡᠶᠢᠭᠡᠮ | ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠨᠠᠮ ᠤᠯᠠᠨ ᠲᠦᠮᠡᠨ᠂ | ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ | ᠬᠦᠴᠢᠷᠳᠡᠯ ᠢ ᠰᠢᠢᠳᠪᠦᠷᠢᠯᠡᠬᠦ᠂ ᠠᠬᠢᠭᠤᠯᠤᠨ ᠳᠠᠪᠰᠢᠭᠤᠯᠬᠤ︾ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠵᠤ᠂ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠨᠡᠩ ᠤᠯᠠᠨ ᠤᠶᠤᠨ ᠴᠢᠳᠠᠯ ᠢᠶᠠᠨ ᠤᠯᠠᠨ | ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠲᠥᠪᠯᠡᠷᠡᠭᠦᠯᠵᠦ᠂ ᠠᠵᠢᠯᠯᠠᠬᠤ ᠠᠷᠭ᠎ᠠ ᠶᠢᠨ | ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠺᠠᠳ᠋ᠷᠴᠤᠳ ᠤᠨ ︽ᠳᠠᠷᠤᠭᠠᠴᠢ | ᠤᠪᠤᠷ︾ ᠢ ᠴᠢᠩᠭ᠎ᠠ ᠰᠡᠷᠭᠡᠶᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠴᠢᠳᠠᠮᠠᠭᠠᠢ ᠪᠠᠷ ᠬᠡᠷᠡᠭᠯᠡᠵᠦ | ᠪᠠᠶᠢᠭᠠᠳ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ | ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠤᠲᠠ ᠶᠢᠨ ᠤᠳᠤᠷᠢᠳᠤᠯᠭ᠎ᠠ ᠶᠠᠩ ᠮᠥ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃ |