ᠰᠦᠩᠱᠠᠨ ᠲᠣᠭᠤᠷᠢᠭ 54.7 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ 6198 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/12/6
    ᠡᠨᠡ ᠵᠢᠯ᠂ ᠰᠦᠩᠱᠠᠨ ᠲᠣᠭᠤᠷᠢᠭ 54.7 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ 6198 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃    ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠪᠠ᠃ ᠥᠭᠡᠷᠡᠴᠢᠯᠡᠬᠦ ᠳᠤᠮᠳᠠ᠂ ᠪᠥᠬᠦ ᠶᠠᠪᠤᠴᠠ ᠳᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠣᠯ ᠵᠢᠷᠭᠠᠯᠲᠤ ᠲᠥᠷᠥᠭᠳᠡᠯ ᠢ ᠬᠡᠷ ᠤᠨ ᠡᠭᠦᠳᠡᠨ ᠳᠤ ᠨᠢ ︽ᠲᠠᠰ ᠳᠡᠪᠰᠢᠭᠦᠯᠪᠡ︾᠃ 2021 ᠣᠨ ᠠᠴᠠ ᠨᠠᠰᠢ᠂ ᠰᠦᠩᠱᠠᠨ ᠲᠣᠭᠤᠷᠢᠭ ᠨᠢᠭᠡᠨᠲᠡ 141 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠭᠦᠯᠵᠦ᠂ 390 ᠠᠰᠠᠷ᠂ 19253 ᠡᠷᠦᠬᠡ ᠰᠠᠭᠤᠭᠠᠯᠢ ᠠᠷᠠᠳ ᠲᠤ  ᠬᠤᠯᠪᠤᠭᠳᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号