︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠭᠰᠠᠨ ᠠᠵᠢᠯ ᠤᠨ ᠦᠷ᠎ᠡ ᠳ᠋ᠦᠩ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/21
     ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠠᠤᠯᠢ ᠲᠦᠷᠢᠮ ᠤᠨ ᠨᠢᠭᠡᠳᠦᠯᠲᠡᠶ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠦᠷᠦᠭᠦᠬᠡᠨ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ︾ ᠢ ᠨᠡᠶᠢᠲᠡᠯᠡᠪᠡ᠃ ᠡᠳᠦᠭᠡ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠬᠦ ᠶᠢ ᠮᠡᠳᠡᠭᠳᠡᠶ᠎ᠡ᠄      ᠨᠢᠭᠡ᠂ ᠢᠯᠭᠠᠷᠠᠭᠤᠯᠬᠤ ᠠᠬᠤᠶ ᠪᠠᠶᠢᠳᠠᠯ       ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠵᠠᠰᠠᠭ ᠤᠨ ᠵᠠᠷᠯᠢᠭ ᠨᠡᠶᠢᠲᠡᠯᠡᠬᠦ᠂ ᠬᠠᠤᠯᠢ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢᠨ ᠴᠢᠬᠤᠯᠠ ᠠᠷᠭ᠎ᠠ ᠮᠠᠶ᠋ᠢᠭ ᠪᠣᠯᠤᠨ᠎ᠠ᠃ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠳᠤ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠥᠳᠡᠯᠦᠩᠭᠦᠶ ᠪᠠᠷ ᠢᠯᠭᠠᠷᠠᠭᠤᠯᠬᠤ ᠠᠵᠢᠯ ᠤᠨ ᠲᠣᠭᠲᠠᠴᠠ ᠶᠢ ᠪᠦᠷᠢᠨᠰᠢᠬᠦᠯᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠱᠠᠭᠠᠷᠳᠠᠯᠭ᠎ᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠵᠢᠴᠢ ᠳᠡᠭᠡᠳᠦ ᠪᠠᠶᠢᠷᠢ ᠶᠢᠨ ᠬᠠᠤᠯᠢ ᠪᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠨ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠡᠮᠬᠢᠯᠡᠨ ᠲᠢᠭᠯᠡᠨ᠎ᠡ︾ ᠭᠡᠪᠡ᠃ ᠮᠠᠨ ᠤ ᠲᠣᠭᠤᠷᠢᠭ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢ ᠴᠢᠩᠭᠠᠳᠬᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ ᠶᠢᠨ ᠬᠠᠮᠲᠤ ᠦᠨᠡᠨᠬᠦ ᠪᠦᠲᠦᠮᠵᠢᠲᠡᠶ ᠪᠠᠶᠢᠯᠭᠠᠬᠤ ᠶᠢ ᠪᠠᠲᠤᠯᠠᠬᠤ ᠶᠢᠨ ᠲᠤᠰᠠᠳᠠ᠂ ᠲᠣᠭᠤᠷᠢᠭ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠵᠤ 2023 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠣᠭᠲᠠᠭᠠᠨ ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠢᠯᠭᠠᠷᠠᠭᠤᠨᠪᠠ᠃      ᠬᠤᠶᠠᠷ᠂ ᠢᠯᠭᠠᠷᠠᠭᠤᠯᠬᠤ ᠦᠨᠳᠦᠰᠦᠯᠡᠯ      ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ︹2018︺37 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶᠃      ᠭᠤᠷᠪᠠ᠂ ᠢᠯᠭᠠᠷᠠᠭᠤᠯᠬᠤ ᠠᠭᠤᠯᠭ᠎ᠠ      ᠲᠣᠰ ᠤᠳᠠᠭ᠎ᠠ ᠲᠣᠭᠤᠷᠢᠭ ᠤᠨ ᠵᠠᠰᠠᠭ ᠤᠨ ᠣᠷᠳᠣᠨ ᠤ ᠣᠲᠣ ᠶᠢᠨ ᠪᠠᠶᠢᠭ᠎ᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡ 19 ᠬᠤᠪᠢ ᠡᠮᠬᠢᠯᠡᠨ ᠢᠯᠭᠠᠷᠠᠭᠤᠯᠤᠨ ᠳᠢᠭᠯᠡᠵᠦ᠂ ᠮᠠᠨ ᠤ ᠲᠣᠭᠤᠷᠢᠭ ᠤᠨ ᠠᠵᠤ ᠦᠢᠯᠡᠰ᠂ ᠠᠵᠤ ᠠᠬᠤᠶ᠂ ᠨᠡᠶᠢᠭᠡᠮ᠂ ᠠᠮᠢ ᠠᠬᠤᠶ᠂ ᠠᠷᠠᠳ ᠤᠨ ᠠᠮᠢᠳᠤᠷᠠᠯ ᠵᠡᠷᠭᠡ ᠡᠯ᠎ᠡ ᠬᠦᠷᠢᠶᠡᠨ ᠤ ᠲᠥᠷᠥ ᠶᠢᠨ ᠪᠣᠳᠣᠯᠭ᠎ᠠ ᠶᠢ ᠬᠠᠮᠤᠷᠤᠭᠰᠠᠨ ᠪᠥᠭᠡᠳ ᠵᠠᠷᠢᠮ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠵᠦᠢᠯᠡᠰ ᠲᠤ ᠬᠤᠯᠪᠣᠭᠳᠠᠭᠰᠠᠨ ᠪᠠᠶᠢᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠦᠨᠳᠦᠰᠦᠯᠡᠭᠰᠡᠨ ᠳᠡᠭᠡᠳᠦ ᠪᠠᠶᠢᠷᠢ ᠶᠢᠨ ᠬᠠᠤᠯᠢ ᠴᠠᠭᠠᠵᠠ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠢᠯᠭᠠᠷᠠᠭᠤᠯᠤᠨ ᠳᠢᠭᠯᠡᠵᠦ ᠢᠯᠠᠩᠭᠤᠶ᠎ᠠ ᠢᠷᠭᠡᠨ ᠤ ᠬᠠᠤᠯᠢ ᠶᠢᠨ ᠪᠢᠴᠢᠭ ᠲᠠᠢ ᠬᠠᠷᠢᠴᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠳᠦᠷᠢᠮ ᠪᠠ ᠲᠥᠪ ᠤᠨ ᠬᠤᠯᠪᠣᠭᠳᠠᠯ ᠪᠦᠬᠦᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ᠂ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠵᠡᠷᠭᠡ ᠱᠠᠭᠠᠷᠳᠠᠯᠭ᠎ᠠ ᠶᠢ ᠰᠢᠯᠢᠳᠡᠭᠵᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠳᠤ ᠢᠯᠡᠷᠬᠡᠶ ᠲᠤᠬᠢᠷᠠᠬᠤ ᠥᠭᠡᠢ᠂ ᠱᠠᠳᠤ ᠦᠶ᠎ᠡ ᠶᠢᠨ ᠴᠢᠨᠠᠷᠲᠠᠶ ᠠᠵᠢᠯ ᠢ ᠨᠢᠭᠡᠨᠲᠡ ᠪᠡᠶᠡᠯᠡᠭᠦᠯᠦᠭᠰᠡᠨ ᠪᠤᠶᠤ ᠳᠡᠭᠡᠳᠦ ᠱᠠᠳᠤ ᠪᠤᠶᠤ ᠲᠤᠰ ᠱᠠᠲᠤᠨ ᠤ ᠰᠢᠨ᠎ᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠣᠷᠣᠯᠠᠭᠳᠠᠭᠰᠠᠨ ᠢ ᠨᠢᠭᠡ ᠪᠦᠯᠦᠭ ᠬᠦᠴᠦᠨ ᠥᠭᠡᠢ ᠪᠣᠯᠭᠠᠬᠤ ᠪᠠ ᠦᠷᠭᠦᠯᠵᠢᠯᠡᠨ ᠦᠯᠡᠳᠡᠭᠡᠬᠦ ᠴᠢᠬᠤᠯᠠ ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ᠎ᠠ᠃      ᠳᠥᠷᠪᠡ᠂ ᠢᠯᠭᠠᠷᠠᠭᠤᠯᠤᠭᠰᠠᠨ ᠦᠷ᠎ᠡ ᠳ᠋ᠦᠩ      ᠮᠠᠨ ᠤ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ 17 ᠬᠤᠪᠢ ᠶᠢ ᠨᠢ ᠦᠷᠭᠦᠯᠵᠢᠯᠡᠨ ᠦᠯᠡᠳᠡᠭᠡᠵᠦ᠂ 2 ᠬᠤᠪᠢ ᠶᠢ ᠨᠢ ᠬᠦᠴᠦᠨ ᠥᠬᠡᠶ ᠪᠣᠯᠭᠠᠬᠤ ︵ᠬᠦᠴᠦᠨ ᠥᠬᠡᠶ ᠪᠤᠯᠬᠤ︶ ᠪᠥᠭᠡᠳ ᠪᠣᠳᠠᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠲᠡᠯᠡᠬᠦ ᠪᠠᠷ ᠲᠣᠭᠲᠠᠪᠠ᠃ ᠬᠦᠴᠦᠨ ᠥᠬᠡᠶ ᠪᠣᠯᠭᠠᠭᠰᠠᠨ᠂ ᠬᠦᠴᠦᠨ ᠥᠬᠡᠶ ᠪᠣᠯᠤᠭᠰᠠᠨ ᠬᠤᠲᠠ ᠶᠢᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠭᠢᠵᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠬᠤ ᠥᠬᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号