2 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠵᠥᠩ ᠴᠢᠩ ᠰᠥᠩ 2024 ᠣᠨ ᠤ ᠲᠣᠭᠤᠷᠢᠭ ᠤᠨ ᠵᠠᠰᠠᠭ ᠤᠨ | ᠣᠷᠳᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ 2024 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠸᠠᠷ ᠫᠤᠤᠵᠢᠩ ᠤᠨ | ᠦᠳᠡᠰᠢᠯᠡᠭᠡ ᠶᠢ ᠪᠡᠯᠡᠳᠬᠡᠭᠰᠡᠨ ᠪᠠᠶᠢᠳᠠᠯ ᠢ ᠰᠣᠨᠣᠰᠤᠭᠰᠠᠨ ᠪᠥᠭᠡᠳ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ | ᠠᠵᠢᠯᠯᠠᠭᠠᠨ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠤ ᠰᠦᠩᠱᠠᠨ ᠲᠣᠭᠤᠷᠢᠭ ᠤᠨ ᠴᠠᠭᠠᠨ ᠰᠠᠷ᠎ᠠ ᠶᠢᠨ | ᠠᠷᠪᠠᠨ ᠲᠠᠪᠤᠨ ᠤ ᠪᠠᠶᠠᠷ ᠤᠨ ᠬᠤᠸᠠᠷ ᠫᠤᠤᠵᠢᠩ ᠤᠨ ᠦᠳᠡᠰᠢᠯᠡᠭᠡ ᠶᠢᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ᠂ ᠦᠳᠡᠰᠢᠯᠡᠭᠡ ᠶᠢᠨ ᠵᠢᠯᠣᠭᠤᠳᠬᠤ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ | ᠨᠢᠭᠡᠴᠡ ᠶᠢᠨ ᠬᠢᠨ ᠡᠯ᠎ᠡ ᠵᠦᠢᠯ ᠤᠨ ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠴᠢᠨᠠᠭᠰᠢᠳᠠ ᠨᠠᠶᠢᠳᠠᠪᠤᠷᠢᠵᠢᠭᠤᠯᠵᠤ᠂ ᠭᠤᠭᠴᠤᠭ᠎ᠠ ᠶᠢ ᠵᠣᠯᠭᠠᠭᠤᠯᠵᠤ᠂ ᠨᠠᠷᠢᠨ ᠵᠦᠢᠯᠡᠰ ᠢ ᠰᠢᠯᠢᠳᠡᠭᠵᠢᠭᠦᠯᠬᠦ ᠶᠢ | ᠴᠢᠬᠤᠯᠠᠴᠢᠯᠠᠵᠤ᠂ ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠮᠦᠨ ᠤ | ᠤᠷᠤᠰᠬᠠᠯ᠂ ᠲᠡᠷᠭᠡᠨ ᠤ ᠤᠷᠤᠰᠬᠠᠯ ᠢ ᠰᠠᠯᠭᠠᠨ ᠵᠠᠯᠠᠵᠤ ᠵᠢᠯᠣᠭᠤᠳᠤᠨ ᠬᠠᠮᠢᠶᠠᠷᠤᠨ ᠡᠵᠡᠮᠳᠡᠬᠦ ᠪᠠ ᠬᠥᠳᠡᠯᠦᠩᠭᠦᠢ ᠪᠠᠷ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠵᠠᠯᠠᠵᠤ ᠵᠢᠯᠣᠭᠤᠳᠬᠤ ᠵᠠᠮ ᠱᠤᠭᠤᠮ ᠢ | ᠤᠷᠢᠳᠴᠢᠯᠠᠨ ᠲᠥᠯᠥᠪᠯᠡᠵᠦ᠂ ᠤᠯᠠᠨ ᠲᠦᠮᠡᠨ ᠤ ᠡᠮᠬᠢ ᠵᠢᠷᠤᠮ ᠲᠠᠢ ᠪᠠᠷ ᠲᠣᠭᠤᠷᠢᠨ ᠦᠵᠡᠬᠦ᠂ ᠠᠮᠤᠷ | ᠲᠦᠪᠰᠢᠨ ᠢᠶᠠᠷ ᠨᠠᠭᠠᠰᠢ ᠴᠠᠭᠠᠰᠢ ᠶᠠᠪᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠠᠨ ᠲᠦᠮᠡᠨ ᠢ ᠬᠦᠳᠦᠯᠦᠨ | ᠵᠢᠯᠣᠭᠤᠳᠴᠤ ᠪᠠᠶᠢᠭᠠᠳ ᠤᠢᠢᠷ᠎ᠠ ᠭᠠᠵᠠᠷ ᠠᠴᠠ ᠦᠵᠡᠬᠦ ᠶᠢ ᠰᠣᠩᠭᠤᠬᠤ ᠶᠢᠨ ᠬᠠᠮᠲᠤ ᠥᠷᠭᠡᠨ ᠤᠯᠠᠨ ᠬᠤᠳᠠ ᠶᠢᠨ | ᠠᠷᠠᠳ ᠤᠨ ᠪᠣᠬᠢᠷᠲᠤᠯ ᠦᠭᠡᠢ ᠠᠶᠠᠯᠠᠯ ᠤᠨ ᠠᠷᠭ᠎ᠠ ᠬᠡᠯᠪᠡᠷᠢ ᠶᠢ ᠬᠡᠷᠡᠭᠯᠡᠬᠦ ᠶᠢ ᠰᠠᠨᠠᠭᠠᠴᠢᠯᠠᠵᠤ᠂ ᠵᠠᠮ | ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠵᠦ᠂ ᠰᠣᠨᠢᠷᠬᠠᠯ ᠤᠨ ᠣᠶᠢᠯᠠᠭᠠᠯᠲᠠ ᠶᠢ ᠳᠡᠭᠡᠭᠰᠢᠯᠡᠭᠦᠯᠬᠦ ᠬᠡᠷᠡᠭᠲᠡᠢ᠃ | ᠤᠯᠠᠨ ᠲᠦᠮᠡᠨ ᠳᠤ ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠣᠨᠴᠠᠭᠠᠶᠢᠯᠠᠨ ᠨᠠᠰᠤᠲᠠᠶᠢᠴᠤᠳ ᠪᠠ | ᠬᠡᠦᠬᠡᠳ ᠤᠨ ᠠᠮᠤᠷ ᠲᠦᠪᠰᠢᠨ ᠢ ᠠᠩᠬᠠᠷᠴᠤ᠂ ᠲᠥᠭᠡᠷᠢᠬᠦ ᠶᠢ ᠴᠢᠩᠭ᠎ᠠ ᠰᠡᠷᠭᠡᠶᠢᠯᠡᠵᠦ᠂ ᠥᠷᠭᠡᠨ ᠤᠯᠠᠨ ᠲᠦᠮᠡᠨ ᠢ | ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠥᠯᠵᠡᠶᠢᠲᠦ ᠡᠳᠦᠷ ᠢ ᠥᠩᠭᠡᠷᠡᠭᠦᠯᠬᠦ | ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭ᠎ᠠ | ᠠᠳᠬᠤᠵᠤ᠂ ᠢᠷᠡᠭᠡᠳᠦᠢ ᠶᠢᠨ ᠬᠥᠭᠵᠢᠯᠲᠡ ᠶᠢ ᠪᠣᠳᠣᠯᠬᠢᠯᠠᠵᠤ᠂ ᠬᠦᠷᠢᠶᠡᠯᠡᠩ ᠲᠣᠭᠤᠷᠢᠭ ᠤᠨ ᠴᠢᠳᠠᠪᠬᠢ ᠶᠢᠨ | ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠᠨ ᠴᠢᠨᠠᠭᠰᠢᠳᠠ | ᠳᠤᠬᠢᠷᠠᠭᠤᠯᠵᠤ᠂ ᠠᠷᠠᠯᠵᠢᠶᠠᠴᠢᠨ ᠤᠷᠢᠬᠤ ᠳᠦᠷᠦ ᠶᠢᠨ ᠪᠤᠳᠤᠯᠭ᠎ᠠ ᠪᠠᠨ ᠰᠢᠯᠢᠳᠡᠭᠵᠢᠭᠦᠯᠵᠦ᠂ ᠡᠯ᠎ᠡ ᠲᠠᠯ᠎ᠠ ᠶᠢᠨ | ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ | ᠴᠢᠩᠭᠠᠳᠬᠠᠵᠤ᠂ ᠠᠷᠠᠯᠵᠢᠶᠠᠴᠢᠨ ᠤᠷᠢᠬᠤ ᠶᠠᠰᠤ ᠴᠢᠨᠠᠷ ᠪᠣᠯᠤᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠢ | ᠃ ᠬᠤᠳᠠᠯᠳᠤᠭᠠᠴᠢᠨ ᠤᠷᠢᠬᠤ ᠪᠠ ᠬᠤᠳᠠᠯᠳᠤᠭ᠎ᠠ ᠡᠷᠬᠢᠯᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠪᠠᠶᠢᠬᠤ᠂ ᠭᠡᠷ᠎ᠡ ᠶᠢ ᠵᠢᠷᠤᠮᠯᠠᠨ | ᠠᠮᠠᠯᠠᠯᠲᠠ ᠪᠠᠨ ᠪᠡᠶᠡᠯᠡᠭᠦᠯᠬᠦ ᠰᠦᠩᠱᠠᠨ ᠤ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠨᠢᠭᠡᠳᠦᠭᠡᠷ ᠤᠯᠠᠷᠢᠯ ᠤᠨ | ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢᠨ ᠵᠢᠱᠢᠯᠲᠡ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ | ᠲᠤᠬᠢᠷᠠᠭᠤᠯᠤᠯᠳᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠲᠦᠷᠦᠯ ᠵᠦᠢᠯ ᠢ ᠨᠥᠭᠡᠴᠡᠯᠡᠬᠦ ᠶᠢ ᠦᠷᠭᠦᠯᠵᠢᠯᠡᠨ | ᠲᠥᠯᠥᠪᠵᠢᠭᠦᠯᠵᠦ᠂ ᠭᠠᠷ ᠭᠦᠢᠴᠡᠳᠬᠡᠯ ᠢ ᠬᠢᠨᠠᠨ ᠵᠥᠪᠰᠢᠶᠡᠷᠡᠵᠦ ᠭᠦᠢᠴᠡᠳᠬᠡᠬᠦ ᠬᠤᠷᠳᠤᠴᠠ ᠶᠢ ᠲᠦᠷᠭᠡᠳᠬᠡᠵᠦ᠂ | ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠬᠤᠢ᠂ ᠶᠠᠩ ᠸᠧᠨ ᠳ᠋ᠦᠩ᠂ ᠰᠢᠤᠢ ᠹᠸᠢ ᠶᠠᠨ᠂ ᠭᠦᠸᠧ | ᠮᠢᠩ ᠷᠦᠢ᠂ ᠯᠢ ᠰᠢᠶᠠᠨ ᠹᠦ᠋᠂ ᠴᠧᠨ ᠶᠠᠨ ᠶᠦᠩ᠂ ᠵᠤᠤ ᠱᠢ ᠴᠤᠤ ᠬᠤᠷᠠᠯ ᠳᠤ ᠣᠷᠣᠯᠴᠠᠪᠠ᠃ |