ᠵᠦᠩ ᠴᠢᠩ ᠰᠦᠩ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
     2 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠥᠩ ᠴᠢᠩ ᠰᠥᠩ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 2024 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠸᠠᠷ ᠫᠤᠤᠵᠢᠩ ᠤᠨ ᠦᠳᠡᠰᠢᠯᠡᠭᠡ ᠶᠢ ᠪᠡᠯᠡᠳᠬᠡᠭᠰᠡᠨ ᠪᠠᠶᠢᠳᠠᠯ ᠢ ᠰᠣᠨᠣᠰᠤᠭᠰᠠᠨ ᠪᠥᠭᠡᠳ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠤ ᠰᠦᠩᠱᠠᠨ ᠲᠣᠭᠤᠷᠢᠭ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠸᠠᠷ ᠫᠤᠤᠵᠢᠩ ᠤᠨ ᠦᠳᠡᠰᠢᠯᠡᠭᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠦᠳᠡᠰᠢᠯᠡᠭᠡ ᠶᠢᠨ ᠵᠢᠯᠣᠭᠤᠳᠬᠤ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠡᠯ᠎ᠡ ᠵᠦᠢᠯ ᠤᠨ ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠢᠨᠠᠭᠰᠢᠳᠠ ᠨᠠᠶᠢᠳᠠᠪᠤᠷᠢᠵᠢᠭᠤᠯᠵᠤ᠂ ᠭᠤᠭᠴᠤᠭ᠎ᠠ ᠶᠢ ᠵᠣᠯᠭᠠᠭᠤᠯᠵᠤ᠂ ᠨᠠᠷᠢᠨ ᠵᠦᠢᠯᠡᠰ ᠢ ᠰᠢᠯᠢᠳᠡᠭᠵᠢᠭᠦᠯᠬᠦ ᠶᠢ ᠴᠢᠬᠤᠯᠠᠴᠢᠯᠠᠵᠤ᠂ ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠮᠦᠨ ᠤ ᠤᠷᠤᠰᠬᠠᠯ᠂ ᠲᠡᠷᠭᠡᠨ ᠤ ᠤᠷᠤᠰᠬᠠᠯ ᠢ ᠰᠠᠯᠭᠠᠨ ᠵᠠᠯᠠᠵᠤ ᠵᠢᠯᠣᠭᠤᠳᠤᠨ ᠬᠠᠮᠢᠶᠠᠷᠤᠨ ᠡᠵᠡᠮᠳᠡᠬᠦ ᠪᠠ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠵᠠᠯᠠᠵᠤ ᠵᠢᠯᠣᠭᠤᠳᠬᠤ ᠵᠠᠮ ᠱᠤᠭᠤᠮ ᠢ ᠤᠷᠢᠳᠴᠢᠯᠠᠨ ᠲᠥᠯᠥᠪᠯᠡᠵᠦ᠂ ᠤᠯᠠᠨ ᠲᠦᠮᠡᠨ ᠤ ᠡᠮᠬᠢ ᠵᠢᠷᠤᠮ ᠲᠠᠢ ᠪᠠᠷ ᠲᠣᠭᠤᠷᠢᠨ ᠦᠵᠡᠬᠦ᠂ ᠠᠮᠤᠷ ᠲᠦᠪᠰᠢᠨ ᠢᠶᠠᠷ ᠨᠠᠭᠠᠰᠢ ᠴᠠᠭᠠᠰᠢ ᠶᠠᠪᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠤᠢᠢᠷ᠎ᠠ ᠭᠠᠵᠠᠷ ᠠᠴᠠ ᠦᠵᠡᠬᠦ ᠶᠢ ᠰᠣᠩᠭᠤᠬᠤ ᠶᠢᠨ ᠬᠠᠮᠲᠤ ᠥᠷᠭᠡᠨ ᠤᠯᠠᠨ ᠬᠤᠳᠠ ᠶᠢᠨ ᠠᠷᠠᠳ ᠤᠨ ᠪᠣᠬᠢᠷᠲᠤᠯ ᠦᠭᠡᠢ ᠠᠶᠠᠯᠠᠯ ᠤᠨ ᠠᠷᠭ᠎ᠠ ᠬᠡᠯᠪᠡᠷᠢ ᠶᠢ ᠬᠡᠷᠡᠭᠯᠡᠬᠦ ᠶᠢ ᠰᠠᠨᠠᠭᠠᠴᠢᠯᠠᠵᠤ᠂ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠵᠦ᠂ ᠰᠣᠨᠢᠷᠬᠠᠯ ᠤᠨ ᠣᠶᠢᠯᠠᠭᠠᠯᠲᠠ ᠶᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠳᠤ ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠣᠨᠴᠠᠭᠠᠶᠢᠯᠠᠨ ᠨᠠᠰᠤᠲᠠᠶᠢᠴᠤᠳ ᠪᠠ ᠬᠡᠦᠬᠡᠳ ᠤᠨ ᠠᠮᠤᠷ ᠲᠦᠪᠰᠢᠨ ᠢ ᠠᠩᠬᠠᠷᠴᠤ᠂ ᠲᠥᠭᠡᠷᠢᠬᠦ ᠶᠢ ᠴᠢᠩᠭ᠎ᠠ ᠰᠡᠷᠭᠡᠶᠢᠯᠡᠵᠦ᠂ ᠥᠷᠭᠡᠨ ᠤᠯᠠᠨ ᠲᠦᠮᠡᠨ ᠢ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠥᠯᠵᠡᠶᠢᠲᠦ ᠡᠳᠦᠷ ᠢ ᠥᠩᠭᠡᠷᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭ᠎ᠠ ᠠᠳᠬᠤᠵᠤ᠂ ᠢᠷᠡᠭᠡᠳᠦᠢ ᠶᠢᠨ ᠬᠥᠭᠵᠢᠯᠲᠡ ᠶᠢ ᠪᠣᠳᠣᠯᠬᠢᠯᠠᠵᠤ᠂ ᠬᠦᠷᠢᠶᠡᠯᠡᠩ ᠲᠣᠭᠤᠷᠢᠭ ᠤᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠᠨ ᠴᠢᠨᠠᠭᠰᠢᠳᠠ ᠳᠤᠬᠢᠷᠠᠭᠤᠯᠵᠤ᠂ ᠠᠷᠠᠯᠵᠢᠶᠠᠴᠢᠨ ᠤᠷᠢᠬᠤ ᠳᠦᠷᠦ ᠶᠢᠨ ᠪᠤᠳᠤᠯᠭ᠎ᠠ ᠪᠠᠨ ᠰᠢᠯᠢᠳᠡᠭᠵᠢᠭᠦᠯᠵᠦ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠠᠷᠠᠯᠵᠢᠶᠠᠴᠢᠨ ᠤᠷᠢᠬᠤ ᠶᠠᠰᠤ ᠴᠢᠨᠠᠷ ᠪᠣᠯᠤᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠢ ᠃ ᠬᠤᠳᠠᠯᠳᠤᠭᠠᠴᠢᠨ ᠤᠷᠢᠬᠤ ᠪᠠ ᠬᠤᠳᠠᠯᠳᠤᠭ᠎ᠠ ᠡᠷᠬᠢᠯᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠪᠠᠶᠢᠬᠤ᠂ ᠭᠡᠷ᠎ᠡ ᠶᠢ ᠵᠢᠷᠤᠮᠯᠠᠨ ᠠᠮᠠᠯᠠᠯᠲᠠ ᠪᠠᠨ ᠪᠡᠶᠡᠯᠡᠭᠦᠯᠬᠦ ᠰᠦᠩᠱᠠᠨ ᠤ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠲᠦᠷᠦᠯ ᠵᠦᠢᠯ ᠢ ᠨᠥᠭᠡᠴᠡᠯᠡᠬᠦ ᠶᠢ ᠦᠷᠭᠦᠯᠵᠢᠯᠡᠨ ᠲᠥᠯᠥᠪᠵᠢᠭᠦᠯᠵᠦ᠂ ᠭᠠᠷ ᠭᠦᠢᠴᠡᠳᠬᠡᠯ ᠢ ᠬᠢᠨᠠᠨ ᠵᠥᠪᠰᠢᠶᠡᠷᠡᠵᠦ ᠭᠦᠢᠴᠡᠳᠬᠡᠬᠦ ᠬᠤᠷᠳᠤᠴᠠ ᠶᠢ ᠲᠦᠷᠭᠡᠳᠬᠡᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠬᠤᠢ᠂ ᠶᠠᠩ ᠸᠧᠨ ᠳ᠋ᠦᠩ᠂ ᠰᠢᠤᠢ ᠹᠸᠢ ᠶᠠᠨ᠂ ᠭᠦᠸᠧ ᠮᠢᠩ ᠷᠦᠢ᠂ ᠯᠢ ᠰᠢᠶᠠᠨ ᠹᠦ᠋᠂ ᠴᠧᠨ ᠶᠠᠨ ᠶᠦᠩ᠂ ᠵᠤᠤ ᠱᠢ ᠴᠤᠤ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号