ᠣᠶᠢᠷ᠎ᠠ ᠶᠢᠨ ᠵᠢᠯ ᠤᠳ ᠲᠤ᠂ ᠰᠦᠩᠱᠠᠨ ᠲᠣᠭᠤᠷᠢᠭ ᠤᠨ ᠬᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠰᠤᠯᠠ ᠪᠠᠶᠢᠬᠤ | ᠣᠷᠣᠨ ᠵᠠᠶ ᠶᠢ ᠭᠦᠢᠴᠡᠳ ᠠᠰᠢᠭᠯᠠᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠴᠢᠳᠠᠮᠵᠢ ᠪᠠᠷ ᠪᠠᠶᠠᠯᠢᠭ | ᠂ ᠣᠨᠴᠠᠯᠢᠭ ᠢᠶᠠᠷ ᠢᠯᠡ ᠲᠣᠳᠣ ᠬᠠᠮᠠᠭᠠᠯᠠᠯᠲᠠ ᠶᠢᠨ ᠵᠦᠯᠭᠡ ᠭᠠᠵᠠᠷ᠂ ︽ ᠬᠠᠷᠮᠠᠨ ᠴᠡᠴᠡᠷᠯᠢᠭ︾ ᠢ ᠪᠥᠲᠥᠭᠡᠨ | ᠪᠠᠶᠢᠭᠤᠯᠵᠤ᠂ ᠬᠤᠲᠠ ᠶᠢᠨ ᠠᠮᠠᠷᠠᠯᠲᠠ ᠶᠢᠨ ᠴᠢᠳᠠᠮᠵᠢ ᠪᠠ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | 2023 ᠣᠨ ᠤ ︽ᠬᠤᠲᠠ ᠬᠥᠳᠡᠭᠡ ᠶᠢ ᠨᠢᠭᠡ ᠴᠤᠭᠴᠠᠵᠢᠭᠤᠯᠬᠤ︾ ᠲᠥᠷᠥᠯ ᠵᠦᠢᠯ ᠳᠤ᠂ ᠰᠦᠩᠱᠠᠨ | ᠲᠣᠭᠤᠷᠢᠭ ᠹᠧᠩ ᠽᠧ ᠶᠤᠸᠠᠨ ᠴᠡᠴᠡᠷᠯᠢᠭ ᠤᠨ ᠵᠦᠯᠭᠡ ᠭᠠᠵᠠᠷ ᠢ ᠬᠠᠮᠠᠭᠠᠯᠠᠬᠤ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠠᠮᠵᠢᠯᠲᠠᠲᠠᠶ ᠬᠡᠷᠡᠭᠵᠢᠭᠦᠯᠪᠡ᠃ ᠰᠦᠩᠱᠠᠨ ᠲᠣᠭᠤᠷᠢᠭ ᠤᠨ 2023 ᠣᠨ ᠤ ᠭᠤᠣᠯᠳᠠᠯᠭ᠎ᠠ ᠲᠠᠢ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠤᠭᠰᠠᠨ ᠤ ᠬᠤᠪᠢ ᠳᠤ᠂ ᠡᠨᠡᠬᠦ ᠰᠢᠨ᠎ᠡ ᠪᠠᠷ | ᠪᠠᠶᠢᠭᠤᠯᠤᠭᠰᠠᠨ ᠠᠭᠤᠵᠢᠮ ᠨᠣᠭᠤᠭᠠᠨ ᠣᠷᠣᠨ ᠨᠢ ᠬᠤᠳᠠ ᠶᠢᠨ ᠠᠷᠠᠳ ᠤᠨ ᠵᠤᠭ᠎ᠠ ᠴᠡᠩᠭᠡᠯ ᠤᠨ ᠬᠠᠯᠠᠮᠰᠢᠯ ᠭᠠᠵᠠᠷ | ᠪᠤᠯᠵᠤ᠂ ᠡᠭᠦᠨ ᠤ ᠳᠣᠲᠣᠷᠠᠬᠢ ᠰᠡᠯᠡᠭᠦᠴᠡᠯ ᠤᠨ ᠲᠠᠯᠠᠪᠠᠢ᠂ ᠦᠵᠡᠮᠵᠢ ᠶᠢᠨ ᠨᠣᠭᠤᠭᠠᠷᠠᠭᠤᠯᠤᠯᠲᠠ᠂ ᠲᠠᠮᠢᠷ ᠤᠨ | ᠬᠥᠳᠡᠯᠭᠡᠭᠡᠨ ᠤ ᠵᠠᠮ ᠪᠣᠯᠤᠨ ᠬᠡᠦᠬᠡᠳ ᠤᠨ ᠬᠥᠳᠡᠯᠭᠡᠭᠡᠨ ᠤ ᠲᠣᠭᠤᠷᠢᠭ ᠵᠡᠷᠭᠡ ᠨᠢ ᠰᠠᠭᠤᠭᠠᠯᠢ ᠠᠷᠠᠳ ᠤᠨ | ᠪᠠᠭ᠋ᠠᠷᠬᠠᠯ ᠢ ᠶᠡᠬᠡᠳᠡᠲ᠋ᠠᠲᠠᠪᠠ᠃ | ᠹᠧᠩ ᠽᠧ ᠶᠤᠸᠠᠨ ᠴᠡᠴᠡᠷᠯᠢᠭ ᠤᠨ ᠵᠦᠯᠭᠡ ᠭᠠᠵᠠᠷ ᠢ ᠬᠠᠮᠠᠭᠠᠯᠠᠬᠤ ᠲᠥᠷᠥᠯ ᠵᠦᠢᠯ 20000 ᠲᠡᠭᠰᠢ | ᠳᠥᠷᠪᠡᠯᠵᠢᠨ ᠮᠧᠲᠷ ᠭᠠᠵᠠᠷ ᠡᠵᠡᠯᠡᠵᠦ᠂ ᠶᠡᠷᠦᠩᠬᠡᠶ ᠪᠠᠯᠠ ᠣᠷᠣᠭᠤᠯᠤᠯᠲᠠ ᠶᠢᠨ ᠬᠡᠮᠵᠢᠶ᠎ᠡ ᠨᠢ ᠪᠠᠷᠤᠭ 1250 | ᠲᠦᠮᠡᠨ ᠲᠥᠭᠦᠷᠢᠭ ᠪᠣᠯᠤᠨ᠎ᠠ᠃ ᠡᠨᠡ ᠬᠦ ᠨᠠᠷᠢᠨ ᠨᠢᠮᠪᠠᠶ ᠪᠠᠶᠢᠭᠤᠯᠤᠭᠰᠠᠨ ᠵᠦᠯᠭᠡ ᠭᠠᠵᠠᠷ ᠨᠢ ᠬᠤᠲᠠ ᠶᠢᠨ | ᠣᠷᠴᠢᠨ ᠲᠣᠭᠤᠷᠢᠨ ᠢ ᠭᠤᠶᠣᠯᠠᠨ ᠴᠢᠮᠡᠭᠯᠡᠭᠰᠡᠨ ᠢᠶᠠᠷ ᠪᠠᠷᠠᠬᠤ ᠥᠬᠡᠶ᠂ ᠪᠠᠰᠠ ᠲᠠᠭᠤ ᠱᠤᠤᠭᠢᠶᠠᠨ ᠢ ᠲᠤᠰᠠᠭᠠᠷᠯᠠᠬᠤ᠂ | ᠠᠭᠠᠷ ᠢ ᠴᠡᠪᠡᠷᠰᠢᠭᠦᠯᠬᠦ᠂ ᠠᠮᠢ ᠠᠬᠤᠶ ᠶᠢ ᠬᠠᠮᠠᠭᠠᠯᠠᠬᠤ ᠵᠡᠷᠭᠡ ᠣᠯᠠᠨ ᠵᠦᠢᠯ ᠤᠨ ᠴᠢᠳᠠᠮᠵᠢ ᠶᠢ | ᠪᠦᠷᠢᠯᠳᠦᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠵᠦᠯᠭᠡ ᠭᠠᠵᠠᠷ ᠢ ᠪᠠᠶᠢᠭᠤᠯᠤᠭᠰᠠᠨ ᠨᠢ ᠪᠠᠰᠠ ᠬᠤᠲᠠ ᠶᠢᠨ | ᠪᠦᠬᠦᠯᠢ ᠴᠣᠭᠴᠠ ᠶᠢᠨ ᠨᠣᠭᠤᠭᠠᠷᠠᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠤᠲᠠ ᠶᠢᠨ ᠠᠮᠢ ᠠᠬᠤᠶ ᠶᠢᠨ | ᠲᠡᠩᠴᠡᠭᠦᠷᠢ ᠶᠢ ᠠᠬᠢᠭᠤᠯᠤᠨ᠂ ᠬᠤᠲᠠ ᠶᠢᠨ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠡᠷᠡᠭᠦᠯ ᠮᠡᠨᠳᠦ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ ᠶᠤᠮ᠃ | ᠣᠶᠢᠯᠠᠭᠠᠭᠰᠠᠨ ᠢᠶᠠᠷ᠂ ᠲᠣᠮᠣ ᠬᠡᠯᠪᠡᠷᠢ ᠶᠢᠨ ᠵᠦᠯᠭᠡ ᠭᠠᠵᠠᠷ ᠢ ᠪᠥᠲᠥᠭᠡᠨ ᠪᠠᠶᠢᠭᠤᠯᠬᠤ ᠠᠴᠠ ᠭᠠᠳᠠᠨ᠎ᠠ᠂ | ᠰᠦᠩᠱᠠᠨ ᠲᠣᠭᠤᠷᠢᠭ ᠡᠨᠡ ᠵᠢᠯ ᠪᠠᠰᠠ ᠵᠢᠦ ᠰᠢ ᠲᠠᠢ ᠰᠠᠭᠤᠭᠠᠯᠢ ᠲᠣᠭᠤᠷᠢᠭ ᠤᠨ ᠡᠮᠦᠨ᠎ᠡ ᠲᠠᠯ᠎ᠠ᠂ ᠯᠢ ᠱᠦᠶ | ᠭᠤᠤᠯ ᠤᠨ ᠬᠥᠪᠡᠭᠡᠨ ᠤ ᠵᠠᠬ᠎ᠠ ᠳᠡᠯᠭᠡᠭᠦᠷ ᠤᠨ ᠪᠠᠷᠠᠭᠤᠨ ᠲᠠᠯ᠎ᠠ ᠵᠡᠷᠭᠡ ᠭᠠᠵᠠᠷ ᠲᠤ ︽ᠬᠠᠷᠮᠠᠨ ᠴᠡᠴᠡᠷᠯᠢᠭ︾ | ᠪᠠᠶᠢᠭᠤᠯᠵᠤ᠂ ᠬᠤᠲᠠ ᠶᠢᠨ ᠠᠷᠠᠳ ᠤᠨ ᠪᠣᠬᠢᠷᠲᠤᠯ ᠥᠬᠡᠶ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠲᠥᠯᠥᠪᠯᠡᠵᠦ ᠪᠠᠶᠢᠨ᠎ᠠ᠃ ᠬᠠᠷᠮᠠᠨ ᠴᠡᠴᠡᠷᠯᠢᠭ ᠨᠢ ᠬᠤᠲᠠ ᠶᠢᠨ ᠪᠦᠲᠦᠴᠡ ᠳᠤ ᠲᠣᠯᠪᠣᠲᠤ ᠬᠡᠯᠪᠡᠷᠢ ᠪᠠᠷ ᠲᠠᠷᠬᠠᠵᠤ᠂ | ᠰᠠᠭᠤᠭᠠᠯᠢ ᠠᠷᠠᠳ ᠲᠤ ᠳᠥᠭᠦᠮ ᠳᠥᠲᠡ ᠵᠤᠭ᠎ᠠ ᠴᠡᠩᠭᠡᠯ ᠪᠠ ᠰᠣᠶᠣᠯ ᠤᠨ ᠦᠵᠡᠭᠦᠯᠦᠯᠭᠡ ᠶᠢᠨ ᠣᠷᠣᠨ ᠵᠠᠶ | ᠬᠠᠩᠭᠠᠬᠤ ᠪᠣᠯᠤᠨ᠎ᠠ᠃ |