ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ
ᠨᠡᠶᠢᠲᠡᠯᠡᠭᠰᠡᠨ ᠴᠠᠭ᠄
2024/3/13
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ          258 ᠳ᠋ᠤᠭᠠᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ︾ ᠶᠢ 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃          ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ          2022 ᠣᠨ ᠤ 12 ᠳ᠋ᠤᠭᠠᠷ ᠰᠠᠷ᠎ᠠ ᠶᠢᠨ 28 ᠤ ᠡᠳᠦᠷ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ          ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠦᠢᠯᠡ ᠠᠵᠢᠯᠯᠠᠭ᠎ᠠ ᠶᠢ ᠵᠠᠰᠠᠵᠤ᠂ ᠵᠠᠰᠠᠮᠠᠯ ᠵᠠᠮ ᠤᠨ ᠠᠮᠤᠷ ᠲᠦᠪᠰᠢᠨ᠂ ᠬᠡᠪ ᠢᠶᠠᠷ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃      ᠲᠤᠰ ᠠᠷᠭ᠎ᠠ ᠳᠤ ᠬᠡᠯᠡᠵᠦ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠭᠡᠳᠡᠭ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠪᠠᠷᠠᠭᠠᠨ ᠤ ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ ᠶᠡᠷᠦᠩᠬᠡᠢ ᠮᠠᠰ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠬᠡᠲᠦᠷᠡᠭᠰᠡᠨ ᠪᠤᠶᠤ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ ᠤᠨ ᠵᠠᠮ ᠬᠠᠷᠢᠯᠴᠠᠭᠠᠨ ᠤ ᠲᠡᠮᠳᠡᠭ ᠲᠤ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ᠂ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠳᠤ ᠶᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠰᠡᠨ ᠢ ᠵᠢᠭᠠᠵᠤ ᠪᠤᠢ       ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠳᠤ ᠵᠠᠰᠠᠭ ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠦᠡᠭᠭᠡᠨ ᠲᠠᠯ᠎ᠠ ᠪᠠ ᠤᠭ ᠦᠨᠳᠦᠰᠦ ᠶᠢ ᠨᠢ ᠵᠡᠷᠭᠡ ᠪᠠᠷ ᠵᠠᠰᠠᠬᠤ᠂ ᠤᠷᠳᠤ ᠬᠤᠭᠤᠴᠠᠭ᠎ᠠ ᠪᠠᠷ ᠦᠷ᠎ᠡ ᠪᠦᠲᠦᠮᠵᠢᠲᠡᠢ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃      ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠤᠳᠤᠷᠢᠳᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠪᠠ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠣᠨ ᠤ ᠠᠵᠢᠯ ᠤᠨ ᠬᠠᠷᠠᠯᠲᠠ ᠶᠢᠨ ᠰᠢᠯᠭᠠᠨ ᠬᠢᠨᠠᠯᠲᠠ ᠳᠤ ᠪᠠᠨ ᠣᠷᠣᠭᠤᠯᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠬᠤ ᠬᠡᠷᠡᠭᠲᠡᠢ       ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢᠶᠠᠨ ᠬᠠᠷᠢᠭᠤᠴᠠᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃      ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠥᠷᠨᠢᠭᠦᠯᠬᠦ ᠶᠢ ᠨᠢ ᠳᠡᠮᠵᠢᠬᠦ ᠪᠠ ᠲᠡᠭᠦᠨ ᠳᠤ ᠬᠠᠮᠵᠢᠬᠤ ᠬᠡᠷᠡᠭᠲᠡᠢ᠃      ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠮᠡᠳᠡᠭᠡ ᠵᠠᠩᠭᠢᠵᠢᠭᠤᠯᠬᠤ᠂ ᠣᠶᠤᠨᠴᠢᠯᠠᠬᠤ ᠪᠠᠶᠢᠭᠤᠯᠤᠯᠲᠠ ᠪᠠᠨ ᠴᠢᠩᠭᠠᠳᠬᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠵᠡᠷᠭᠡ ᠶᠢ ᠮᠡᠳᠡᠭᠡ ᠵᠠᠩᠭᠢ ᠬᠠᠮᠲᠤ ᠳᠤ ᠪᠠᠨ ᠬᠦᠷᠲᠡᠬᠦ ᠲᠠᠪᠴᠠᠩ ᠳᠤ ᠪᠠᠨ ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃      ᠳᠣᠯᠣᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠨᠢ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃      ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠨᠢ ᠤᠯᠤᠰ ᠠᠴᠠ ᠲᠣᠭᠲᠠᠭᠠᠭᠰᠠᠨ ᠲᠡᠷᠭᠡ ᠬᠥᠰᠬᠡ ᠶᠢᠨ ᠠᠴᠢᠶᠠᠯᠠᠬᠤ ᠬᠢᠵᠠᠭᠠᠷ ᠬᠡᠮᠵᠢᠭᠳᠡᠯ ᠪᠠ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠡᠮᠳᠡᠭ ᠤᠨ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ᠂ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠳᠤ ᠶᠢ ᠬᠢᠵᠠᠭᠠᠷᠯᠠᠬᠤ ᠪᠠᠷᠢᠮᠵᠢᠶ᠎ᠠ ᠪᠠᠷ ᠠᠴᠢᠶᠠᠯᠠᠬᠤ᠂ ᠲᠡᠭᠡᠭᠡᠪᠦᠷᠢᠯᠡᠬᠦ ᠪᠠ ᠡᠵᠡᠩᠨᠡᠬᠦ ᠪᠠᠨ ᠵᠢᠷᠤᠮᠵᠢᠭᠤᠯᠬᠤ ᠬᠡᠷᠡᠭᠲᠡᠢ᠃      ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠵᠠᠮ ᠭᠤᠳᠣᠰ ᠤᠨ ᠪᠠᠷᠠᠭ᠎ᠠ ᠲᠡᠭᠡᠭᠡᠪᠦᠷᠢ ᠶᠢᠨ ᠦᠷᠳᠡᠭᠡ ︵ᠲᠠᠯᠠᠪᠤᠷ︶᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠨᠡᠭᠦᠷᠡᠰᠦ᠂ ᠬᠦᠳᠡᠷ᠂ ᠪᠣᠯᠣᠳ ᠮᠠᠲ᠋ᠧᠷᠢᠶᠠᠯ᠂ ᠱᠦᠢᠨᠢ᠂ ᠪᠧᠲ᠋ᠤᠨ᠂ ᠬᠠᠶᠢᠷ ᠴᠢᠯᠠᠭᠤ᠂ ᠰᠢᠪᠠᠷ ᠰᠢᠷᠣᠢ᠂ ᠲᠠᠸᠠᠷ ᠤᠨ ᠲᠡᠷᠭᠡ᠂ ᠬᠦᠨᠳᠦ ᠶᠡᠭᠡ ᠲᠣᠨᠤᠭ ᠲᠥᠬᠦᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ᠃      ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠲᠠᠯ᠎ᠠ ᠶᠢᠨ ᠢᠲᠡᠭᠡᠮᠵᠢ ᠶᠢᠨ ᠳᠦᠷᠢᠮ ᠢ ᠪᠠᠶᠢᠭᠤᠯᠵᠤ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ᠂ ᠵᠢᠯᠣᠭᠤᠴᠢ ᠵᠡᠷᠭᠡ ᠶᠢ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠳᠤ ᠪᠠᠨ ᠣᠷᠣᠭᠤᠯᠵᠤ᠂ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠬᠡᠷᠡᠭᠲᠡᠢ᠃      ᠶᠢᠰᠦᠳᠦᠭᠡᠷ ᠵᠦᠢᠯ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠬᠢᠭᠡᠳ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠥᠷᠨᠢᠭᠦᠯᠵᠦ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠦᠢᠯᠡ ᠠᠵᠢᠯᠯᠠᠭ᠎ᠠ ᠳᠠᠬᠢ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠢ᠃      ᠠᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠥᠮ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢᠶᠠᠨ ᠨᠡᠶᠢᠭᠡᠮ ᠳᠤ ᠢᠯᠡ ᠨᠡᠶᠢᠲᠡᠯᠡᠵᠦ᠂ ᠬᠠᠤᠯᠢ ᠶᠣᠰᠣᠭᠠᠷ ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ᠂ ᠵᠠᠭᠠᠯᠳᠤᠭᠴᠢ ᠢᠯᠡᠴᠢᠯᠡᠨ ᠮᠡᠳᠡᠭᠦᠯᠦᠭᠴᠢ ᠳᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠢ᠃      ᠬᠤᠶᠠᠳᠤᠭᠠᠷ ᠪᠦᠯᠦᠭ ᠡᠬᠢ ᠡᠭᠦᠰᠦᠯ ᠠᠴᠠ ᠨᠢ ᠵᠠᠰᠠᠬᠤ      ᠠᠷᠪᠠᠨ ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ᠂ ᠥᠭᠡᠷᠡᠴᠢᠯᠡᠨ ᠤᠭᠰᠠᠷᠠᠬᠤ ᠳᠤ ᠲᠡᠷᠭᠡ ᠶᠢᠨ ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ ᠮᠠᠰ ᠤᠨ ᠬᠢᠵᠠᠭᠠᠷ ᠬᠡᠮᠵᠢᠭᠳᠡᠯ ᠵᠡᠷᠭᠡ ᠶᠢᠨ ᠲᠤᠬᠠᠢ ᠤᠯᠤᠰ ᠤᠨ ᠮᠠᠰᠢᠨᠲᠤ ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠥᠯᠥ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ᠂ ᠬᠡᠷᠡᠭᠯᠡᠬᠦ᠂ ᠪᠣᠷᠣᠯᠠᠭᠤᠯᠬᠤ ᠶᠢ ᠴᠠᠭᠠᠵᠠᠯᠠᠨ᠎ᠠ᠃      ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠭᠤᠯᠤᠭᠰᠠᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃      ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠬᠦ ᠳᠤ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ ᠴᠢᠬᠤᠯᠠᠲᠠᠢ ᠪᠣᠯ᠂ ᠵᠣᠬᠢᠬᠤ ᠬᠢᠷᠢ ᠬᠡᠮ ᠲᠠᠢ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠢᠶᠠᠷ ᠲᠣᠭᠲᠠᠭᠠᠭᠰᠠᠨ ᠲᠡᠷᠭᠡᠨ ᠤ ᠬᠡᠯᠪᠡᠷᠢ ᠪᠠ ᠮᠡᠷᠭᠡᠵᠢᠯ ᠤᠨ ᠫᠠᠷᠠᠮᠧᠳ᠋ᠷ ᠢᠶᠠᠷ ᠥᠭᠡᠷᠡᠴᠢᠯᠡᠨ ᠤᠭᠰᠠᠷᠠᠭᠤᠯᠬᠤ ᠶᠢᠨ ᠬᠠᠮᠲᠤ ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠨ ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠶᠢᠯᠡᠭᠦᠯᠵᠦ ᠤᠭᠰᠠᠷᠠᠭᠰᠠᠨ᠂ ᠥᠭᠡᠷᠡᠴᠢᠯᠡᠨ ᠤᠭᠰᠠᠷᠠᠭᠰᠠᠨ ᠪᠠᠶᠢᠳᠠᠯ ᠢ ᠪᠠᠶᠢᠴᠠᠭᠠᠨ ᠰᠢᠯᠭᠠᠬᠤ ᠬᠡᠷᠡᠭᠲᠡᠢ᠂ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠳᠠᠩᠰᠠᠯᠠᠯᠲᠠ ᠬᠢᠬᠦ᠂ ᠦᠨᠡᠮᠯᠡᠯ ᠪᠠ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠣᠯᠭᠤᠵᠤ ᠪᠣᠯᠬᠤ ᠦᠭᠡᠢ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠠᠳᠤᠢ ᠪᠠ ᠨᠡᠶᠢᠯᠡᠭᠦᠯᠵᠦ ᠤᠭᠰᠠᠷᠠᠭᠰᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠡᠵᠡᠩᠨᠡᠯᠲᠡ ᠶᠢᠨ ᠦᠨᠡᠮᠯᠡᠯ ᠭᠦᠢᠴᠡᠳᠬᠡᠨ ᠥᠭᠴᠦ ᠪᠣᠯᠬᠤ ᠦᠭᠡᠢ᠃      ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ᠂ ᠬᠠᠤᠯᠢ ᠪᠤᠰᠤ ᠪᠠᠷ ᠥᠭᠡᠷᠡᠴᠢᠯᠡᠵᠦ ᠤᠭᠰᠠᠷᠠᠬᠤ ᠠᠵᠢᠯ ᠡᠷᠬᠢᠯᠡᠵᠤ ᠪᠠᠶᠢᠭ᠎ᠠ ᠪᠤᠶᠤ ᠡᠶᠢᠮᠦᠷᠬᠦᠦ ᠲᠡᠷᠭᠡ ᠶᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ ᠮᠡᠳᠡᠭᠰᠡᠨ ᠨᠡᠶᠢᠯᠡᠭᠦᠯᠵᠦ ᠤᠭᠰᠠᠷᠠᠭᠰᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠨᠢᠭᠡᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠶᠢ ᠬᠠᠤᠯᠢ ᠶᠣᠰᠣᠭᠠᠷ ᠵᠠᠷᠯᠢᠭᠳᠠᠵᠤ ᠥᠪᠡᠷᠰᠡᠳ ᠢᠶᠠᠷ ᠨᠢ ᠵᠠᠳᠠᠯᠤᠨ ᠰᠠᠯᠭᠠᠭᠤᠯᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠪᠠᠨ ᠬᠠᠷᠭᠤᠭᠤᠯᠤᠨ ᠪᠠᠶᠢᠴᠠᠭᠠᠵᠤ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠨᠡᠷᠡᠰ ᠢ ᠨᠠᠶᠢᠷᠠᠭᠤᠯᠤᠨ ᠲᠣᠭᠲᠠᠭᠠᠵᠤ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠶᠢᠳᠠᠯ ᠢ ᠦᠨᠳᠦᠰᠦᠯᠡᠨ᠂ ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠲᠣᠭᠲᠠᠭᠠᠵᠤ᠂ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠢ᠃      ᠠᠷᠪᠠᠨ ᠲᠠᠪᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄      ︵ᠨᠢᠭᠡ︶ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔      ︵ᠬᠤᠶᠠᠷ︶ ᠪᠠᠷᠠᠭ᠎ᠠ ᠲᠡᠭᠡᠭᠡᠪᠦᠷᠢ ᠶᠢ ᠬᠡᠮᠵᠢᠵᠦ ᠬᠦᠨᠳᠦ ᠶᠢ ᠬᠡᠮᠵᠢᠬᠦ ᠪᠠ ᠬᠢᠨᠠᠨ ᠡᠵᠡᠮᠳᠡᠬᠦ ᠶᠢᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠳᠦᠬᠦᠷᠵᠢᠭᠦᠯᠦᠨ ᠲᠣᠬᠢᠷᠠᠭᠤᠯᠬᠤ ᠶᠢᠨ ᠬᠠᠮᠲᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠬᠦ ᠬᠡᠷᠡᠭᠲᠡᠢ︔      ︵ᠭᠤᠷᠪᠠ︶ ᠪᠠᠷᠠᠭ᠎ᠠ ᠠᠴᠢᠶᠠᠯᠠᠬᠤ᠂ ᠬᠦᠨᠳᠦ ᠶᠢ ᠬᠡᠮᠵᠢᠬᠦ᠂ ᠪᠠᠷᠢᠮᠲᠠ ᠭᠠᠷᠭᠠᠬᠤ ᠵᠡᠷᠭᠡ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠲᠤ ᠪᠣᠯᠪᠠᠰᠤᠷᠠᠯ ᠬᠢᠬᠦ ᠬᠡᠷᠡᠭᠲᠡᠢ︔      ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠬᠢᠭᠡᠳ ᠵᠢᠯᠣᠭᠤᠴᠢ ᠶᠢᠨ ᠲᠡᠷᠭᠡ ᠵᠠᠮᠨᠠᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠪᠠ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠨᠢ ᠳᠠᠩᠰᠠᠯᠠᠨ ᠲᠡᠮᠳᠡᠭᠯᠡᠬᠦ ᠬᠡᠷᠡᠭᠲᠡᠢ︔      ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠳᠠᠩᠰᠠᠯᠠᠯᠲᠠ ᠲᠡᠮᠳᠡᠭᠯᠡᠯ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ ᠪᠦᠷᠢᠨᠰᠢᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠢ︔      ︵ᠵᠢᠷᠭᠤᠭ᠎ᠠ︶ ᠬᠠᠤᠯᠢ ᠬᠡᠷᠡᠭᠵᠢᠭᠦᠯᠦᠭᠴᠢ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ᠂ ᠲᠣᠭᠤᠷᠢᠨ ᠪᠠᠶᠢᠴᠠᠭᠠᠬᠤ ᠪᠠ ᠬᠤᠸᠠᠷᠠᠩᠨᠠᠬᠤ ᠬᠥᠮᠥᠰ ᠲᠤ ᠴᠢᠬᠤᠯᠠ ᠪᠦᠬᠦᠢ ᠲᠥᠬᠦᠮ ᠨᠥᠬᠦᠴᠡᠯ ᠬᠠᠩᠭᠠᠵᠤ᠂ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠳᠣᠣᠷᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄      ︵ᠨᠢᠭᠡ︶ ᠲᠡᠷᠭᠡ ᠵᠠᠮᠨᠠᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠦᠭᠡᠢ ᠪᠤᠶᠤ ᠪᠤᠰᠤᠳ ᠳᠠᠩᠰᠠᠯᠠᠭᠤᠯᠤᠨ ᠪᠦᠷᠢᠳᠬᠡᠭᠦᠯᠦᠭᠡᠳᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔      ︵ᠬᠤᠶᠠᠷ︶ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠣᠯᠣᠭᠠᠳᠤᠢ ᠵᠢᠯᠣᠭᠤᠴᠢ ᠶᠢᠨ ᠵᠢᠯᠣᠭᠤᠳᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔      ︵ᠭᠤᠷᠪᠠ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔      ︵ᠳᠥᠷᠪᠡ︶ ᠪᠠᠷᠢᠮᠵᠢᠶ᠎ᠠ ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔      ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ︔      ︵ᠵᠢᠷᠭᠤᠭ᠎ᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ ᠪᠠᠷ ᠬᠤᠳᠠᠯ ᠬᠠᠭᠤᠷᠮᠠᠭ ᠭᠡᠷᠡᠴᠢ ᠬᠠᠩᠭᠠᠭᠰᠠᠨ᠃      ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠸᠠᠷᠠᠩᠨᠠᠬᠤ ᠪᠤᠶᠤ ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠠᠵᠢᠯ ᠲᠦᠷᠦᠯ ᠤᠨ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠳᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠣᠯᠵᠤ ᠮᠡᠳᠡᠪᠡᠯ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠴᠡᠭᠴᠡᠯᠡᠨ ᠵᠠᠰᠠᠬᠤ ᠪᠠᠷ ᠱᠠᠭᠠᠷᠳᠠᠬᠤ ᠬᠡᠷᠡᠭᠲᠡᠢ︔ ᠲᠣᠰ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃      ᠠᠷᠪᠠ ᠶᠢᠰᠦᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠰᠠᠯᠠᠭ᠎ᠠ ᠮᠥᠴᠢᠷ᠂ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠵᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠰᠠᠶᠢᠲᠤᠷ ᠬᠢᠵᠦ᠂ ᠲᠡᠭᠦᠨ ᠤ ᠰᠢᠯᠵᠢᠭᠦᠯᠦᠨ ᠬᠦᠷᠭᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠬᠤᠷᠢᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄      ︵ᠨᠢᠭᠡ︶ ᠬᠠᠷᠢᠶ᠎ᠠ ᠪᠦᠬᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠢᠵᠦ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠷᠭᠡ ᠬᠠᠩᠭᠠᠵᠤ ᠲᠡᠭᠡᠭᠡᠪᠦᠷᠢ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠨ᠎ᠡ︔      ︵ᠬᠤᠶᠠᠷ︶ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠲᠣᠭᠲᠠᠭᠠᠭᠰᠠᠨ ᠲᠡᠷᠭᠡ ᠬᠥᠰᠬᠡ ᠶᠢᠨ ᠳᠠᠭᠠᠭᠠᠵᠤ ᠳᠡᠶᠢᠯᠬᠦ ᠬᠢᠵᠠᠭᠠᠷ ᠬᠡᠮᠵᠢᠭᠳᠡᠯ ᠢᠶᠠᠷ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠨ᠎ᠠ︔      ︵ᠭᠤᠷᠪᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠶᠢ ᠤᠷᠢᠨ ᠬᠡᠷᠡᠭᠯᠡᠵᠦ ᠪᠣᠯᠬᠤ ᠦᠭᠡᠢ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠶᠢ ᠵᠢᠭᠠᠨ ᠳᠣᠬᠢᠵᠤ᠂ ᠠᠯᠪᠠᠳᠠᠵᠤ ᠪᠠᠶᠢᠭᠠᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠵᠤ ᠲᠡᠭᠡᠭᠡᠪᠦᠷᠢᠯᠡᠭᠦᠯᠵᠦ ᠪᠣᠯᠬᠤ ᠦᠭᠡᠢ︔      ︵ᠳᠥᠷᠪᠡ︶ ᠪᠠᠷᠠᠭ᠎ᠠ ᠠᠴᠢᠶᠠᠯᠠᠭᠰᠠᠨ ᠡᠬᠢ ᠡᠭᠦᠰᠦᠯ ᠤᠨ ᠨᠢᠭᠡᠴᠢ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠪᠠᠨ ᠭᠦᠢᠴᠡᠳᠬᠡᠬᠦ ᠦᠭᠡᠢ ᠪᠤᠶᠤ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠤᠳ᠃      ᠭᠤᠷᠪᠠᠳᠤᠭᠠᠷ ᠪᠦᠯᠦᠭ ᠵᠠᠮ ᠳᠡᠭᠡᠷᠡᠬᠢ ᠶᠢ ᠵᠠᠰᠠᠬᠤ      ᠬᠤᠷᠢᠨ ᠨᠢᠭᠡᠳᠦᠭᠡᠷ ᠵᠦᠢᠯ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠠᠮ ᠳᠤ ᠭᠠᠷᠬᠤ ᠶᠢ ᠴᠠᠭᠠᠵᠠᠯᠠᠨ᠎ᠠ᠃      ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠭᠰᠡᠨ ᠪᠥᠭᠡᠳ ᠤᠯᠤᠰ ᠤᠨ ᠵᠠᠰᠠᠮᠠᠯ ᠵᠡᠮ ᠤᠨ ᠲᠡᠷᠭᠡ ᠬᠥᠰᠬᠡ ᠶᠢᠨ ᠨᠡᠪᠲᠡᠷᠡᠬᠦ ᠬᠢᠵᠠᠭᠠᠷ ᠬᠡᠮᠵᠢᠭᠳᠡᠯ ᠠᠴᠠ ᠬᠡᠲᠦᠷᠡᠭᠦᠯᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠨᠢ ᠵᠠᠰᠠᠮᠠᠯ ᠵᠡᠮ ᠤᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠢ ᠬᠠᠤᠯᠢ ᠶᠣᠰᠣᠭᠠᠷ ᠭᠦᠢᠴᠡᠳᠬᠡᠵᠦ᠂ ᠵᠢᠭᠠᠨ ᠲᠣᠭᠲᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠤᠬᠤ ᠶᠢᠨ ᠬᠠᠮᠲᠤ᠂ ᠢᠯᠡᠷᠬᠡᠢ ᠲᠡᠮᠳᠡᠭ ᠡᠯᠭᠦᠬᠦ ᠬᠡᠷᠡᠭᠲᠡᠢ᠃      ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠬᠤ ᠳᠤ ᠪᠠᠨ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠠᠴᠠ ᠪᠠᠶᠢᠴᠠᠭᠠᠨ ᠰᠢᠨᠵᠢᠬᠦ᠂ ᠰᠢᠯᠵᠢᠯᠲᠡ ᠲᠠᠢ ᠪᠠᠷ ᠪᠠᠶᠢᠴᠠᠭᠠᠨ ᠰᠢᠨᠵᠢᠬᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠷ ᠪᠠᠶᠢᠴᠠᠭᠠᠨ ᠰᠢᠨᠵᠢᠬᠦ ᠵᠡᠷᠭᠡ ᠠᠷᠭ᠎ᠠ ᠶᠢ ᠠᠪᠴᠤ ᠪᠣᠯᠣᠨ᠎ᠠ᠃      ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠰᠢᠭᠤᠯᠬᠤ᠂ ᠶᠡᠷᠦᠩᠬᠡᠢ ᠬᠡᠮᠵᠢᠶ᠎ᠡ ᠶᠢ ᠨᠢ ᠬᠢᠵᠠᠭᠠᠷᠯᠠᠬᠤ᠂ ᠴᠠᠭ ᠲᠤᠬᠠᠢ ᠳᠤ ᠨᠢ ᠲᠣᠬᠢᠷᠠᠭᠤᠯᠤᠯᠲᠠ ᠬᠢᠬᠦ ᠵᠠᠷᠴᠢᠮ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠳᠡᠭᠡ ᠴᠡᠭ ᠲᠣᠬᠢᠷᠠᠭᠤᠯᠤᠨ ᠪᠠᠶᠢᠷᠢᠯᠠᠭᠤᠯᠬᠤ ᠲᠥᠰᠥᠯ ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠠᠨᠠᠯ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠢ᠃      ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ᠂ ᠲᠡᠷᠭᠡ ᠬᠥᠰᠬᠡ ᠶᠢ ᠪᠠᠶᠢᠴᠠᠭᠠᠨ ᠰᠢᠨᠵᠢᠬᠦ᠂ ᠲᠡᠷᠭᠡ ᠬᠥᠰᠬᠡ ᠶᠢᠨ ᠬᠦᠨᠳᠦ ᠶᠢ ᠵᠢᠩᠯᠡᠬᠦ ᠵᠡᠷᠭᠡ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠪᠠᠷ ᠬᠠᠮᠲᠤ ᠳᠤ ᠨᠢ ᠪᠠᠷᠢᠯᠭ᠎ᠠ ᠶᠢᠨ ᠲᠥᠰᠥᠪ ᠲᠤ ᠣᠷᠣᠭᠤᠯᠵᠤ᠂ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ ᠪᠦᠲᠦᠭᠡᠨ ᠪᠠᠶᠢᠭᠤᠯᠵᠤ᠂ ᠵᠡᠷᠭᠡ ᠳᠤ ᠨᠢ ᠰᠢᠯᠭᠠᠨ ᠠᠪᠴᠤ ᠠᠵᠢᠯᠯᠠᠭᠤᠯᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠦᠷᠭᠡᠨ ᠤ ᠵᠠᠮ ᠤᠨ ᠣᠷᠤᠴᠠ ᠭᠠᠷᠴᠠ᠂ ᠲᠡᠷᠭᠡᠨ ᠤ ᠵᠣᠭᠰᠣᠭᠠᠯ᠂ ᠦᠢᠯᠡᠴᠢᠯᠡᠭᠡᠨ ᠤ ᠲᠣᠭᠤᠷᠢᠭ ᠵᠢᠴᠢ ᠡᠩ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ ᠵᠡᠷᠭᠡ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠦᠢᠯᠡ ᠠᠵᠢᠯᠯᠠᠭ᠎ᠠ ᠤᠯᠠᠨ ᠡᠭᠦᠰᠳᠡᠭ ᠵᠠᠮ ᠤᠨ ᠬᠡᠰᠡᠭ᠂ ᠵᠠᠩᠭᠢᠯᠠᠭ᠎ᠠ ᠴᠡᠭ ᠲᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠷᠳᠡᠭᠡ ᠠᠴᠠ ᠵᠠᠶᠢᠯᠠᠵᠤ ᠲᠣᠭᠤᠷᠢᠵᠤ ᠶᠠᠪᠤᠬᠤ᠂ ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠨᠵᠢᠵᠦ ᠪᠣᠯᠣᠨ᠎ᠠ᠃ ᠰᠢᠯᠵᠢᠯᠲᠡ ᠲᠠᠢ ᠪᠠᠷ ᠪᠠᠶᠢᠴᠠᠭᠠᠨ ᠰᠢᠨᠵᠢᠭᠰᠡᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠣᠯ ᠣᠶᠢᠷ᠎ᠠ ᠬᠠᠪᠢ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠴᠡᠭ ᠪᠤᠶᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠪᠥᠭᠡᠳ ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠲᠡᠷᠭᠡᠨ ᠤ ᠵᠣᠭᠰᠣᠭᠠᠯ᠂ ᠪᠠᠷᠠᠭ᠎ᠠ ᠪᠠᠭᠤᠯᠭᠠᠬᠤ ᠲᠠᠯᠠᠪᠠᠶ ᠵᠡᠷᠭᠡ ᠲᠡᠷᠭᠡ ᠵᠣᠭᠰᠤᠭᠠᠬᠤ ᠵᠢᠴᠢ ᠪᠠᠷᠠᠭ᠎ᠠ ᠪᠠᠭᠤᠯᠭᠠᠬᠤ ᠨᠥᠬᠦᠴᠡᠯ ᠲᠠᠢ ᠭᠠᠵᠠᠷ ᠪᠤᠶᠤ ᠲᠠᠯᠠᠪᠤᠷ ᠲᠤ ᠳᠠᠭᠠᠭᠤᠯᠤᠨ ᠬᠦᠷᠭᠡᠵᠦ ᠰᠢᠢᠳᠪᠦᠷᠢᠯᠡᠨ᠎ᠡ᠃      ᠲᠦᠷᠭᠡᠨ ᠤ ᠵᠠᠮ ᠤᠨ ᠡᠵᠡᠩᠨᠡᠯᠲᠡ ᠶᠢᠨ ᠨᠢᠭᠡᠴᠢ ᠨᠢ ᠬᠠᠷᠢᠶᠠᠨ ᠳᠠᠬᠢ ᠲᠦᠷᠭᠡᠨ ᠤ ᠵᠠᠮ ᠤᠨ ᠣᠷᠤᠴᠠ ᠭᠠᠷᠴᠠ ᠳᠠᠬᠢ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠠᠴᠠ ᠴᠤᠭᠯᠠᠭᠤᠯᠤᠭᠰᠠᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠳᠤ ᠨᠢ ᠳᠠᠮᠵᠢᠭᠤᠯᠤᠨ ᠬᠦᠷᠭᠡᠬᠦ ᠬᠡᠷᠡᠭᠲᠡᠢ᠃      ᠬᠤᠷᠢᠨ ᠲᠠᠪᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠲᠤᠷᠠᠨ ᠬᠠᠤᠯᠢ ᠬᠡᠷᠡᠭᠵᠢᠭᠦᠯᠦᠨ᠎ᠡ᠃      ᠬᠤᠷᠢᠨ ᠵᠢᠷᠭᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠳᠤ ᠥᠷᠲᠡᠭᠡᠨ ᠳᠤ ᠣᠷᠣᠬᠤ ᠠᠴᠠ ᠡᠮᠦᠨ᠎ᠡ ᠤᠷᠤᠰᠬᠠᠯ ᠢ ᠵᠠᠯᠠᠬᠤ᠂ ᠠᠮᠤᠷ ᠲᠦᠪᠰᠢᠨ ᠤ ᠲᠥᠬᠦᠭᠡᠷᠦᠮᠵᠢ ᠲᠣᠬᠢᠷᠠᠭᠤᠯᠵᠤ᠂ ᠴᠢᠬᠤᠯᠠ ᠪᠦᠬᠦᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠪᠠᠶᠢᠴᠠᠭᠠᠨ ᠰᠢᠨᠵᠢᠬᠦ᠂ ᠠᠴᠢᠶᠠᠯᠠᠵᠤ ᠪᠠᠭᠤᠯᠭᠠᠬᠤ᠂ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠲᠠᠭᠠᠷᠠᠭᠤᠯᠵᠣ᠂ ᠥᠷᠲᠡᠭᠡᠨ ᠳᠠᠬᠢ ᠢᠯᠡᠷᠬᠡᠢ ᠪᠠᠶᠢᠷᠢᠨ ᠳᠤ ᠵᠥᠪᠰᠢᠶᠡᠷᠡᠭᠰᠡᠨ ᠪᠠᠶᠢᠭᠤᠯᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠴᠤᠪᠤᠷᠠᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃      ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠤᠷᠤᠰᠬᠠᠯ ᠤᠨ ᠬᠡᠮᠵᠢᠶ᠎ᠡ ᠶᠢ ᠦᠨᠳᠦᠰᠦᠯᠡᠨ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠨᠡᠪᠳᠡᠷᠡᠯ ᠵᠠᠮ᠂ ᠲᠡᠷᠭᠡ ᠬᠥᠰᠬᠡ ᠶᠢ ᠵᠠᠮᠴᠢᠯᠠᠨ ᠳᠠᠭᠠᠭᠤᠯᠬᠤ ᠵᠠᠮ ᠢᠶᠠᠨ ᠵᠦᠢ ᠵᠣᠬᠢᠰᠲᠠᠢ ᠪᠠᠶᠢᠷᠢᠯᠠᠭᠤᠯᠬᠤ ᠪᠠ ᠵᠣᠬᠢᠬᠤ ᠬᠡᠪᠴᠢᠶᠡᠨ ᠤ ᠲᠡᠷᠭᠡᠨ ᠤ ᠵᠣᠭᠰᠣᠭᠠᠯ᠂ ᠪᠠᠷᠠᠭ᠎ᠠ ᠪᠠᠭᠤᠯᠭᠠᠬᠤ ᠭᠠᠵᠠᠷ ᠢ ᠲᠣᠬᠢᠷᠠᠭᠤᠯᠤᠨ ᠪᠠᠶᠢᠭᠤᠯᠬᠤ ᠬᠡᠷᠡᠭᠲᠡᠢ᠂ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠠᠴᠠ ᠪᠣᠯᠵᠤ ᠪᠤᠰᠤᠳ ᠲᠡᠷᠭᠡ ᠬᠥᠰᠬᠡ ᠶᠢᠨ ᠬᠡᠪ ᠢᠶᠠᠷ ᠨᠡᠪᠲᠡᠷᠡᠬᠦ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ᠃      ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠢᠨᠵᠢᠵᠦ ᠮᠠᠭᠠᠳᠯᠠᠨ ᠲᠣᠭᠲᠠᠭᠠᠭᠰᠠᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠣᠣᠷᠠᠬᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠄      ︵ᠨᠢᠭᠡ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠶᠢ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠶᠢᠨ ᠲᠠᠯᠠᠪᠤᠷ ᠲᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠪᠣᠯ᠂ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠥᠪᠡᠷ ᠢᠶᠠᠨ ᠪᠠᠷᠠᠭ᠎ᠠ ᠪᠠᠨ ᠪᠠᠭᠤᠯᠭᠠᠬᠤ᠂ ᠰᠠᠯᠭᠠᠨ ᠠᠴᠢᠶᠠᠯᠠᠬᠤ ᠵᠡᠷᠭᠡ ᠵᠠᠯᠠᠷᠠᠭᠤᠯᠬᠤ ᠠᠷᠭ᠎ᠠ ᠬᠡᠮᠵᠢᠶ᠎ᠡ ᠪᠠᠷ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠢ᠃ ᠪᠠᠷᠠᠭ᠎ᠠ ᠪᠠᠨ ᠪᠠᠭᠤᠯᠭᠠᠭᠰᠠᠨ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠴᠠᠭᠠᠵᠤ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠣᠨ᠎ᠠ︔      ︵ᠬᠤᠶᠠᠷ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠪᠣᠯᠪᠠᠴᠤ ᠲᠤᠬᠠᠢ ᠶᠢᠨ ᠲᠠᠯᠠᠪᠠᠢ ᠳᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠪᠣᠯ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠣᠶᠢᠷ᠎ᠠ ᠬᠠᠪᠢ ᠶᠢᠨ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠲᠠᠯᠠᠪᠤᠷ ᠲᠤ ᠬᠦᠷᠴᠦ ᠪᠠᠷᠠᠭ᠎ᠠ ᠪᠠᠨ ᠪᠠᠭᠤᠯᠭᠠᠵᠤ᠂ ᠰᠠᠯᠭᠠᠨ ᠲᠡᠭᠡᠭᠡᠪᠦᠷᠢᠯᠡᠭᠦᠯᠵᠦ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠢ᠃ ᠪᠠᠷᠠᠭ᠎ᠠ ᠪᠠᠨ ᠪᠠᠭᠤᠯᠭᠠᠭᠰᠠᠨ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠴᠠᠭᠠᠵᠤ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠣᠨ᠎ᠠ︔      ︵ᠭᠤᠷᠪᠠ︶ ᠵᠠᠳᠠᠷᠠᠵᠤ ᠪᠣᠯᠣᠰᠢ ᠦᠭᠡᠢ ᠲᠣᠮᠣ ᠪᠣᠳᠠᠰ ᠢ ᠲᠡᠭᠡᠭᠡᠪᠦᠷᠢᠯᠡᠬᠦ ᠳᠤ ᠪᠠᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠭᠰᠡᠨ ᠦᠭᠡᠢ ᠪᠣᠯ᠂ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠵᠤ᠂ ᠪᠠᠶᠢᠴᠠᠭᠠᠨ ᠰᠢᠢᠳᠪᠦᠷᠢᠯᠡᠬᠦ ᠶᠢ ᠬᠦᠯᠢᠶᠡᠬᠦ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠴᠦ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠶᠢ ᠲᠤᠬᠠᠢ ᠶᠢᠨ ᠬᠥᠮᠥᠨ ᠳᠤ ᠮᠡᠳᠡᠭᠳᠡᠬᠦ ᠬᠡᠷᠡᠭᠲᠡᠢ︔      ︵ᠳᠥᠷᠪᠡ︶ ᠨᠣᠴᠣᠮᠠᠲᠠᠭᠠᠢ᠂ ᠳᠡᠯᠪᠡᠷᠡᠮᠡᠲᠡᠭᠡᠢ᠂ ᠳᠣᠭᠰᠢᠨ ᠬᠤᠣᠷ᠂ ᠰᠠᠴᠤᠷᠠᠭ ᠢᠳᠡᠪᠬᠢ ᠴᠢᠨᠠᠷ ᠲᠠᠢ ᠵᠡᠷᠭᠡ ᠠᠶᠤᠯᠲᠠᠢ ᠪᠣᠳᠠᠰ ᠢ ᠲᠡᠭᠡᠭᠡᠪᠦᠷᠢᠯᠡᠭᠰᠡᠨ ᠪᠤᠶᠤ ᠬᠤᠯᠢᠯᠳᠤᠭᠤᠯᠤᠨ ᠰᠠᠪᠠᠯᠠᠭᠰᠠᠨ ᠪᠣᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃      ᠳᠠᠭᠠᠭᠠᠨ ᠲᠡᠭᠡᠭᠡᠪᠦᠷᠢᠯᠡᠭᠴᠢ ᠠᠴᠠ ᠲᠠᠪᠤᠨ ᠡᠳᠦᠷ ᠤᠨ ᠳᠣᠲᠣᠷ᠎ᠠ ᠪᠠᠭᠤᠯᠭᠠᠭᠰᠠᠨ ᠪᠠᠷᠠᠭ᠎ᠠ ᠪᠠᠨ ᠰᠢᠢᠳᠪᠦᠷᠢᠯᠡᠬᠦ ᠬᠡᠷᠡᠭᠲᠡᠢ︔ ᠬᠤᠭᠤᠴᠠᠭ᠎ᠠ ᠬᠡᠲᠦᠷᠡᠭᠡᠳ ᠰᠢᠢᠳᠪᠦᠷᠢᠯᠡᠭᠰᠡᠨ ᠦᠭᠡᠢ ᠪᠣᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠬᠤᠷᠢᠨ ᠨᠠᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠵᠢᠭᠠᠯᠲᠠ ᠲᠡᠮᠳᠡᠭ ᠪᠤᠶᠤ ᠬᠠᠤᠯᠢ ᠬᠡᠷᠡᠭᠵᠢᠭᠦᠯᠬᠦ ᠠᠵᠢᠯᠲᠠᠨ ᠤ ᠵᠢᠯᠣᠭᠤᠳᠤᠯᠭ᠎ᠠ ᠪᠠᠷ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢᠨ ᠪᠠᠶᠢᠴᠠᠭᠠᠨ ᠰᠢᠨᠵᠢᠬᠦ ᠶᠢ ᠬᠦᠯᠢᠶᠡᠵᠦ᠂ ᠨᠡᠪᠲᠡᠷᠡᠬᠦ ᠲᠡᠷᠭᠡᠨ ᠵᠠᠮ ᠢ ᠵᠣᠷᠢᠭᠤᠳᠠ ᠪᠥᠭᠯᠡᠬᠦ᠂ ᠠᠯᠪᠠᠳᠠᠯᠭ᠎ᠠ ᠪᠠᠷ ᠪᠣᠭᠤᠮᠲᠠ ᠬᠤᠷᠢᠭ᠎ᠠ ᠳᠠᠭᠠᠷᠢᠬᠤ ᠪᠤᠶᠤ ᠪᠤᠰᠤᠳ ᠠᠷᠭ᠎ᠠ ᠪᠠᠷ ᠪᠠᠶᠢᠴᠠᠭᠠᠨ ᠰᠢᠨᠵᠢᠬᠦ ᠶᠢᠨ ᠡᠮᠬᠢ ᠳᠢᠭᠯᠢᠮ ᠢ ᠰᠠᠮᠠᠭᠤᠷᠠᠭᠤᠯᠵᠤ ᠪᠣᠯᠬᠤ ᠦᠭᠡᠢ᠂ ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠵᠤ ᠪᠣᠯᠬᠤ ᠦᠭᠡᠢ᠃      ᠬᠤᠷᠢᠨ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠪᠠᠷᠠᠭ᠎ᠠ ᠲᠡᠭᠡᠭᠡᠪᠦᠷᠢ ᠶᠢᠨ ᠭᠤᠣᠯ ᠨᠡᠪᠲᠡᠷᠡᠯ ᠵᠠᠮ᠂ ᠴᠢᠬᠤᠯᠠ ᠬᠥᠭᠦᠷᠭᠡ᠂ ᠴᠢᠬᠤᠯᠠ ᠨᠦᠬᠡᠨ ᠵᠠᠮ ᠤᠨ ᠣᠷᠤᠴᠠ ᠵᠢᠴᠢ ᠪᠠᠷᠠᠭ᠎ᠠ ᠲᠡᠭᠡᠭᠡᠪᠦᠷᠢ ᠶᠢᠨ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠵᠠᠮ ᠤᠨ ᠬᠡᠰᠡᠭ ᠪᠠ ᠵᠠᠩᠭᠢᠯᠠᠭ᠎ᠠ ᠶᠢᠨ ᠴᠡᠭ ᠲᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠶᠢᠷᠢᠯᠠᠭᠤᠯᠬᠤ ᠶᠢᠨ ᠬᠠᠮᠲᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠠᠶᠢᠴᠠᠭᠠᠨ ᠰᠢᠨᠵᠢᠭᠰᠡᠨ ᠮᠡᠳᠡᠭᠡ ᠵᠠᠩᠭᠢ ᠪᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠳᠤ ᠨᠢ ᠳᠠᠮᠵᠢᠭᠤᠯᠤᠨ ᠬᠦᠷᠭᠡᠵᠦ᠂ ᠣᠯᠵᠤ ᠮᠡᠳᠡᠭᠰᠡᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠨ᠎ᠡ᠃      ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ᠂ ᠬᠥᠳᠡᠯᠦᠩᠭᠦᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠲᠦᠷᠭᠡᠨ ᠤ ᠵᠠᠮ ᠤᠨ ᠣᠷᠤᠴᠠ ᠭᠠᠷᠴᠠ ᠮᠡᠷᠭᠡᠵᠢᠯ ᠤᠨ ᠪᠠᠶᠢᠴᠠᠭᠠᠨ ᠰᠢᠨᠵᠢᠵᠦ ᠬᠢᠨᠠᠨ ᠡᠵᠡᠮᠳᠡᠬᠦ ᠲᠥᠬᠦᠭᠡᠷᠦᠮᠵᠢ ᠪᠠᠷ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠴᠤᠭᠯᠠᠭᠤᠯᠵᠤ ᠲᠣᠭᠲᠠᠪᠤᠷᠢᠵᠢᠭᠤᠯᠤᠭᠰᠠᠨ ᠪᠣᠯ᠂ ᠬᠠᠤᠯᠢ ᠳᠦᠷᠢᠮ ᠪᠠ ᠮᠡᠷᠭᠡᠵᠢᠯ ᠤᠨ ᠬᠢᠨᠠᠨ ᠬᠠᠷᠭᠤᠭᠤᠯᠤᠯᠲᠠ ᠪᠠᠷ ᠳᠠᠮᠵᠢᠭᠤᠯᠤᠨ᠂ ᠡᠯᠧᠺᠳ᠋ᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠲᠣᠬᠢᠷᠠᠭᠤᠯᠤᠯᠲᠠ ᠶᠢ ᠨᠢ ᠵᠦᠢ ᠵᠣᠬᠢᠰᠲᠠᠢ᠂ ᠢᠯᠡᠳᠬᠡᠮᠵᠢ ᠲᠡᠮᠳᠡᠭ ᠢ ᠨᠢ ᠢᠯᠡᠷᠬᠡᠢ ᠪᠠᠶᠢᠯᠭᠠᠵᠤ᠂ ᠪᠠᠶᠢᠷᠢᠯᠠᠭᠤᠯᠤᠭᠰᠠᠨ ᠭᠠᠵᠠᠷ ᠢ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠂ ᠴᠤᠭᠯᠠᠭᠤᠯᠤᠭᠰᠠᠨ ᠡᠯᠧᠺᠳ᠋ᠷᠣᠨ ᠲᠤᠭ᠎ᠠ ᠪᠠᠷᠢᠮᠲᠠ ᠶᠢ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠭᠡᠷᠡᠴᠢ ᠪᠠᠷᠢᠮᠲᠠ ᠪᠣᠯᠭᠠᠵᠤ ᠪᠣᠯᠣᠨ᠎ᠠ᠃      ᠡᠯᠧᠺᠳ᠋ᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠡᠮᠳᠡᠭᠯᠡᠭᠰᠡᠨ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠨᠢ ᠦᠨᠡᠨ ᠪᠣᠳᠠᠲᠠᠢ᠂ ᠲᠣᠳᠣᠷᠬᠠᠢ᠂ ᠪᠦᠷᠢᠨ ᠪᠦᠲᠦᠨ᠂ ᠣᠨᠣᠪᠴᠢᠲᠠᠢ ᠪᠠᠶᠢᠬᠤ ᠬᠡᠷᠡᠭᠲᠡᠢ᠃ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠩᠭᠡᠬᠡᠨ ᠲᠡᠮᠳᠡᠭᠯᠡᠭᠰᠡᠨ ᠠᠭᠤᠯᠭ᠎ᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠢ︔ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠣᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢ ᠪᠠᠷᠢᠮᠲᠠ ᠪᠣᠯᠭᠠᠵᠤ ᠪᠣᠯᠬᠤ ᠦᠭᠡᠢ᠃      ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠬᠢᠨᠠᠨ ᠬᠠᠷᠭᠤᠭᠤᠯᠵᠤ ᠨᠤᠲᠠᠯᠠᠭᠰᠠᠨ ᠪᠣᠯ᠂ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠮᠠᠰᠢᠨᠲᠤ ᠲᠡᠷᠭᠡ ᠳᠠᠩᠰᠠᠯᠠᠭᠤᠯᠤᠭᠰᠠᠨ ᠮᠡᠳᠡᠭᠡ ᠵᠠᠩᠭᠢ ᠳᠠᠬᠢ ᠬᠠᠷᠢᠯᠴᠠᠬᠤ ᠠᠷᠭ᠎ᠠ ᠮᠠᠶ᠋ᠢᠭ ᠤᠨ ᠶᠣᠰᠣᠭᠠᠷ ᠪᠢᠴᠢᠭᠯᠡᠭᠰᠡᠨ ᠮᠡᠳᠡᠭᠳᠡᠯ᠂ ᠤᠲᠠᠰᠤ᠂ ᠭᠠᠷ ᠤᠲᠠᠰᠤᠨ ᠤ ᠣᠬᠤᠷ ᠮᠡᠳᠡᠭᠡ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠵᠡᠷᠭᠡ ᠠᠷᠭ᠎ᠠ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠠᠷᠭ᠎ᠠ ᠪᠠᠷ ᠳᠠᠮᠵᠢᠭᠤᠯᠤᠨ ᠮᠡᠳᠡᠭᠳᠡᠬᠦ ᠶᠢᠨ ᠠᠷᠭ᠎ᠠ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠳᠤ ᠵᠠᠷᠯᠠᠨ ᠨᠡᠶᠢᠲᠡᠯᠡᠬᠦ ᠠᠷᠭ᠎ᠠ ᠪᠠᠷ ᠳᠠᠮᠵᠢᠭᠤᠯᠤᠨ ᠮᠡᠳᠡᠭᠳᠡᠵᠦ ᠪᠣᠯᠣᠨ᠎ᠠ᠃ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠨᠢ ᠮᠡᠳᠡᠭᠳᠡᠯ ᠢ ᠣᠯᠣᠭᠰᠠᠨ ᠪᠤᠶᠤ ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠰᠢᠢᠳᠪᠦᠷᠢᠯᠡᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ ᠵᠠᠰᠠᠮᠠᠯ ᠵᠡᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠪᠠ ᠲᠦᠷᠭᠡᠨ ᠤ ᠵᠡᠮ ᠤᠨ ᠣᠷᠤᠴᠠ ᠭᠠᠷᠴᠠ ᠳᠠᠬᠢ ᠭᠠᠵᠠᠷ ᠵᠢᠩᠯᠡᠭᠦᠷ᠂ ᠳᠥᠭᠦᠮ ᠠᠪᠰᠠᠷᠬᠠᠨ ᠪᠠᠶᠢᠴᠠᠭᠠᠨ ᠰᠢᠨᠵᠢᠬᠦ ᠭᠠᠵᠠᠷ ᠵᠢᠩᠯᠡᠭᠦᠷ ᠵᠢᠴᠢ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠬᠡᠮᠵᠢᠭᠦᠷ ᠢ ᠬᠠᠤᠯᠢ ᠶᠣᠰᠣᠭᠠᠷ ᠬᠠᠮᠢᠶᠠᠷᠬᠤ ᠶᠢᠨ ᠬᠠᠮᠲᠤ᠂ ᠬᠠᠤᠯᠢ ᠪᠠᠷ ᠲᠣᠭᠲᠠᠭᠠᠭᠰᠠᠨ ᠬᠢᠷᠢ ᠬᠡᠮ ᠲᠠᠢ ᠬᠡᠮᠵᠢᠯᠲᠡ ᠶᠢᠨ ᠪᠠᠶᠢᠭᠤᠯᠤᠮᠵᠢ ᠪᠠᠷ ᠬᠢᠨᠠᠨ ᠲᠣᠭᠲᠠᠭᠠᠯᠭᠠᠬᠤ ᠬᠡᠷᠡᠭᠲᠡᠢ᠃ ᠲᠣᠭᠲᠠᠭᠠᠯ ᠶᠣᠰᠣᠭᠠᠷ ᠬᠢᠨᠠᠨ ᠲᠣᠭᠲᠠᠭᠠᠭᠰᠠᠨ ᠦᠭᠡᠢ᠂ ᠬᠤᠭᠤᠴᠠᠭ᠎ᠠ ᠬᠡᠲᠦᠷᠡᠭᠦᠯᠦᠭᠡᠳ ᠬᠢᠨᠠᠨ ᠲᠣᠭᠲᠠᠭᠠᠭᠰᠠᠨ ᠦᠭᠡᠢ ᠪᠤᠶᠤ ᠬᠢᠨᠠᠨ ᠲᠣᠭᠲᠠᠭᠠᠬᠤ ᠳᠤ ᠬᠢᠷᠢ ᠲᠡᠩᠴᠡᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ᠃      ᠭᠤᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠭᠡᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢ ᠡᠪᠳᠡᠵᠦ ᠪᠣᠯᠬᠤ ᠦᠭᠡᠢ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ ᠪᠣᠯᠬᠤ ᠦᠭᠡᠢ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠷᠠᠭᠤᠯᠵᠤ᠂ ᠬᠠᠰᠤᠵᠤ᠂ ᠥᠭᠡᠷᠡᠲᠦᠭᠦᠯᠵᠦ ᠪᠣᠯᠬᠤ ᠦᠭᠡᠢ᠃      ᠭᠤᠴᠢᠨ ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ᠂ ᠵᠠᠮ ᠬᠠᠷᠢᠯᠴᠠᠭᠠᠨ ᠤ ᠲᠡᠮᠳᠡᠭ ᠱᠤᠭᠤᠮ ᠤᠨ ᠶᠣᠰᠣᠭᠠᠷ ᠶᠠᠪᠤᠭᠤᠯᠬᠤ ᠬᠡᠷᠡᠭᠲᠡᠢ᠂ ᠳᠣᠣᠷᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄      ︵ᠨᠢᠭᠡ︶ ᠵᠣᠷᠢᠭᠤᠳᠠ ᠬᠡᠲᠦ ᠳᠣᠣᠷ᠎ᠠ ᠬᠤᠷᠳᠤᠴᠠ ᠪᠠᠷ ᠶᠠᠪᠤᠭᠤᠯᠬᠤ᠂ ᠣᠭᠵᠣᠮ ᠵᠣᠭᠰᠤᠭᠠᠬᠤ᠂ ᠣᠯᠠᠨ ᠲᠡᠷᠭᠡ ᠲᠠᠢ ᠵᠡᠷᠭᠡᠴᠡᠵᠦ ᠶᠠᠪᠤᠬᠤ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠣᠭᠯᠠᠯ ᠠᠴᠠ ᠵᠠᠶᠢᠳᠠᠬᠤ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ︔      ︵ᠬᠤᠶᠠᠷ︶ ᠵᠠᠮ ᠠᠯᠤᠰᠯᠠᠬᠤ᠂ ᠱᠤᠭᠤᠮ ᠳᠠᠷᠤᠬᠤ᠂ ᠵᠣᠷᠢᠭᠤᠳᠠ ᠬᠠᠯᠬᠠᠯᠠᠬᠤ᠂ ᠭᠬᠢᠷᠲᠦᠭᠡᠵᠦ ᠰᠦᠢᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠬᠡᠷᠡᠭᠯᠡᠬᠦ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ᠃      ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠰᠢᠶᠠᠩ ᠤᠨ ᠵᠠᠮ᠂ ᠲᠣᠰᠬᠤᠨ ᠤ ᠵᠠᠮ ᠢ ᠬᠠᠮᠠᠭᠠᠯᠠᠬᠤ ᠬᠡᠷᠡᠭᠴᠡᠭᠡ ᠪᠠᠨ ᠦᠨᠳᠦᠰᠦᠯᠡᠨ᠂ ᠰᠢᠶᠠᠩ ᠤᠨ ᠵᠠᠮ᠂ ᠲᠣᠰᠬᠤᠨ ᠤ ᠵᠠᠮ ᠤᠨ ᠣᠷᠤᠴᠠ ᠭᠠᠷᠴᠠ ᠳᠤ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ ᠴᠢᠬᠤᠯᠠ ᠪᠦᠬᠦᠢ ᠪᠡᠯᠡᠳᠬᠡᠮᠵᠢ ᠶᠢ ᠬᠠᠤᠯᠢ ᠶᠣᠰᠣᠭᠠᠷ ᠲᠣᠬᠢᠷᠠᠭᠤᠯᠵᠤ ᠪᠣᠯᠣᠨ᠎ᠠ᠂ ᠭᠡᠪᠡᠴᠦ ᠭᠠᠯ ᠰᠡᠷᠭᠡᠶᠢᠯᠡᠨ ᠤᠨᠲᠠᠷᠠᠭᠠᠬᠤ ᠪᠠ ᠡᠷᠡᠭᠦᠯ ᠬᠠᠮᠠᠭᠠᠯᠠᠯ ᠤᠨ ᠪᠠᠴᠢᠮ ᠠᠪᠤᠷᠠᠯᠳᠠ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠨᠥᠯᠥᠭᠡᠯᠡᠵᠦ ᠪᠣᠯᠬᠤ ᠦᠭᠡᠢ᠂ ᠨᠡᠪᠲᠡᠷᠡᠨ ᠥᠩᠭᠡᠷᠡᠬᠦ ᠲᠡᠷᠭᠡ ᠬᠥᠰᠬᠡ ᠠᠴᠠ ᠰᠦᠢᠳᠬᠡᠯ ᠬᠤᠷᠢᠶᠠᠵᠤ ᠪᠣᠯᠬᠤ ᠦᠭᠡᠢ᠃      ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢ ᠵᠢᠷᠤᠮᠯᠠᠨ᠎ᠠ᠃      ᠭᠤᠴᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄      ︵ᠨᠢᠭᠡ︶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠬᠦᠨᠳᠦ ᠶᠢ ᠬᠡᠮᠵᠢᠬᠦ ᠪᠠ ᠬᠢᠨᠠᠨ ᠡᠵᠡᠮᠳᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ︔      ︵ᠬᠤᠶᠠᠷ︶ ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠨᠳᠦ ᠶᠢ ᠬᠡᠮᠵᠢᠭᠰᠡᠨ ᠲᠤᠭ᠎ᠠ ᠪᠠᠷᠢᠮᠲᠠ ᠪᠠ ᠬᠢᠨᠠᠨ ᠡᠵᠡᠮᠳᠡᠭᠰᠡᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠦᠭᠰᠡᠨ ᠦᠭᠡᠢ︔      ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠳᠠᠩᠰᠠᠯᠠᠯᠲᠠ ᠲᠡᠮᠳᠡᠭᠯᠡᠯ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠦᠭᠰᠡᠨ ᠦᠭᠡᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠦᠭᠡᠢ᠃      ᠭᠤᠴᠢᠨ ᠳᠣᠯᠣᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄      ︵ᠨᠢᠭᠡ︶ ᠲᠡᠷᠭᠡ ᠵᠠᠮᠨᠠᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠪᠠᠶᠢᠬᠤ ᠦᠭᠡᠢ ᠪᠤᠶᠤ ᠪᠤᠰᠤᠳ ᠳᠠᠩᠰᠠᠯᠠᠭᠤᠯᠤᠨ ᠪᠦᠷᠢᠳᠬᠡᠭᠦᠯᠦᠭᠰᠡᠨ ᠦᠭᠡᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ︔      ︵ᠬᠤᠶᠠᠷ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ︔      ︵ᠭᠤᠷᠪᠠ︶ ᠪᠠᠷᠢᠮᠵᠢᠶ᠎ᠠ ᠶᠣᠰᠣᠭᠠᠷ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ ᠦᠭᠡᠢ︔      ︵ᠳᠥᠷᠪᠡ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ︔      ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ ᠬᠤᠳᠠᠯ ᠬᠠᠭᠤᠷᠮᠠᠭ ᠭᠡᠷᠡᠴᠢ ᠬᠠᠩᠭᠠᠭᠰᠠᠨ᠃      ᠭᠤᠴᠢᠨ ᠨᠠᠢᠮᠠᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ ᠵᠢᠯᠣᠭᠤᠴᠢ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠢᠯᠣᠭᠤᠳᠤᠭᠤᠯᠤᠨ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ᠲᠡᠷᠭᠡ ᠤᠳᠠᠭ᠎ᠠ ᠪᠦᠷᠢ ᠶᠢ 1000 ᠲᠥᠭᠦᠷᠢᠭ ᠤᠨ ᠵᠣᠭᠤᠰ ᠢᠶᠠᠷ ᠲᠣᠷᠭᠠᠨ᠎ᠠ᠃      ᠭᠤᠴᠢ ᠶᠢᠰᠦᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠄      ︵ᠨᠢᠭᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ ᠪᠠᠨ ᠵᠣᠷᠢᠭᠤᠳᠠ ᠬᠡᠳᠦ ᠳᠣᠣᠷ᠎ᠠ ᠬᠤᠷᠳᠤᠴᠠ ᠪᠠᠷ ᠶᠠᠪᠤᠭᠤᠯᠬᠤ᠂ ᠣᠭᠵᠣᠮ ᠵᠣᠭᠰᠤᠭᠠᠬᠤ᠂ ᠤᠯᠠᠨ ᠲᠡᠷᠭᠡ ᠲᠠᠢ ᠵᠡᠷᠭᠡᠴᠡᠵᠦ ᠶᠠᠪᠤᠬᠤ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠤᠭ ᠲᠥᠬᠦᠭᠡᠷᠦᠮᠵᠢ ᠠᠴᠠ ᠵᠠᠶᠢᠳᠠᠬᠤ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ︔      ︵ᠬᠤᠶᠠᠷ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ ᠪᠠᠨ ᠵᠠᠮ ᠠᠯᠤᠰᠯᠠᠬᠤ᠂ ᠱᠤᠭᠤᠮ ᠳᠠᠷᠤᠬᠤ᠂ ᠵᠣᠷᠢᠭᠤᠳᠠ ᠬᠠᠯᠬᠠᠯᠠᠬᠤ᠂ ᠭᠬᠢᠷᠲᠦᠭᠦᠯᠵᠦ ᠰᠦᠢᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠬᠡᠷᠡᠭᠯᠡᠬᠦ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ︔      ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢ ᠡᠪᠳᠡᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠷᠠᠭᠤᠯᠵᠤ᠂ ᠬᠠᠰᠤᠵᠤ᠂ ᠥᠭᠡᠷᠡᠲᠦᠭᠦᠯᠦᠭᠰᠡᠨ᠃      ᠳᠥᠴᠢᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠨᠡᠶᠢᠯᠡᠭᠦᠯᠵᠦ ᠤᠭᠰᠠᠷᠠᠭᠰᠠᠨ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠢᠯᠣᠭᠤᠳᠤᠭᠰᠠᠨ ᠵᠢᠯᠣᠭᠤᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ︔ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ︔ ᠡᠵᠡᠩᠨᠡᠯᠲᠡ ᠶᠢᠨ ᠦᠨᠡᠮᠯᠡᠯ ᠦᠭᠡᠢ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ᠃      ᠳᠥᠴᠢᠨ ᠨᠢᠭᠡᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠲᠠᠨ ᠳᠤ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠥᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠮᠠᠰᠢᠨᠲᠤ ᠲᠡᠷᠭᠡ ᠶᠢᠨ ᠲᠤᠬᠠᠢ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠦᠯᠦ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠳᠠᠩᠰᠠᠯᠠᠭᠤᠯᠤᠨ ᠪᠦᠷᠢᠳᠬᠡᠭᠦᠯᠬᠦ ᠪᠠ ᠨᠣᠮᠧᠷ ᠤᠨ ᠫᠠᠶᠢᠰᠠ᠂ ᠵᠠᠮᠨᠠᠭᠤᠯᠬᠤ ᠦᠨᠡᠮᠯᠡᠯ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ᠂ ᠵᠠᠮ ᠲᠡᠭᠡᠭᠡᠪᠦᠷᠢ ᠶᠢᠨ ᠦᠨᠡᠮᠯᠡᠯ ᠣᠯᠭᠤᠭᠰᠠᠨ︔      ︵ᠬᠤᠶᠠᠷ︶ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠵᠥᠪᠰᠢᠶᠡᠷᠡᠯ ᠢ ᠲᠣᠭᠲᠠᠭᠠᠯ ᠠᠴᠠ ᠵᠥᠷᠢᠴᠡᠨ ᠭᠦᠢᠴᠡᠳᠬᠡᠵᠦ ᠥᠭᠭᠦᠭᠰᠡᠨ︔      ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠲᠠᠯᠪᠢᠵᠤ ᠶᠠᠪᠤᠭᠤᠯᠤᠭᠰᠠᠨ︔      ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠠᠴᠠ ᠵᠥᠷᠢᠴᠡᠨ ᠦᠯᠡᠳᠡᠭᠡᠵᠦ ᠠᠪᠤᠭᠰᠠᠨ ᠪᠤᠶᠤ ᠬᠠᠤᠯᠢ ᠶᠣᠰᠣᠭᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠬᠡᠷᠡᠭᠯᠡᠭᠰᠡᠨ︔      ︵ᠲᠠᠪᠤ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠣᠯᠣᠭᠠᠳ ᠴᠠᠭ ᠲᠤᠬᠠᠢ ᠳᠤ ᠨᠢ ᠬᠠᠷᠭᠤᠭᠤᠯᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ ᠦᠭᠡᠢ︔      ︵ᠵᠢᠷᠭᠤᠭ᠎ᠠ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃      ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ      ᠳᠥᠴᠢᠨ ᠬᠤᠶᠠᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2013 ᠣᠨ ᠤ 8 ᠳ᠋ᠤᠭᠠᠷ ᠰᠠᠷ᠎ᠠ ᠶᠢᠨ 21 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 198 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ          2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号