ᠰᠦᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ︽ᠬᠠᠬᠢᠷ ᠡᠪᠦᠯ ᠳᠤ ᠬᠠᠯᠠᠮᠵᠢᠯᠠᠯ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/18
     ᠣᠶᠢᠷ᠎ᠠ ᠶᠢᠨ ᠡᠳᠦᠷ ᠤᠳ ᠲᠤ᠂ ᠰᠦᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2024 ᠣᠨ ᠳᠤ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠪᠠ ︽ᠬᠠᠬᠢᠷ ᠡᠪᠦᠯ ᠳᠤ ᠬᠠᠯᠠᠮᠵᠢᠯᠠᠯ ᠬᠦᠷᠭᠡᠬᠦ︾ ᠠᠵᠢᠯᠯᠠᠭ᠎ᠠ ᠥᠷᠨᠢᠭᠦᠯᠪᠡ᠃      ᠤᠯᠠᠭᠠᠨ ᠵᠠᠭᠠᠯᠮᠠᠶᠢᠲᠠᠨ ᠤ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠪᠣᠯ ᠪᠥᠬᠦ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠰᠲ᠋ᠧᠮ ᠤᠨ ᠪᠥᠬᠦ ᠬᠦᠴᠦᠨ ᠢᠶᠠᠷ ᠢᠶᠠᠨ ᠡᠭᠦᠳᠦᠨ ᠪᠦᠲᠦᠭᠡᠭᠰᠡᠨ ᠬᠥᠮᠥᠡᠯᠢᠭ ᠠᠪᠤᠷᠠᠨ ᠲᠤᠰᠠᠯᠠᠬᠤ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠮᠥᠨ᠂ ᠰᠦᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢᠭᠡᠨᠲᠡ 18 ᠵᠢᠯ ᠳᠠᠷᠠᠭᠠᠯᠠᠨ ᠲᠣᠰ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 14.88 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ᠲᠦᠭᠡᠮᠡᠯ ᠬᠠᠶᠢᠷ᠎ᠠ ᠶᠢᠨ ᠲᠣᠮᠣ ᠪᠡᠯᠡᠭ ᠤᠨ ᠪᠣᠭᠴᠣ 1056 ᠬᠤᠪᠢ ᠬᠤᠳᠠᠯᠳᠤᠨ ᠠᠪᠴᠤ᠂ ᠪᠥᠬᠦ ᠲᠣᠭᠤᠷᠢᠭ ᠤᠨ 14 ᠰᠢᠶᠠᠩ ᠪᠠᠯᠭᠠᠰᠤ᠂ 8 ᠵᠡᠭᠡᠯᠢ ᠭᠤᠳᠤᠮᠵᠢ ᠶᠢᠨ ᠬᠦᠴᠢᠷᠳᠡᠯᠲᠡᠶ ᠬᠡᠷ ᠪᠦᠯᠢ᠂ ᠬᠦᠴᠢᠷᠳᠡᠯᠲᠡᠶ ᠠᠵᠢᠯᠲᠠᠨ ᠠᠵᠢᠯᠴᠢᠨ ᠵᠢᠴᠢ ᠴᠢᠰᠤ ᠦᠢᠯᠡᠳᠬᠦ ᠭᠤᠤᠯ ᠡᠰ ᠤᠨ ᠬᠠᠨᠳᠢᠪᠯᠠᠭᠴᠢᠳ ᠵᠡᠷᠭᠡ ᠬᠠᠮᠲᠤᠯᠢᠭ ᠢ ᠭᠤᠤᠯᠳᠠᠯᠭ᠎ᠠ ᠲᠠᠢ ᠰᠤᠷᠪᠤᠯᠵᠢᠯᠠᠨ ᠲᠣᠬᠤᠨᠢᠭᠤᠯᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠬᠡᠷ ᠲᠤ ᠬᠦᠷᠭᠡᠵᠦ᠂ ᠤᠯᠠᠭᠠᠨ ᠵᠠᠭᠠᠯᠮᠠᠶᠢᠲᠠᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠶ ᠣᠯᠠᠨ ᠲᠦᠮᠡᠨ ᠤ ᠭᠠᠷ ᠲᠤ ᠬᠦᠷᠭᠡᠪᠡ᠃      ︽ᠬᠠᠬᠢᠷ ᠡᠪᠦᠯ ᠳᠤ ᠬᠠᠯᠠᠮᠵᠢᠯᠠᠯ ᠬᠦᠷᠭᠡᠬᠦ︾ ᠠᠵᠢᠯᠯᠠᠭ᠎ᠠ ᠳᠤᠮᠳᠠ᠂ ᠰᠦᠩᠱᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠡᠪᠦᠯᠵᠢᠬᠦ ᠳᠤ ᠬᠦᠴᠢᠷᠳᠡᠯᠲᠡᠢ 180 ᠨᠠᠰᠤᠲᠠᠨ ᠳᠤ ᠬᠥᠨᠵᠢᠯᠡ ᠳᠡᠪᠢᠰᠬᠡᠷ ᠵᠡᠷᠭᠡ ᠠᠮᠢᠳᠤᠷᠠᠯ ᠤᠨ ᠡᠳ᠋ ᠪᠣᠳᠠᠰ  ᠬᠠᠩᠭᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号