ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/2/6
     2 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠯᠠᠭᠠᠨᠬᠠᠳᠠ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠦᠪ ᠲᠤ ᠡᠬᠢᠯᠡᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠵᠢᠶᠠᠩ ᠼᠦᠩ᠂ ᠸᠠᠩ ᠱᠦᠨ᠂ ᠵᠦᠩ ᠴᠢᠩ ᠰᠦᠩ᠂ ᠵᠤᠤ ᠶᠠ ᠳ᠋ᠦᠩ᠂ ᠯᠢ ᠵᠠᠨ ᠶᠦᠩ᠂ ᠶᠤᠸᠠᠨ ᠴᠦᠨ ᠯᠢ᠂ ᠰᠦᠨ ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠢ ᠬᠤᠤ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠨᠡᠶᠢᠲᠡ 259 ᠲᠥᠯᠥᠭᠡᠯᠡᠭᠴᠢ ᠪᠠᠶᠢᠵᠤ᠂ ᠲᠣᠰ ᠤᠳᠠᠭᠠᠨ ᠤ ᠬᠤᠷᠠᠯ ᠳᠤ 221 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠦᠳᠡ ᠶᠢᠨ ᠡᠮᠦᠨᠡᠬᠢ 9 ᠴᠠᠭ ᠲᠤ᠂ ᠸᠠᠩ ᠱᠦᠨ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃      ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃      ᠵᠥᠩ ᠴᠢᠩ ᠰᠥᠩ ᠬᠡᠯᠡᠭᠰᠡᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠠᠷᠢᠨ ᠪᠤᠳᠤᠯᠢᠶᠠᠨᠲᠠᠶ ᠬᠤᠷᠸ᠎ᠠ ᠠᠵᠤ ᠠᠬᠤᠶ ᠶᠢᠨ ᠪᠠᠶᠢᠳᠠᠯ ᠪᠣᠯᠤᠨ ᠬᠦᠨᠳᠦ ᠨᠦᠰᠡᠷ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠬᠥᠭᠵᠢᠯᠲᠡ ᠶᠢᠨ ᠰᠠᠭᠤᠷᠢ ᠶᠢ ᠪᠠᠲᠤ ᠪᠠᠬᠢ ᠴᠣᠭᠴᠠᠯᠠᠵᠤ᠂ ᠡᠯ᠎ᠡ ᠵᠦᠢᠯ ᠤᠨ ᠠᠵᠢᠯ ᠢᠶᠠᠨ ᠨᠡᠯᠢᠶᠡᠳ ᠰᠠᠶᠢᠨ ᠪᠡᠶᠡᠯᠡᠭᠦᠯᠪᠡ᠃ ᠭᠠᠵᠠᠷ ᠣᠷᠣᠨ ᠤ  ᠦᠢᠯᠡᠳᠪᠦᠷᠢᠯᠡᠯ ᠤᠨ ᠪᠥᠬᠦ ᠥᠷᠲᠡᠭ ᠢ 313.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 14.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 88.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 121.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 43592 ᠲᠥᠭᠦᠷᠢᠭ ᠪᠠ 23019 ᠲᠥᠭᠦᠷᠢᠭ ᠲᠤ ᠬᠥᠷᠪᠡ᠃ ᠵᠦᠩ ᠴᠢᠩ ᠰᠦᠩ ᠵᠢᠷᠭᠤᠭᠠᠨ ᠲᠠᠯ᠎ᠠ ᠠᠴᠠ 2023 ᠣᠨ ᠤ ᠠᠵᠢᠯ ᠢ ᠡᠷᠭᠢᠴᠡᠭᠦᠯᠪᠡ᠂ ᠨᠢᠭᠡ ᠳᠤ᠂ ᠠᠵᠤ ᠦᠢᠯᠡᠰ ᠤᠨ ᠬᠥᠭᠵᠢᠯᠲᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ︔ ᠬᠤᠶᠠᠷ ᠲᠤ ᠬᠥᠭᠵᠢᠯᠲᠡ ᠶᠢᠨ ᠴᠢᠳᠠᠪᠤᠷᠢ ᠶᠢᠨ ᠳᠡᠰ ᠢ ᠲᠦᠷᠭᠡᠨ ᠪᠥᠭᠡᠳ ᠲᠣᠭᠲᠠᠭᠤᠨ ᠢᠶᠠᠷ ᠳᠡᠭᠡᠭᠰᠢᠯᠡᠭᠦᠯᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠶ ᠴᠢᠩᠭᠠᠷᠠᠭᠤᠯᠪᠠ︔ ᠭᠤᠷᠪᠠ ᠳᠤ ᠬᠥᠮᠦᠨ ᠢᠶᠠᠷ ᠦᠨᠳᠦᠰᠦ ᠪᠣᠯᠭᠠᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠴᠢᠨᠠᠷ ᠴᠢᠨᠰᠠᠭ᠎ᠠ ᠶᠢ ᠨᠠᠷᠢᠯᠢᠭ ᠰᠠᠶᠢᠬᠠᠨ ᠪᠤᠯᠭᠠᠪᠠ︔ ᠲᠦᠷᠪᠡ ᠳᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠡᠯᠪᠡᠭ ᠳᠡᠯᠪᠡᠭ ᠪᠣᠯᠪᠠ︔ ᠲᠠᠪᠤ ᠳᠤ᠂ ᠬᠥᠭᠵᠢᠯᠲᠡ ᠪᠣᠯᠤᠨ ᠠᠮᠤᠷ ᠲᠦᠪᠰᠢᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠢᠮᠠᠭᠲᠠ ᠨᠢᠭᠡᠳᠦᠯᠲᠡᠢ ᠲᠦᠯᠦᠪᠵᠢᠭᠦᠯᠪᠡ︔ ᠵᠢᠷᠭᠤᠭ᠎ᠠ ᠳᠤ ᠠᠵᠢᠯ ᠤᠨ ᠰᠤᠷᠲᠠᠯ ᠢ ᠰᠠᠶᠢᠵᠢᠷᠠᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯᠯᠠᠭᠠᠨ ᠪᠣᠳᠠᠲᠠᠶ ᠶᠢ ᠡᠷᠬᠢᠮᠯᠡᠨ ᠦᠨᠳᠦᠷ ᠪᠦᠲᠦᠮᠵᠢ ᠣᠯᠪᠠ᠃      ᠵᠥᠩ ᠴᠢᠩ ᠰᠥᠩ ᠵᠢᠭᠠᠵᠤ ᠭᠠᠷᠭᠠᠭᠰᠠᠨ ᠨᠢ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠳᠪᠦᠷᠢ ᠶᠢ ᠬᠥᠭᠵᠢᠭᠦᠯᠦᠨ  ᠮᠠᠨᠳᠤᠭᠤᠯᠵᠤ᠂ ᠲᠠᠷᠢᠶᠠᠯᠠᠩ ᠮᠠᠯ ᠠᠵᠤ ᠠᠬᠤᠶ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠢ ᠭᠦᠢᠴᠡᠳ ᠬᠥᠭᠵᠢᠭᠦᠯᠬᠦ ᠶᠢ ᠠᠬᠢᠭᠤᠯᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠠᠷᠠᠳ ᠤᠨ ᠠᠮᠢᠳᠤᠷᠠᠯ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠦᠷᠭᠦᠯᠵᠢᠯᠡᠨ ᠪᠣᠭᠤᠮᠲᠠ ᠰᠢᠪᠲᠤᠯᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠭ᠎ᠠ ᠵᠠᠮ ᠢ ᠰᠦᠪᠡᠭᠴᠢᠯᠡᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠲᠤᠭᠤᠷᠢᠭ ᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃      ᠵᠦᠩ ᠴᠢᠩ ᠰᠦᠩ ᠮᠡᠳᠡᠭᠦᠯᠦᠯᠲᠡ ᠳᠡᠭᠡᠨ ᠵᠢᠭᠤᠵᠤ ᠭᠠᠷᠭᠠᠭᠰᠠᠨ ᠨᠢ᠂ 2024 ᠣᠨ ᠤ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9% ᠣᠷᠴᠢᠮ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 30% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.5% ᠪᠠ 8% ᠣᠷᠴᠢᠮ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠵᠦᠩ ᠴᠢᠩ ᠰᠦᠩ ᠴᠢᠬᠤᠴᠢᠯᠠᠭᠰᠠᠨ ᠨᠢ᠂ ᠡᠨᠡ ᠵᠢᠯ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠪᠤᠶᠢᠵᠢᠭᠤᠯᠤᠨ᠎ᠠ︔ ᠬᠤᠶᠠᠷ ᠲᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠦᠢᠯᠡᠳᠪᠦᠷᠢ ᠶᠢᠨ ᠠᠵᠤ ᠠᠬᠤᠢ ᠶᠢ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦᠷ ᠢ ᠴᠣᠭᠴᠠᠯᠠᠨ᠎ᠠ︔ ᠭᠤᠷᠪᠠ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠠᠭᠤᠳᠠᠰᠤ ᠶᠢ ᠵᠢᠷᠤᠭᠯᠠᠨ᠎ᠠ︔ ᠲᠦᠷᠪᠡ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠭᠤᠷᠪᠠᠳᠤᠭᠠᠷ ᠠᠵᠤ ᠦᠢᠯᠡᠰ ᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠤᠨ᠎ᠠ︔ ᠲᠠᠪᠤ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠮᠢ ᠠᠬᠤᠢ ᠶᠢᠨ ᠪᠣᠯᠪᠠᠰᠤᠨ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ︔ ᠵᠢᠷᠭᠤᠭ᠎ᠠ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ︔ ᠲᠤᠯᠤᠭ᠎ᠠ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ︔ ᠨᠠᠢᠮᠠ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃      ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠵᠥᠩ ᠴᠢᠩ ᠰᠥᠩ ᠴᠢᠬᠤᠯᠠᠴᠢᠯᠠᠬᠤ ᠳᠠᠭᠠᠨ᠂ ᠬᠠᠷᠢᠴᠠᠯᠠᠰᠢᠭᠦᠶ ᠦᠨᠡᠨᠴᠢ ᠰᠢᠳᠤᠷᠭᠤ ᠪᠠᠶᠢᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠪᠣᠳᠠᠲᠠᠶ ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠠᠷᠢᠭᠤᠨ ᠴᠢᠬᠡᠴᠢ ᠪᠠᠷ ᠵᠠᠰᠠᠭ ᠤᠨ ᠠᠵᠢᠯ ᠬᠢᠬᠦ ᠶᠢ ᠡᠷᠡᠰ ᠪᠡᠶᠡᠯᠡᠭᠦᠯᠦᠨ᠎ᠡ᠃      ᠵᠦᠩ ᠴᠢᠩ ᠰᠦᠩ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠯᠬᠦᠮᠳᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠠᠶᠢᠲᠤᠷ ᠬᠢᠵᠦ ᠰᠠᠶᠢᠲᠤᠷ ᠪᠦᠲᠦᠭᠡᠵᠦ᠂ ᠣᠳᠣᠬᠢᠴᠢᠯᠠᠭᠰᠠᠨ ᠰᠢᠨ᠎ᠡ ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠴᠧᠨ ᠯᠢ ᠮᠢᠨ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃      ᠰᠦᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠸᠠᠩ ᠯᠢ ᠭᠦᠸᠧ ᠰᠦᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃      ᠬᠤᠷᠠᠯ ᠠᠴᠠ ᠰᠦᠩᠱᠠᠨ ᠲᠣᠭᠤᠷᠢᠭ ᠤᠨ 2023 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠤᠨ 2024 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ ᠰᠦᠩᠱᠠᠨ ᠲᠣᠭᠤᠷᠢᠭ ᠤᠨ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2024 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ︔ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号