2023 ᠣᠨ ᠤ 8 ᠰᠠᠷ᠎ᠠ ᠳᠤ᠂ ᠰᠦᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠲᠣᠪᠴᠢᠶ᠎ᠠ ᠶᠢᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠡᠮᠬᠢᠯᠡᠨ ᠲᠢᠭᠯᠡᠪᠡ᠂ ᠣᠲᠣ ᠲᠡᠭᠦᠨ ᠤ | ᠳᠣᠲᠣᠷᠠᠬᠢ ︽ᠣᠯᠠᠨ ᠨᠡᠶᠢᠲᠡ ᠶᠢᠨ ᠣᠷᠣᠨ ᠪᠦᠰᠡ ᠳᠤ ᠳᠤᠷ᠎ᠠ ᠪᠠᠷ ᠢᠶᠠᠨ ᠵᠢᠷᠤᠵᠤ ᠡᠷᠢᠶᠡᠴᠢᠬᠦ᠂ | ᠳᠤᠷ᠎ᠠ ᠪᠠᠷ ᠢᠶᠠᠨ ᠵᠢᠵᠢᠭ ᠵᠠᠷ ᠨᠠᠭᠠᠬᠤ ᠳᠤ ᠰᠢᠳᠬᠡᠨ ᠲᠣᠷᠭᠠᠬᠤ︾ ᠡᠨᠡᠬᠦ ᠡᠷᠬᠡ ᠶᠢᠨ ᠵᠦᠢᠯᠡᠰ ᠲᠤ ᠴᠢᠭᠯᠡᠭᠦᠯᠦᠨ | ᠲᠠᠶᠢᠯᠤᠮᠵᠢ ᠬᠢᠪᠡ᠂ ᠳᠣᠤᠷᠠᠬᠢ ᠮᠡᠲᠦ᠄ | ᠨᠢᠭᠡ᠂ ᠠᠬᠤᠢ ᠪᠠᠶᠢᠳᠠᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠦᠢᠯᠡ | ᠠᠵᠢᠯᠯᠠᠭ᠎ᠠ ᠶᠢ ᠠᠬᠢᠭᠤᠯᠬᠤ ᠳᠦᠷᠢᠮ︾᠂ ︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ | ᠠᠬᠢᠭᠤᠯᠬᠤ ᠳᠦᠷᠢᠮ︾ ᠢ ᠨᠡᠶᠢᠲᠡᠯᠡᠬᠦ ᠶᠢ ᠳᠠᠭᠠᠯᠳᠤᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠨ ᠬᠡᠰᠡᠭ ᠵᠠᠰᠠᠭ ᠵᠠᠬᠢᠷᠭᠠᠨ ᠤ ᠰᠢᠢᠳᠬᠡᠯ ᠤᠨ ᠡᠷᠬᠡ ᠶᠢ ᠲᠣᠳᠣᠷᠬᠠᠶᠢᠯᠠᠵᠤ᠂ | ᠮᠠᠨ ᠤ ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠡᠷᠬᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ | ᠳᠠᠩᠰᠠ ᠶᠢ ᠤᠯᠠᠮ ᠨᠢᠭᠡ ᠠᠯᠬᠤᠮ ᠡᠮᠬᠢᠯᠡᠵᠦ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠥᠨᠳᠥᠷ | ᠪᠦᠲᠦᠮᠵᠢᠲᠡᠶ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ | ᠬᠤᠶᠠᠷ᠂ ᠡᠮᠬᠢᠯᠡᠨ ᠳᠢᠭᠯᠡᠭᠰᠡᠨ ᠶᠠᠪᠤᠴᠠ᠄ 2023 ᠣᠨ ᠤ 8 ᠰᠠᠷ᠎ᠠ ᠳᠤ᠂ ᠮᠠᠨ ᠤ ᠲᠣᠪᠴᠢᠶ᠎ᠠ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ︾᠂ ︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ | ᠠᠵᠢᠯᠯᠠᠭ᠎ᠠ ᠶᠢ ᠠᠬᠢᠭᠤᠯᠬᠤ ᠲᠦᠷᠢᠮ︾ ᠳᠠᠬᠢ ᠮᠠᠨ ᠤ ᠲᠣᠪᠴᠢᠶ᠎ᠠ ᠶᠢᠨ ᠡᠷᠬᠡ ᠬᠠᠷᠢᠭᠤᠴᠠᠯᠭ᠎ᠠ ᠶᠢᠨ ᠵᠦᠢᠯᠡᠰ ᠢ | ᠡᠮᠬᠢᠯᠡᠨ ᠳᠢᠭᠯᠡᠵᠦ᠂ ᠤᠤᠯ ᠤᠨ ᠨᠠᠷᠢᠨ ᠲᠠᠩᠰᠠ ᠶᠢᠨ ᠰᠠᠭᠤᠷᠢᠨ ᠳᠡᠭᠡᠷ᠎ᠡ ᠲᠣᠬᠢᠷᠠᠭᠤᠯᠤᠯᠲᠠ ᠪᠠ ᠨᠥᠬᠦᠪᠥᠷᠢ | ᠬᠢᠭᠰᠡᠨ ᠪᠥᠭᠡᠳ ᠡᠯ᠎ᠡ ᠵᠡᠭᠡᠯᠢ ᠭᠤᠳᠤᠮᠵᠢ ᠳᠤ ᠲᠤᠮᠢᠯᠠᠵᠤ᠂ ᠡᠭᠦᠨ ᠳᠤ ︽ᠣᠯᠠᠨ ᠨᠡᠶᠢᠲᠡ ᠶᠢᠨ ᠣᠷᠣᠨ ᠪᠦᠰᠡ ᠳᠤ | ᠳᠤᠷ᠎ᠠ ᠪᠠᠷ ᠢᠶᠠᠨ ᠵᠢᠷᠤᠵᠤ ᠡᠷᠢᠶᠡᠴᠢᠬᠦ᠂ ᠳᠤᠷ᠎ᠠ ᠪᠠᠷ ᠢᠶᠠᠨ ᠵᠢᠵᠢᠭ ᠵᠠᠷ ᠨᠠᠭᠠᠵᠤ ᠰᠢᠳᠬᠡᠨ ᠲᠣᠷᠭᠠᠬᠤ︾ ᠵᠡᠷᠭᠡ | ᠡᠷᠬᠡ ᠶᠢᠨ ᠵᠦᠢᠯᠡᠰ ᠨᠢ ᠮᠠᠨ ᠤ ᠲᠣᠪᠴᠢᠶ᠎ᠠ ᠶᠢᠨ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠨ᠎ᠠ᠃ | ᠭᠤᠷᠪᠠ᠂ ᠠᠵᠢᠯ ᠤᠨ ᠬᠠᠷᠠᠯᠲᠠ᠄ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ | ᠪᠣᠯᠭᠠᠨ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ ᠤᠨ ᠬᠡᠪᠴᠢᠶ᠎ᠡ᠂ ᠳᠡᠰ ᠳᠠᠷᠠᠭᠠᠯᠠᠯ᠂ | ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠪᠠᠷ ᠤᠳᠤᠷᠢᠳᠤᠮᠵᠢ ᠪᠣᠯᠭᠠᠵᠤ᠂ ᠡᠷᠬᠡ ᠲᠤᠰᠢᠶᠠᠯ ᠢ ᠬᠠᠤᠯᠢ ᠪᠠᠷ | ᠲᠣᠭᠲᠠᠭᠠᠬᠤ ᠵᠠᠷᠴᠢᠮ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠵᠠᠷᠴᠢᠮ᠂ ᠵᠢᠷᠤᠮᠵᠢᠭᠤᠨ ᠪᠦᠲᠦᠮᠵᠢᠲᠡᠶ | ᠵᠠᠷᠴᠢᠮ ᠢ ᠪᠠᠷᠢᠮᠲᠠᠯᠠᠵᠤ᠂ ᠡᠷᠬᠡ ᠶᠢᠨ ᠵᠦᠢᠯᠡᠰ ᠤᠨ ᠬᠠᠤᠯᠢ ᠲᠣᠭᠲᠠᠭᠠᠯ ᠳᠤ ᠨᠡᠶᠢᠴᠡᠬᠦ᠂ ᠠᠵᠢᠯᠯᠠᠭ᠎ᠠ ᠨᠢ | ᠰᠢᠯᠤᠭᠤᠬᠠᠨ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠶᠢ ᠦᠨᠡᠨᠬᠦ ᠪᠠᠲᠤᠯᠠᠨ᠎ᠠ᠃ | ᠳᠥᠷᠪᠡ᠂ ᠬᠡᠷᠡᠭᠵᠢᠭᠦᠯᠬᠦ ᠬᠡᠪᠴᠢᠶ᠎ᠡ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ | ᠲᠠᠪᠤ᠂ ᠴᠢᠬᠤᠯᠠ ᠠᠭᠤᠯᠭ᠎ᠠ ᠶᠢᠨ ᠲᠠᠶᠢᠯᠤᠮᠵᠢ᠄ | 1.ᠬᠠᠷᠢᠭᠤᠴᠠᠯᠭ᠎ᠠ ᠶᠢᠨ ᠭᠤᠣᠯ ᠴᠣᠭᠴᠠ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ | 2.ᠦᠨᠳᠦᠰᠦᠨ ᠴᠤᠪᠤᠷᠠᠯ᠄ ᠬᠡᠷᠡᠭ ᠪᠣᠯᠭᠠᠨ ᠳᠠᠩᠰᠠᠯᠠᠬᠤ — ᠪᠠᠶᠢᠴᠠᠭᠠᠵᠤ ᠭᠡᠷᠡᠴᠢ ᠠᠪᠬᠤ — ᠬᠢᠨᠠᠨ | ᠪᠠᠶᠢᠴᠠᠭᠠᠬᠤ — ᠮᠡᠳᠡᠭᠳᠡᠬᠦ — ᠲᠣᠭᠲᠠᠭᠠᠬᠤ — ᠬᠦᠷᠭᠡᠬᠦ — ᠭᠦᠢᠴᠡᠳᠬᠡᠬᠦ | 3.ᠲᠣᠭᠲᠠᠭᠠᠭᠰᠠᠨ ᠦᠨᠳᠦᠰᠦᠯᠡᠯ᠄ | ︵1︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠦᠢᠯᠡ ᠠᠵᠢᠯᠯᠠᠭ᠎ᠠ ᠶᠢ | ᠠᠬᠢᠭᠤᠯᠬᠤ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ︽ᠣᠯᠠᠨ ᠨᠡᠶᠢᠲᠡ ᠶᠢᠨ ᠣᠷᠴᠢᠨ ᠲᠣᠭᠤᠷᠢᠨ ᠢ | ᠬᠠᠶᠢᠷᠠᠯᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠪᠠᠲᠤᠯᠠᠨ᠂ ᠳᠣᠤᠷᠠᠬᠢ ᠦᠢᠯᠡ ᠠᠵᠢᠯᠯᠠᠭ᠎ᠠ ᠶᠢᠨ | ᠵᠢᠷᠤᠮᠵᠢᠯ ᠢ ᠵᠢᠷᠤᠮᠯᠠᠬᠤ ᠬᠡᠷᠡᠭᠲᠡᠶ᠄ ᠳᠤᠷ᠎ᠠ ᠪᠠᠷ ᠢᠶᠠᠨ ᠰᠢᠷᠲᠡᠬᠦ᠂ ᠳᠤᠷ᠎ᠠ ᠪᠠᠷ ᠢᠶᠠᠨ ᠪᠢᠴᠢᠵᠦ ᠳᠤᠷ᠎ᠠ ᠪᠠᠷ ᠢᠶᠠᠨ | ᠵᠢᠷᠤᠬᠤ᠂ ᠳᠤᠷ᠎ᠠ ᠪᠠᠷ ᠢᠶᠠᠨ ᠰᠡᠶᠢᠯᠵᠦ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ | ᠡᠯᠭᠦᠬᠦ ︔ ︾ | ︵2︶ ︽ᠤᠯᠠᠭᠠᠨᠬᠠᠳᠠ ᠬᠤᠲᠠ ᠶᠢᠨ ᠪᠤᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ︾ ᠤᠨ ᠠᠷᠪᠠᠨ | ᠭᠤᠷᠪᠠᠳᠤᠭᠠᠷ ᠵᠦᠢᠯ ᠤᠨ ︵ᠨᠢᠭᠡ︶ ᠳ᠋ᠦ᠋ᠭᠡᠷ ᠵᠤᠷᠪᠤᠰ ᠤᠨ ︽ᠣᠯᠠᠨ ᠨᠡᠶᠢᠲᠡ ᠶᠢᠨ ᠤᠷᠴᠢᠨ ᠲᠤᠭᠤᠷᠢᠨ ᠤ | ᠠᠷᠢᠭᠤᠨ ᠴᠡᠪᠡᠷ ᠢ ᠬᠠᠮᠠᠭᠠᠯᠠᠵᠤ᠂ ᠳᠣᠤᠷᠠᠬᠢ ᠦᠢᠯᠡ ᠠᠵᠢᠯᠯᠠᠭ᠎ᠠ ᠶᠢᠨ ᠵᠢᠷᠤᠮᠵᠢᠯ ᠢ ᠵᠢᠷᠤᠮᠯᠠᠬᠤ ᠬᠡᠷᠡᠭᠲᠡᠶ᠄ | ᠬᠤᠲᠠ ᠶᠢᠨ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠭᠠᠵᠠᠷ ᠰᠠᠢ ᠦᠭᠡᠢ ᠨᠤᠯᠮᠤᠵᠤ ᠲᠤᠷ᠎ᠠ ᠪᠠᠷ ᠢᠶᠠᠨ | ᠪᠣᠬᠢᠷ ᠤᠰᠤ ᠤᠨᠠᠭᠠᠬᠤ ᠦᠭᠡᠢ᠂ ᠳᠤᠷ᠎ᠠ ᠪᠠᠷ ᠵᠢᠷᠤᠵᠤ ᠡᠷᠢᠶᠠᠬᠤ ᠦᠭᠡᠢ᠂ ᠳᠤᠷ᠎ᠠ ᠪᠠᠷ ᠢᠶᠠᠨ ᠵᠠᠷ ᠮᠡᠳᠡᠭᠡ ᠨᠠᠭᠠᠬᠤ | ᠦᠭᠡᠢ᠂ ᠳᠤᠷ᠎ᠠ ᠪᠠᠷ ᠢᠶᠠᠨ ᠪᠤᠰᠤᠳ ᠤᠨ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠵᠠᠷ ᠮᠡᠳᠡᠭᠡᠨ ᠤ ᠬᠡᠪᠯᠡᠯ ᠤᠨ ᠪᠣᠳᠠᠰ | ᠲᠠᠯᠪᠢᠵᠤ ᠪᠣᠯᠬᠤ ᠦᠭᠡᠢ︔ ︾ | 4. ᠲᠣᠷᠭᠠᠬᠤ ᠦᠨᠳᠦᠰᠦᠯᠡᠯ᠄ | ︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠳᠦᠷᠢᠮ︾ ᠤᠨ ᠳᠥᠴᠢᠨ | ᠬᠤᠶᠠᠳᠤᠭᠠᠷ ᠵᠦᠢᠯ ᠤᠨ ︽ᠲᠤᠰ ᠳᠦᠷᠢᠮ ᠤᠨ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ | ᠲᠣᠭᠲᠠᠭᠠᠯ ᠢ ᠵᠥᠷᠢᠴᠡᠵᠦ᠂ ᠣᠯᠠᠨ ᠨᠡᠶᠢᠲᠡ ᠶᠢᠨ ᠣᠷᠣᠨ ᠪᠦᠰᠡ ᠳᠤ ᠳᠤᠷ᠎ᠠ ᠪᠠᠷ ᠢᠶᠠᠨ ᠵᠢᠷᠤᠵᠤ᠂ | ᠳᠤᠷ᠎ᠠ ᠪᠠᠷ ᠢᠶᠠᠨ ᠵᠢᠵᠢᠭ ᠵᠠᠷ ᠨᠠᠭᠠᠭᠰᠠᠨ ᠪᠣᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠦᠭᠡᠢ ᠪᠣᠯ ᠰᠡᠷᠡᠮᠵᠢ ᠥᠭᠬᠦ ᠶᠢᠨ ᠬᠠᠮᠲᠤ 100 | ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︾᠃ |