ᠨᠢᠭᠡ᠂ ᠲᠣᠭᠲᠠᠭᠠᠭᠰᠠᠨ ᠠᠬᠤᠶ ᠪᠠᠶᠢᠳᠠᠯ | ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ︽ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾᠂ ︽ᠦᠨᠳᠦᠰᠦᠨ | ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ︾ ᠲᠤᠬᠠᠶ | ᠴᠢᠬᠤᠯᠠ ᠵᠢᠭᠠᠪᠤᠷᠢ ᠶᠢ ᠭᠦᠨᠵᠡᠭᠡᠶ ᠲᠤᠤᠱᠯᠠᠭᠤᠯᠵᠤ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ + ᠲᠤᠰᠬᠠᠶ ᠮᠡᠷᠭᠡᠵᠢᠯ ᠤᠨ ᠬᠠᠤᠯᠢ ᠬᠡᠷᠡᠭᠵᠢᠭᠦᠯᠬᠦ︾ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ | ︽ᠭᠦᠢᠴᠡᠳᠬᠡᠪᠡᠰᠦ ᠵᠣᠬᠢᠬᠤ ᠪᠦᠬᠦᠨ ᠢ ᠬᠡᠷᠡᠭᠵᠢᠭᠦᠯᠬᠦ︾ ᠰᠢᠨ᠎ᠡ ᠱᠠᠭᠠᠷᠳᠠᠯᠭ᠎ᠠ ᠶᠢ ᠪᠡᠶᠡᠯᠡᠭᠦᠯᠵᠦ᠂ ᠲᠤᠰᠢᠶᠠᠯ | ᠬᠠᠷᠢᠭᠤᠴᠠᠯᠭ᠎ᠠ ᠲᠣᠳᠣᠷᠬᠠᠶ᠂ ᠬᠠᠮᠵᠢᠯᠴᠠᠨ ᠥᠨᠳᠥᠷ ᠪᠦᠲᠦᠮᠵᠢᠲᠡᠶ᠂ ᠲᠣᠭᠲᠠᠴᠠ ᠪᠦᠷᠢᠨ᠂ ᠦᠢᠯᠡ ᠠᠵᠢᠯᠯᠠᠭ᠎ᠠ | ᠵᠢᠷᠤᠮᠵᠢᠭᠤᠨ᠂ ᠬᠢᠨᠠᠯᠲᠠ ᠲᠠᠯᠪᠢᠬᠤ ᠬᠦᠴᠦᠲᠡᠶ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠪᠴᠢᠯᠡᠨ ᠪᠣᠶ ᠪᠣᠯᠭᠠᠨ᠎ᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾᠂ ︽ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︽︿ᠦᠨᠳᠦᠰᠦᠨ | ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ | ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠦᠨᠳᠦᠰᠦᠯᠡᠨ᠂ | ᠰᠦᠩᠱᠠᠨ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ︽ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ︾ ︵2023 ᠣᠨ ᠤ ᠬᠡᠪᠯᠡᠯ︶ ᠶᠢ ᠲᠣᠭᠲᠠᠭᠠᠪᠠ᠃ | ᠭᠤᠷᠪᠠ᠂ ᠠᠵᠢᠯ ᠤᠨ ᠱᠠᠭᠠᠷᠳᠠᠯᠭ᠎ᠠ | ᠲᠣᠰ ᠤᠳᠠᠭ᠎ᠠ ᠨᠡᠶᠢᠲᠡᠯᠡᠭᠰᠡᠨ 96 ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠠᠤᠯᠢ | ᠶᠣᠰᠣᠭᠠᠷ ᠬᠠᠷᠢᠴᠠᠩᠭᠤᠶ ᠪᠠᠷ ᠲᠥᠪᠯᠡᠷᠡᠭᠦᠯᠦᠨ ᠬᠡᠷᠡᠭᠵᠢᠭᠦᠯᠦᠨ᠎ᠡ᠂ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠨᠠᠯᠲᠠ ᠲᠠᠯᠪᠢᠵᠤ | ᠵᠢᠯᠣᠭᠤᠳᠬᠤ ᠪᠠᠨ ᠴᠢᠩᠭᠠᠳᠬᠠᠵᠤ᠂ ᠡᠷᠬᠡ ᠶᠢ ᠲᠠᠯᠪᠢᠬᠤ ᠶᠢ ᠦᠨᠡᠨᠬᠦ ᠪᠠᠲᠤᠯᠠᠨ᠎ᠠ᠃ | ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠲᠤ | ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠵᠢᠴᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ | ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠴᠠᠭ ᠲᠤᠬᠠᠶ ᠳᠤᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ |