12 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ | ᠪᠣᠯᠤᠨ ᠥᠪᠥᠷ ᠮᠣᠩᠭᠤᠯ ᠤᠨ ᠹᠧᠩ ᠶᠤᠸᠠᠨ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ | ᠵᠢᠯ ᠳᠤ 23000 ᠲᠣᠨ ᠳᠡᠭᠡᠳᠦ ᠲᠡᠰ ᠤᠨ᠂ ᠴᠡᠪᠡᠷ ᠪᠠᠯ ᠴᠢᠯᠠᠭᠤᠵᠢᠭᠤᠯᠤᠭᠰᠠᠨ ᠮᠠᠲ᠋ᠧᠷᠢᠶᠠᠯ ᠦᠢᠯᠡᠳᠬᠦ ᠲᠥᠷᠥᠯ | ᠵᠦᠢᠯ ᠤᠨ ᠲᠤᠬᠠᠶ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠶᠠᠩ ᠸᠧᠨ | ᠳ᠋ᠦᠩ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠰᠦᠩᠱᠠᠨ ᠲᠣᠭᠤᠷᠢᠭ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠶᠠᠪᠤᠴᠠ ᠳᠤ ᠪᠦᠬᠦ ᠲᠠᠯ᠎ᠠ ᠶᠢᠨ ᠰᠢᠯᠢᠳᠡᠭ ᠦᠢᠯᠡᠴᠢᠯᠡᠭᠡ ᠬᠠᠩᠭᠠᠵᠤ᠂ ᠰᠢᠯᠢᠳᠡᠭ ᠣᠷᠴᠢᠨ | ᠲᠣᠭᠤᠷᠢᠨ ᠢ ᠡᠭᠦᠳᠴᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ | ᠪᠣᠯᠤᠨ᠎ᠠ︔ ᠡᠭᠦᠨ ᠤ ᠬᠠᠮᠲᠤ ᠠᠵᠤ ᠠᠬᠤᠶᠢᠯᠠᠯ ᠤᠨ ᠬᠢᠨ ᠪᠡᠯᠡ ᠣᠷᠣᠭᠤᠯᠬᠤ ᠢᠲᠡᠭᠡᠯ ᠢᠶᠠᠨ ᠪᠠᠲᠤᠳᠬᠠᠵᠤ᠂ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ | ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠦᠷ᠎ᠡ ᠪᠦᠲᠦᠮᠵᠢ ᠳᠤ ᠬᠦᠷᠭᠡᠬᠦ ᠶᠢ ᠪᠠᠲᠤᠯᠠᠬᠤ ᠶᠢ | ᠬᠦᠰᠡᠵᠦ ᠪᠠᠶᠢᠨ᠎ᠠ ᠭᠡᠵᠦ ᠢᠯᠡᠳᠬᠡᠪᠡ᠃ | ᠣᠶᠢᠯᠠᠭᠠᠭᠰᠠᠨ ᠢᠶᠠᠷ᠂ ᠵᠢᠯ ᠳᠤ 23000 ᠲᠣᠨ ᠳᠡᠭᠡᠳᠦ ᠲᠠᠰ ᠤᠨ᠂ ᠴᠡᠪᠡᠷ ᠪᠠᠯ ᠴᠢᠯᠠᠭᠤᠵᠢᠭᠤᠯᠤᠭᠰᠠᠨ | ᠮᠠᠲ᠋ᠧᠷᠢᠶᠠᠯ ᠦᠢᠯᠡᠳᠬᠦ ᠲᠥᠷᠥᠯ ᠵᠦᠢᠯ ᠳᠤ ᠶᠡᠷᠦᠩᠬᠡᠶ ᠪᠠᠯᠠ ᠣᠷᠣᠭᠤᠯᠤᠯᠲᠠ 1.35 ᠳ᠋ᠦᠩᠰᠢᠭᠤᠷ ᠲᠥᠭᠦᠷᠢᠭ | ᠪᠠᠶᠢᠵᠤ᠂ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠳᠤ ᠳᠡᠭᠡᠳᠦ | ᠲᠠᠰ ᠤᠨ ᠪᠠᠯ ᠴᠢᠯᠠᠭᠤᠵᠢᠭᠤᠯᠤᠭᠰᠠᠨ ᠴᠢᠯᠠᠭᠤᠨ ᠲᠤᠰᠤᠨ ᠬᠡᠦᠷᠡᠰᠦ 15000 ᠲᠣᠨ᠂ ᠯᠢᠲ᠋ᠢ ᠢᠶᠣᠨ ᠤ ᠳ᠋ᠢᠶᠠᠨ | ᡂᠢ ᠶᠢᠨ ᠪᠢᠯᠢᠭ ᠲᠦᠢᠯ ᠤᠨ ᠮᠠᠲ᠋ᠧᠷᠢᠶᠠᠯ ᠵᠢᠴᠢ ᠴᠡᠪᠡᠷ ᠪᠠᠯ ᠴᠢᠯᠠᠭᠤ ︵ᠬᠠᠯᠠᠭᠤᠨ ᠵᠠᠳᠠᠷᠠᠮᠠᠯ ᠪᠠᠯ ᠴᠢᠯᠠᠭᠤ᠂ ᠹᠯᠣᠷ | ᠪᠠᠯ ᠴᠢᠯᠠᠭᠤ︶ ᠶᠢᠨ ᠲᠦᠭᠦᠬᠡᠶ ᠮᠠᠲ᠋ᠧᠷᠢᠶᠠᠯ 8000 ᠲᠣᠨ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ | ᠥᠷᠲᠡᠭ ᠢ 7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠶᠢᠯᠢ ᠲᠠᠲᠠᠪᠤᠷᠢ ᠶᠢ 1 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠪᠠᠷᠤᠭ 60 ᠠᠵᠢᠯᠴᠢᠨ ᠬᠡᠷᠡᠭᠯᠡᠬᠦ ᠶᠢ ᠰᠢᠢᠳᠪᠦᠷᠢᠯᠡᠵᠦ ᠪᠣᠯᠤᠨ᠎ᠠ᠃ |