︽ᠬᠡᠷ ᠤᠨ ᠰᠤᠷᠲᠠᠯ ᠢ ᠪᠣᠶ ᠪᠣᠯᠭᠠᠵᠤ᠂ ᠬᠡᠷ ᠤᠨ ᠰᠤᠷᠭᠠᠯ ᠢ ᠤᠯᠠᠮᠵᠢᠯᠠᠵᠤ᠂ ᠬᠡᠷ ᠤᠨ ᠴᠢᠬᠡᠴᠢ ᠰᠣᠶᠣᠯ ᠢ ᠠᠬᠢᠭᠤᠯᠤᠶ᠎ᠠ︾ ᠤᠯᠠᠭᠠᠨᠬᠠᠳᠠ ᠬᠤᠲᠠ ᠶᠢᠨ ᠠᠷᠢᠭᠤᠨ ᠴᠢᠬᠡᠴᠢ ᠰᠣᠶᠣᠯ ᠢ ᠬᠡᠷ ᠪᠦᠯᠢ ᠳᠤ ᠬᠦᠷᠭᠡᠬᠦ ᠪᠦᠲᠦᠭᠡᠯ ᠤᠨ ᠦᠵᠡᠭᠦᠯᠭᠡ ᠶᠠᠪᠤᠭᠳᠠᠪᠠ
ᠨᠡᠶᠢᠲᠡᠯᠡᠭᠰᠡᠨ ᠴᠠᠭ᠄
2024/12/18
   12 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ︽ᠭᠡᠷ ᠤᠨ ᠰᠤᠷᠲᠠᠯ ᠢ ᠪᠤᠢ ᠪᠣᠯᠭᠠᠵᠤ᠂ ᠭᠡᠷ ᠤᠨ ᠰᠤᠷᠭᠠᠯ ᠢ ᠤᠯᠠᠮᠵᠢᠯᠠᠵᠤ᠂ ᠭᠡᠷ ᠤᠨ ᠴᠢᠬᠡᠴᠢ ᠰᠣᠶᠣᠯ ᠢ ᠠᠬᠢᠭᠤᠯᠤᠶ᠎ᠠ︾ ᠤᠯᠠᠭᠠᠨᠬᠠᠳᠠ ᠬᠤᠳᠠ ᠶᠢᠨ ᠠᠷᠢᠭᠤᠨ ᠴᠢᠬᠡᠴᠢ ᠰᠣᠶᠣᠯ ᠢ ᠭᠡᠷ ᠪᠦᠯᠢ ᠳᠤ ᠬᠦᠷᠭᠡᠬᠦ ᠪᠦᠲᠦᠭᠡᠯ ᠤᠨ ᠦᠵᠡᠭᠦᠯᠭᠡ ᠰᠦᠩ ᠪᠧᠢ ᠶᠢᠨ ᠶᠡᠷᠦᠩᠬᠡᠶᠢᠯᠡᠭᠰᠡᠨ ᠣᠷᠳᠣᠨ ᠳᠤ ᠶᠠᠪᠤᠭᠳᠠᠪᠠ᠃ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠧᠩ ᠲᠢᠶᠠᠨ ᠴᠦᠨ ᠠᠵᠢᠯᠯᠠᠭ᠎ᠠ ᠳᠤ ᠣᠷᠣᠯᠴᠠᠪᠠ᠃    ᠲᠣᠰ ᠤᠳᠠᠭᠠᠨ ᠤ ᠪᠦᠲᠦᠭᠡᠯ ᠤᠨ ᠦᠵᠡᠭᠦᠯᠦᠯᠭᠡ ᠨᠢ ᠳᠥᠷᠪᠡᠨ ᠬᠡᠰᠡᠭ ᠬᠤᠪᠢᠶᠠᠵᠤ᠂ ᠡᠯ᠎ᠡ ᠬᠡᠷ ᠪᠦᠯᠢ ᠶᠢᠨ ᠰᠣᠩᠭᠤᠨ ᠬᠦᠷᠭᠡᠭᠰᠡᠨ 210 ᠪᠦᠲᠦᠭᠡᠯ ᠤᠨ ᠬᠡᠪ ᠨᠠᠮᠪᠠ ᠨᠢ ᠣᠯᠠᠨ ᠶᠠᠩᠵᠤ ᠶᠢᠨ ᠪᠠᠶᠢᠵᠤ᠂ ᠬᠡᠯᠪᠡᠷᠢ ᠨᠢ ᠠᠳᠠᠯᠢ ᠪᠤᠰᠤ ᠪᠠᠶᠢᠵᠤ᠂ ᠠᠷᠢᠭᠤᠨ ᠴᠢᠬᠡᠴᠢ ᠰᠣᠶᠣᠯ ᠪᠠ ᠰᠠᠶᠢᠨ ᠰᠠᠶᠢᠬᠠᠨ ᠬᠡᠷ ᠤᠨ ᠰᠤᠷᠲᠠᠯ᠂ ᠬᠡᠷ ᠤᠨ ᠪᠣᠯᠪᠠᠰᠤᠷᠠᠯ ᠤᠨ ᠠᠮᠢᠳᠤᠯᠢᠭ ᠠᠭᠤᠯᠤᠭᠳᠠᠬᠤᠨ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠲᠠᠶᠢᠯᠪᠤᠷᠢᠯᠠᠵᠤ᠂ ᠡᠯ᠎ᠡ ᠡᠲᠡᠭᠡᠳ ᠤᠨ ᠨᠡᠶᠢᠭᠡᠮ ᠤᠨ ᠬᠥᠮᠦᠰ ᠤᠨ ᠠᠷᠢᠭᠤᠨ ᠴᠢᠬᠡᠴᠢ ᠶᠢ ᠡᠷᠬᠢᠮᠯᠡᠬᠦ ᠤᠬᠠᠮᠰᠠᠷ ᠪᠠ ᠠᠷᠢᠭᠤᠨ ᠴᠢᠬᠡᠴᠢ ᠪᠠᠷ ᠠᠵᠢᠯ ᠬᠢᠬᠦ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃    ᠲᠣᠰ ᠤᠳᠠᠭᠠᠨ ᠤ ᠪᠦᠲᠦᠭᠡᠯ ᠤᠨ ᠦᠵᠡᠭᠦᠯᠦᠯᠭᠡ ᠶᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠡᠪᠯᠡᠯ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠰᠦᠩᠱᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠣᠶᠣᠯ ᠤᠨ ᠣᠷᠳᠣᠨ ᠳᠠᠭᠠᠭᠠᠴᠢᠯᠠᠨ ᠡᠷᠭᠢᠯᠡᠪᠡ᠃  
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号