ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2024/3/13
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 263 ᠳ᠋ᠤᠭᠠᠷ ᠲᠣᠭᠠᠲᠤ  ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠨᠢᠭᠡᠨᠲᠡ 2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ      2023 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ  ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ  ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ ᠤᠨ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠳᠣᠣᠷᠠᠬᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠪᠠᠷ ᠲᠣᠭᠲᠠᠪᠠ᠄  ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ︵2015 ᠣᠨ ᠤ 12 ᠳ᠋ᠤᠭᠠᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 217 ᠳ᠋ᠤᠭᠠᠷ ᠲᠣᠭᠠᠲᠤ ᠪᠠᠷ ᠨᠡᠶᠢᠲᠡᠯᠡᠪᠡ︶  ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ ᠠᠷᠭ᠎ᠠ︾ ︵2016 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 218 ᠳ᠋ᠤᠭᠠᠷ ᠲᠣᠭᠠᠲᠤ ᠪᠠᠷ ᠨᠡᠶᠢᠲᠡᠯᠡᠪᠡ︶  ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2023 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号