ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠡ ᠴᠢᠳᠠᠪᠤᠷᠢ
ᠨᠡᠶᠢᠲᠡᠯᠡᠭᠰᠡᠨ ᠴᠠᠭ᠄
2024/3/12
    ᠪᠠᠶᠢᠭᠤᠯᠤᠮᠵᠢ ᠶᠢᠨ ᠡᠷᠬᠡ ᠴᠢᠳᠠᠪᠤᠷᠢ     ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠪᠣᠯ ᠲᠣᠭᠤᠷᠢᠭ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠬᠡᠷᠡᠭ ᠡᠷᠬᠢᠯᠡᠬᠦ ᠪᠠᠶᠢᠭᠤᠯᠤᠮᠵᠢ ᠪᠣᠯᠤᠨ᠎ᠠ᠃     ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠰᠠᠨᠠᠭᠤᠯᠭ᠎ᠠ ᠭᠠᠷᠭᠠᠨ᠎ᠠ᠃     ︵ᠬᠤᠶᠠᠷ︶ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ  ᠢ ᠤᠢᠢᠯᠠᠭᠠᠨ ᠡᠵᠡᠮᠰᠢᠵᠦ᠂ ᠲᠣᠭᠤᠷᠢᠭ ᠤᠨ ᠵᠠᠰᠠᠭ ᠤᠨ ᠣᠷᠳᠣᠨ ᠬᠢᠭᠡᠳ ᠬᠠᠷᠢᠶ᠎ᠠ ᠪᠥᠬᠦᠢ ᠡᠯ᠎ᠡ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠭᠤᠷᠣᠨᠳᠣᠬᠢ ᠳᠡᠭᠡᠳᠦ ᠲᠤᠤᠷᠠᠳᠤ ᠱᠠᠳᠤ ᠯᠤᠭ᠎ᠠ ᠶᠢᠨ ᠬᠠᠷᠢᠯᠴᠠᠭ᠎ᠠ ᠶᠢ ᠨᠡᠪᠲᠡᠷᠡᠭᠦᠯᠵᠦ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠵᠢᠯ ᠢ ᠬᠠᠪᠰᠤᠷᠴᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠠᠮᠲᠤᠪᠠᠷ ᠦᠢᠯᠡᠴᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃     ︵ᠭᠤᠷᠪᠠ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ᠂ ᠠᠵᠢᠯ ᠤᠨ ᠳ᠋ᠦᠩᠨᠡᠯᠲᠡ᠂ ᠬᠤᠷᠠᠯ ᠤᠨ ᠶᠠᠷᠢᠶ᠎ᠠ᠂ ᠠᠵᠢᠯ ᠤᠨ ᠢᠯᠡᠳᠬᠡᠯ ᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠲᠠᠷᠬᠠᠭᠠᠭᠰᠠᠨ ᠪᠢᠴᠢᠭ ᠮᠠᠲ᠋ᠧᠷᠢᠶᠠᠯ ᠪᠣᠯᠤᠨ ᠬᠤᠯᠪᠣᠭᠳᠠᠯ ᠪᠥᠬᠦᠶ ᠮᠠᠲ᠋ᠧᠷᠢᠶᠠᠯ ᠢ ᠲᠤᠭᠤᠷᠪᠢᠬᠤ ᠪᠤᠶᠤ ᠬᠢᠨᠠᠨ ᠬᠠᠷᠭᠤᠭᠤᠯᠵᠤ᠂ ᠳᠡᠭᠡᠳᠦ ᠱᠠᠲᠤᠨ ᠤ ᠪᠠᠭᠤᠯᠭᠠᠭᠰᠠᠨ ᠪᠠ ᠳᠣᠤᠷᠠᠳᠤ ᠱᠠᠲᠤᠨ ᠤ ᠳᠡᠭᠡᠭᠰᠢ ᠮᠡᠳᠡᠭᠦᠯᠦᠭᠰᠡᠨ ᠡᠯ᠎ᠡ ᠲᠥᠷᠥᠯ ᠤᠨ ᠠᠯᠪᠠᠨ ᠪᠢᠴᠢᠭ ᠢ ᠰᠢᠢᠳᠪᠦᠷᠢᠯᠡᠨ᠎ᠡ᠃     ︵ᠲᠥᠷᠪᠡ︶ ᠲᠣᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠢᠭᠡᠳ ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠬᠤᠷᠠᠯᠳᠤᠭᠤᠯᠤᠭᠰᠠᠨ ᠡᠯ᠎ᠡ ᠵᠦᠢᠯ ᠤᠨ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠵᠤ᠂ ᠬᠤᠷᠠᠯ ᠤᠨ ᠲᠣᠪᠴᠢ ᠶᠢ ᠡᠮᠬᠢᠳᠬᠡᠨ᠎ᠡ᠃     ︵ᠲᠠᠪᠤ︶ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠳᠠᠮᠵᠢᠭᠤᠯᠬᠤ ᠠᠵᠢᠯ ᠢ ᠬᠠᠷᠢᠭᠤᠴᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠪᠠ ᠲᠣᠭᠤᠷᠢᠭ ᠤᠨ ᠤᠳᠤᠷᠢᠳᠤᠯᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠨ ᠵᠠᠳᠠᠯᠵᠤ᠂ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃     ︵ᠵᠢᠷᠭᠤᠭ᠎ᠠ︶ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠪᠥᠬᠦ ᠲᠠᠯ᠎ᠠ ᠶᠢᠨ ᠠᠵᠢᠯ ᠤᠨ ᠬᠠᠷᠠᠯᠲᠠ ᠶᠢ ᠲᠣᠭᠲᠠᠭᠠᠬᠤ᠂ ᠬᠢᠨᠠᠬᠤ᠂ ᠬᠤᠷᠢᠶᠠᠩᠭᠤᠶᠢᠯᠠᠬᠤ᠂ ᠬᠡᠷᠡᠭᠵᠢᠭᠦᠯᠬᠦ ᠪᠠ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠪᠠ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠥᠷᠥ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠪᠢᠴᠢᠭ ᠮᠠᠲ᠋ᠧᠷᠢᠶᠠᠯ᠂ ᠲᠣᠭᠲᠠᠭᠠᠭᠰᠠᠨ ᠵᠦᠢᠯᠡᠰ᠂ ᠤᠳᠤᠷᠢᠳᠤᠯᠭ᠎ᠠ ᠶᠢᠨ ᠴᠣᠬᠤᠯᠠᠪᠤᠷᠢ ᠶᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃     ︵ᠲᠤᠯᠤᠭ᠎ᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠢᠪᠠᠳᠠᠨ ᠪᠠᠶᠢᠴᠠᠭᠠᠨ᠎ᠠ᠃     ︵ᠨᠠᠢᠮᠠ︶ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠭᠰᠠᠨ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠲᠤᠬᠢᠷᠠᠭᠤᠯᠤᠯᠳᠠ ᠶᠢ ᠬᠠᠷᠢᠭᠤᠴᠠᠵᠤ᠂ ᠬᠤᠳᠠ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠪᠥᠬᠦ ᠲᠣᠭᠤᠷᠢᠭ ᠤᠨ ᠴᠢᠨᠠᠷᠲᠠᠶ ᠲᠤᠮᠤ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃     ︵ᠶᠢᠰᠦ︶ ᠲᠣᠭᠤᠷᠢᠭ ᠤᠨ ᠳᠠᠷᠤᠭ᠎ᠠ ᠶᠢᠨ ᠢᠯᠡ ᠤᠲᠠᠰᠤ ᠶᠢ ᠭᠥᠯᠢᠶᠡᠨ ᠠᠪᠴᠤ ᠰᠣᠨᠣᠰᠬᠤ ᠶᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃     ︵ᠠᠷᠪᠠ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号