ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ︹ 2023 ︺ 11 ᠳ᠋ᠦ᠋ᠭᠡᠷ ᠲᠣᠭᠠᠲᠤ | ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ | ᠠᠭᠤᠷᠬᠠᠢ ᠶᠢᠨ ︽2 · 22︾ ᠤᠨ ᠣᠨᠴᠠ ᠬᠦᠨᠳᠦ ᠶᠡᠭᠡ ᠶᠡᠭᠦᠷᠡᠭᠰᠡᠨ ᠠᠳᠡᠯ ᠤᠨ ᠰᠤᠷᠭᠠᠮᠵᠢ ᠶᠢ ᠭᠦᠨᠵᠡᠭᠡᠢ | ᠲᠣᠭᠲᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠵᠤ᠂ ᠡᠳᠦᠭᠡ ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠶ᠎ᠡ᠃ | | ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠦᠷᠲᠡᠭ ᠪᠣᠯᠭᠠᠵᠤ ᠪᠣᠯᠬᠤ ᠦᠭᠡᠢ ᠤᠯᠠᠭᠠᠨ | ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠨ᠂ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ | ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ | ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠵᠤ᠂ ᠬᠠᠷᠢᠶ᠎ᠠ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠨ᠂ ᠵᠠᠳᠠᠭᠠᠢ ᠨᠡᠭᠦᠷᠡᠰᠦᠨ ᠠᠭᠤᠷᠬᠠᠢ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠲᠥᠬᠦᠷᠵᠢᠭᠦᠯᠦᠨ | ᠲᠣᠬᠢᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠶᠢᠷᠢᠰᠢᠯ ᠢ ᠰᠢᠯᠢᠳᠡᠭᠵᠢᠭᠦᠯᠦᠨ᠂ ᠵᠠᠳᠠᠭᠠᠢ | ᠨᠡᠭᠦᠷᠡᠰᠦᠨ ᠠᠭᠤᠷᠬᠠᠢ ᠶᠢᠨ ᠬᠤᠯᠪᠤᠭᠠᠯᠠᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠦ᠂ ᠵᠠᠳᠠᠭᠠᠢ ᠨᠡᠭᠦᠷᠡᠰᠦᠨ | ᠠᠭᠤᠷᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠶᠠᠷ᠂ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ᠂ ᠡᠨᠧᠷᠭᠢ ᠶᠢᠨ ᠠᠶᠤᠯ ᠦᠭᠡᠢ | ᠦᠢᠯᠡᠳᠪᠦᠷᠢᠯᠡᠯ ᠤᠨ ᠺᠣᠮᠢᠰ ᠨᠢ ᠲᠦᠷᠦᠭᠦᠯᠡᠨ ᠠᠵᠢᠯᠯᠠᠵᠤ ᠶᠡᠷᠦᠩᠬᠡᠢ ᠳᠤ ᠨᠢ ᠠᠳᠬᠤᠬᠤ ᠦᠢᠯᠡᠳᠦᠯ ᠢᠶᠠᠨ | ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠬᠥᠳᠡᠯᠦᠯᠲᠡ᠂ ᠴᠠᠭ ᠠᠭᠤᠷ᠂ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ | ᠪᠠᠶᠢᠭᠤᠯᠵᠤ᠂ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠵᠠᠳᠠᠭᠠᠢ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ | ᠴᠢᠩᠭᠠᠳᠬᠠᠵᠤ᠂ ᠭᠠᠵᠠᠷ ᠬᠥᠳᠡᠯᠦᠯᠲᠡ᠂ ᠲᠦᠢᠯ ᠤᠨ ᠭᠠᠢ ᠭᠠᠮᠰᠢᠭᠲᠤ ᠴᠠᠭ ᠠᠭᠤᠷ᠂ ᠭᠠᠵᠠᠷ ᠰᠢᠨᠵᠢᠯᠡᠭᠡᠨ ᠤ | ᠭᠠᠢ ᠭᠠᠮᠰᠢᠭ᠂ ᠳᠠᠭᠠᠭᠤᠯᠢ ᠣᠳᠣᠨ ᠤ ᠵᠢᠷᠤᠭ ᠳᠦᠷᠰᠦ ᠵᠡᠷᠭᠡ ᠶᠢᠨ ᠬᠢᠨᠠᠨ ᠰᠢᠨᠵᠢᠭᠰᠡᠨ ᠮᠡᠳᠡᠭᠡ ᠵᠠᠩᠭᠢ ᠶᠢ | ᠬᠠᠮᠲᠤ ᠳᠤ ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ᠃ | ᠭᠤᠷᠪᠠ᠂ ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠮᠤᠷ ᠲᠦᠪᠰᠢᠨ ᠤ ᠬᠢᠨᠠᠨ | ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠬᠢᠬᠦ | ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠵᠠᠳᠠᠭᠠᠢ ᠨᠡᠭᠦᠷᠡᠰᠦᠨ | ᠠᠭᠤᠷᠬᠠᠢ ᠶᠢᠨ ᠬᠦᠨᠳᠦ ᠶᠡᠭᠡ ᠭᠠᠢ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠪᠠᠶᠢᠳᠠᠯ ᠪᠠ ᠠᠮᠤᠷ ᠲᠦᠪᠰᠢᠨ ᠤ ᠪᠠᠶᠢᠳᠠᠯ ᠢ | ᠴᠠᠭ ᠲᠤᠬᠠᠢ ᠳᠤ ᠨᠢ ᠬᠢᠨᠠᠨ ᠡᠵᠡᠮᠳᠡᠬᠦ ᠬᠡᠷᠡᠭᠲᠡᠢ︔ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ | ᠬᠠᠤᠯᠢ ᠠᠴᠠ ᠵᠥᠷᠢᠴᠡᠭᠰᠡᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠵᠠᠳᠠᠭᠠᠢ | ᠨᠡᠭᠦᠷᠡᠰᠦᠨ ᠠᠭᠤᠷᠬᠠᠢ ᠶᠢᠨ ᠪᠣᠳᠠᠲᠠᠢ ᠡᠵᠡᠮᠳᠡᠭᠴᠢ ᠪᠠ ᠪᠣᠳᠠᠲᠠᠢ ᠪᠡᠯᠡ ᠭᠠᠷᠭᠠᠭᠴᠢ ᠵᠡᠷᠭᠡ ︽ᠵᠠᠩᠭᠢᠯᠠᠭ᠎ᠠ ᠶᠢᠨ | ᠬᠥᠮᠥᠨ︾ ᠪᠠ ᠠᠭᠤᠷᠬᠠᠢ ᠶᠢᠨ ᠳᠠᠷᠤᠭ᠎ᠠ᠂ ᠶᠡᠷᠦᠩᠬᠡᠢ ᠢᠨᠵᠧᠨᠧᠷ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠢ ᠴᠢᠩᠭ᠎ᠠ ᠠᠩᠬᠠᠷᠤᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ᠂ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠭᠦᠢᠴᠡᠳᠬᠡᠨ᠎ᠡ᠃ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ ᠤᠨ ᠠᠯᠪᠠᠨ | ᠭᠡᠷ ᠨᠢ ᠬᠢᠨᠠᠯᠲᠠ ᠲᠠᠯᠪᠢᠨ ᠵᠢᠯᠤᠭᠤᠳᠴᠤ ᠵᠣᠬᠢᠴᠠᠭᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃ | ᠳᠥᠷᠪᠡ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭᠠᠲᠠᠨ ᠨᠢ ᠡᠷᠬᠡᠪᠰᠢ ᠠᠶᠤᠯ ᠦᠭᠡᠢ | ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠤᠰ | ᠨᠢᠭᠡᠴᠢ ᠶᠢᠨ ᠢᠶᠠᠨ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ︽ | ᠠᠭᠤᠷᠬᠠᠢ ᠶᠢᠨ ᠲᠠᠪᠤᠨ ᠳᠠᠷᠤᠭ᠎ᠠ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠭᠤᠷᠬᠠᠢ ᠶᠢᠨ | ᠳᠠᠷᠤᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠨᠡᠷ᠎ᠡ ᠶᠢᠨ ᠲᠡᠳᠦᠢ ᠵᠢᠵᠢᠭᠦᠷᠯᠡᠬᠦ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠵᠠᠳᠠᠭᠠᠢ ᠨᠡᠭᠦᠷᠡᠰᠦᠨ ᠠᠭᠤᠷᠬᠠᠢ ᠨᠤᠭᠤᠳ ᠵᠥᠪᠰᠢᠶᠡᠷᠡᠭᠰᠡᠨ | ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠬᠢᠨᠠᠨ ᠰᠢᠨᠵᠢᠬᠦ ᠲᠥᠬᠦᠭᠡᠷᠦᠮᠵᠢ ᠶᠢ ᠭᠦᠢᠴᠡᠳ | ᠲᠡᠭᠦᠯᠳᠡᠷ ᠪᠦᠷᠢᠨ ᠰᠠᠶᠢᠨ ᠪᠠᠶᠢᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠢ ᠪᠦᠷᠢᠨᠰᠢᠭᠦᠯᠬᠦ ᠶᠢᠨ | ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠬᠦ ᠬᠡᠷᠡᠭᠲᠡᠢ᠃ | ᠲᠠᠪᠤ᠂ ᠰᠢᠯᠭᠠᠨ ᠪᠠᠶᠢᠴᠠᠭᠠᠵᠤ ᠬᠡᠮᠵᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠦᠨᠡᠯᠡᠬᠦ᠂ ᠭᠠᠵᠠᠷ | ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ | ᠮᠡᠳᠡᠭᠦᠯᠦᠯᠲᠡ ᠭᠠᠷᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠪᠣᠳᠠᠲᠤ ᠪᠠᠶᠢᠳᠠᠯ ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ᠂ ︽ | ᠬᠠᠷ᠎ᠠ ᠲᠠᠩᠰᠠ︾ ᠶᠢᠨ ᠬᠠᠮᠢᠶᠠᠷᠤᠯᠲᠠ ᠳᠤ ᠣᠷᠣᠭᠤᠯᠵᠤ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ | ᠬᠡᠷᠡᠭᠲᠡᠢ᠃ | ᠵᠢᠷᠭᠤᠭ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ | ᠮᠣᠩᠭᠤᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢ ᠲᠥᠷᠥᠯ ᠬᠤᠪᠢᠶᠠᠨ ᠬᠢᠨᠠᠨ ᠬᠠᠮᠢᠶᠠᠷᠴᠤ | ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠤᠯᠠᠷᠢᠯ ᠪᠦᠷᠢ ᠵᠠᠳᠠᠭᠠᠢ | ᠨᠡᠭᠦᠷᠡᠰᠦᠨ ᠠᠭᠤᠷᠬᠠᠢ ᠶᠢᠨ ᠲᠥᠷᠥᠯ ᠬᠤᠪᠢᠶᠠᠨ ᠲᠠᠰ ᠦᠨᠡᠯᠡᠬᠦ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ | ᠲᠥᠷᠥᠯ ᠬᠤᠪᠢᠶᠠᠨ ᠲᠠᠰ ᠦᠨᠡᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠨ᠎ᠡ᠃ ᠵᠠᠳᠠᠭᠠᠢ ᠨᠡᠭᠦᠷᠡᠰᠦᠨ | ᠠᠭᠤᠷᠬᠠᠢ ᠶᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ ᠤᠨ ᠰᠢᠨᠵᠢᠯᠡᠬᠦ ᠤᠬᠠᠭᠠᠨᠴᠢ ᠬᠡᠷᠡᠭᠯᠡᠯᠲᠡ ᠶᠢ | ᠴᠢᠩᠭᠠᠳᠬᠠᠵᠤ᠂ C ᠲᠥᠷᠥᠯ ᠤᠨ ᠵᠠᠳᠠᠭᠠᠢ ᠨᠡᠭᠦᠷᠡᠰᠦᠨ ᠠᠭᠤᠷᠬᠠᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠴᠤ | ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠬᠦᠨᠳᠦ ᠶᠡᠭᠡ ᠠᠳᠡᠯ ᠤᠨ ᠳᠠᠯᠳᠠ | ᠭᠡᠮ ᠣᠷᠣᠰᠢᠵᠤ ᠪᠠᠶᠢᠭ᠎ᠠ ᠶᠢ ᠨᠢ ᠴᠥᠮ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ | ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠵᠤ᠂ ᠡᠳᠦᠷ ᠲᠤᠲᠤᠮ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰᠬᠠᠢ ᠬᠥᠮᠥᠨ ᠲᠣᠮᠢᠯᠠᠨ ᠬᠠᠷᠠᠭᠤᠯᠤᠨ ᠰᠠᠬᠢᠭᠤᠯᠵᠤ᠂ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠤ ᠬᠠᠮᠲᠤ ᠠᠮᠤᠷ ᠲᠦᠪᠰᠢᠨ ᠤ ᠲᠠᠯ᠎ᠠ ᠪᠠᠷ ᠰᠢᠯᠭᠠᠨ | ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠨᠢ | ᠰᠡᠷᠭᠦᠭᠡᠵᠦ ᠪᠣᠯᠣᠨ᠎ᠠ᠃ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠂ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠨᠢ C ᠲᠥᠷᠥᠯ ᠤᠨ | ᠨᠡᠭᠦᠷᠡᠰᠦᠨ ᠠᠭᠤᠷᠬᠠᠢ ᠶᠢᠨ ᠪᠠᠶᠢᠴᠠᠭᠠᠯᠲᠠ ᠶᠢᠨ ᠳᠠᠪᠲᠠᠮᠵᠢ ᠪᠠᠨ ᠨᠡᠮᠡᠭᠳᠡᠭᠦᠯᠬᠦ ᠬᠡᠷᠡᠭᠲᠡᠢ᠃ ︽ᠨᠡᠭᠦᠷᠡᠰᠦᠨ | ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ C | ᠲᠥᠷᠥᠯ ᠤᠨ ᠨᠡᠭᠦᠷᠡᠰᠦᠨ ᠠᠭᠤᠷᠬᠠᠢ ᠳᠤ ᠦᠢᠯᠡᠳᠪᠦᠷᠢᠯᠡᠬᠦ ᠴᠢᠳᠠᠮᠵᠢ ᠶᠢ ᠨᠢ ᠬᠠᠷᠭᠤᠭᠤᠯᠤᠨ ᠲᠣᠭᠲᠠᠭᠠᠬᠤ ᠠᠵᠢᠯ ᠢ | ᠥᠷᠨᠢᠭᠦᠯᠬᠦ ᠬᠡᠷᠡᠭᠲᠡᠢ᠃ | ᠳᠣᠯᠤᠭ᠎ᠠ᠂ ᠵᠠᠳᠠᠭᠠᠢ ᠨᠡᠭᠦᠷᠡᠰᠦᠨ ᠠᠭᠤᠷᠬᠠᠢ ᠳᠤ ︽ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ | ᠲᠠᠯᠲᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠳᠤ ᠲᠣᠳᠣᠷᠬᠠᠶᠢᠯᠠᠭᠰᠠᠨ ᠬᠦᠨᠳᠦ ᠶᠡᠭᠡ ᠠᠳᠡᠯ ᠤᠨ ᠳᠠᠯᠳᠠ | ᠭᠡᠮ ᠤᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ | ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠦᠨ᠎ᠡ︔ ︽ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ | ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠠᠴᠠ ᠭᠠᠳᠠᠨᠠᠬᠢ ᠡᠩ ᠤᠨ ᠳᠠᠯᠳᠠ ᠭᠡᠮ ᠣᠷᠣᠰᠢᠵᠤ | ᠪᠠᠶᠢᠪᠠᠯ᠂ ᠵᠠᠷᠯᠢᠭᠳᠠᠵᠤ ᠪᠠᠶᠢᠭᠠᠳ ᠳᠠᠯᠳᠠ ᠭᠡᠮ ᠢ ᠲᠡᠷᠡ ᠳᠠᠷᠤᠢ ᠳᠤ ᠨᠢ ᠠᠷᠢᠯᠭᠠᠬᠤ ᠪᠤᠶᠤ ᠬᠤᠭᠤᠴᠠᠭ᠎ᠠ | ᠬᠢᠵᠠᠭᠠᠷᠯᠠᠨ ᠠᠷᠢᠯᠭᠠᠭᠤᠯᠬᠤ ᠬᠡᠷᠡᠭᠲᠡᠢ᠂ ᠬᠡᠷᠡᠭᠵᠢᠭᠦᠯᠬᠦ ᠶᠢ ᠲᠡᠪᠴᠢᠪᠡᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ | ᠨᠠᠢᠮᠠ᠂ ᠵᠠᠳᠠᠭᠠᠢ ᠨᠡᠭᠦᠷᠡᠰᠦᠨ ᠠᠭᠤᠷᠬᠠᠢ ᠨᠢ ᠰᠠᠷ᠎ᠠ ᠪᠦᠷᠢ ᠳᠤ ᠬᠠᠷᠢᠶ᠎ᠠ ᠭᠠᠵᠠᠷ ᠤᠨ ᠢᠶᠠᠨ ᠨᠡᠭᠦᠷᠡᠰᠦᠨ | ᠠᠭᠤᠷᠬᠠᠢ ᠶᠢᠨ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠭᠤᠷᠬᠠᠢ ᠶᠢᠨ ᠠᠮᠤᠷ | ᠲᠦᠪᠰᠢᠨ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠲᠤ ᠳᠡᠭᠲᠡᠷ ᠤᠨ ᠥᠨᠳᠥᠷ ᠤᠨ ᠬᠡᠮᠵᠢᠶ᠎ᠡ | ᠵᠡᠷᠭᠡ ᠠᠶᠤᠯ ᠦᠭᠡᠢ ᠦᠢᠯᠡᠳᠪᠦᠷᠢᠯᠡᠯ ᠤᠨ ᠬᠦᠴᠦᠨ ᠵᠦᠢᠯ ᠢ ᠮᠡᠳᠡᠭᠦᠯᠵᠦ᠂ ᠪᠠᠶᠢᠭ᠎ᠠ ᠭᠠᠵᠠᠷ ᠤᠨ ᠠᠶᠢᠮᠠᠭ | ᠬᠤᠲᠠ ᠶᠢᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ | ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ᠂ ᠬᠠᠤᠯᠢ | ᠲᠣᠭᠲᠠᠭᠠᠯ ᠶᠣᠰᠣᠭᠠᠷ ᠰᠢᠢᠳᠬᠡᠯ ᠲᠣᠷᠭᠠᠭᠤᠯᠢ ᠥᠭᠬᠦ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ᠃ | ᠶᠢᠰᠦ᠂ ᠵᠠᠳᠠᠭᠠᠢ ᠨᠡᠭᠦᠷᠡᠰᠦᠨ ᠠᠭᠤᠷᠬᠠᠢ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ | ᠬᠥᠳᠡᠯᠦᠯᠲᠡ ᠶᠢ ᠬᠢᠨᠠᠨ ᠰᠢᠨᠵᠢᠬᠦ ᠲᠤᠰᠬᠠᠢ ᠥᠷᠲᠡᠭᠡ ᠰᠦᠯᠵᠢᠶ᠎ᠡ᠂ ᠬᠠᠵᠠᠭᠤ ᠪᠡᠯ ᠤᠨ ᠷᠠᠳᠠᠷ ᠢ ᠪᠠᠭᠲᠠᠭᠠᠭᠰᠠᠨ | ᠬᠠᠵᠠᠭᠤ ᠪᠡᠯ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ ᠢ ᠪᠠᠶᠢᠭᠤᠯᠵᠤ᠂ 24 ᠴᠠᠭ ᠤᠨ ᠰᠦᠯᠵᠢᠶᠡᠨ ᠳᠡᠭᠡᠷ᠎ᠡ | ᠬᠢᠨᠠᠨ ᠰᠢᠨᠵᠢᠬᠦ ᠶᠢ ᠬᠡᠷᠡᠭᠵᠢᠭᠦᠯᠬᠦ ᠶᠢᠨ ᠬᠠᠮᠲᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ | ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠯᠦᠭᠡ ᠰᠦᠯᠵᠢᠶ᠎ᠡ ᠪᠠᠨ ᠬᠤᠯᠪᠣᠬᠤ ᠬᠡᠷᠡᠭᠲᠡᠢ᠃ | ᠬᠠᠵᠠᠭᠤ ᠪᠡᠯ ᠤᠨ ᠵᠥᠷᠢᠭᠳᠡᠯ᠂ ᠮᠠᠯᠲᠠᠵᠤ ᠬᠤᠭᠤᠰᠤᠷᠠᠭᠤᠯᠤᠭᠰᠠᠨ ᠣᠷᠣᠨ᠂ ᠬᠠᠶᠠᠭᠳᠠᠮᠠᠯ ᠭᠤᠳᠤᠮᠵᠢᠨ ᠵᠠᠮ ᠵᠡᠷᠭᠡ | ᠭᠠᠮᠰᠢᠭ ᠤᠴᠠᠷᠠᠭᠤᠯᠬᠤ ᠨᠢᠭᠤᠭᠳᠠᠮᠠᠯ ᠬᠦᠴᠦᠨ ᠵᠦᠢᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠵᠠᠰᠠᠬᠤ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠠᠭᠤᠷᠬᠠᠢ ᠮᠠᠯᠲᠠᠬᠤ ᠲᠠᠯᠠᠪᠤᠷ ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ ᠲᠤ ᠡᠷᠬᠡᠪᠰᠢ | ᠵᠠᠷᠯᠠᠨ ᠮᠡᠳᠡᠭᠳᠡᠬᠦ ᠫᠠᠶᠢᠰᠠ ᠲᠠᠯᠪᠢᠵᠤ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠲᠦᠭᠰᠢᠭᠦᠷᠢ ᠶᠢ | ᠲᠣᠳᠣᠷᠬᠠᠢ ᠪᠢᠴᠢᠵᠦ᠂ ᠠᠵᠢᠯᠯᠠᠬᠤ ᠬᠥᠮᠥᠰ ᠲᠤ ᠠᠶᠤᠯ ᠠᠴᠠ ᠪᠠᠴᠢᠮ ᠵᠠᠶᠢᠯᠠᠬᠤ ᠪᠠᠶᠢᠳᠠᠯ ᠪᠠ ᠡᠷᠬᠡ ᠶᠢ | ᠲᠣᠳᠣᠷᠬᠠᠢ ᠬᠡᠯᠡᠵᠦ ᠥᠭᠬᠦ ᠬᠡᠷᠡᠭᠲᠡᠶ︔ ᠪᠡᠯ ᠶᠡᠭᠦᠷᠡᠬᠦ ᠪᠠ ᠨᠤᠷᠠᠵᠤ ᠴᠥᠮᠥᠷᠡᠬᠦ ᠵᠡᠷᠭᠡ ᠠᠳᠡᠯ ᠭᠠᠷᠬᠤ ᠰᠢᠨᠵᠢ | ᠮᠠᠶ᠋ᠢᠭ ᠲᠠᠢ ᠪᠠᠶᠢᠪᠠᠯ᠂ ᠡᠷᠬᠡᠪᠰᠢ ᠲᠡᠷᠡ ᠳᠠᠷᠤᠢ ᠳᠤ ᠨᠢ ᠠᠵᠢᠯᠯᠠᠬᠤ ᠪᠠᠨ ᠪᠠᠶᠢᠵᠤ᠂ ᠬᠥᠮᠥᠰ ᠢ ᠵᠠᠶᠢᠯᠠᠭᠤᠯᠤᠨ | ᠶᠠᠪᠤᠭᠤᠯᠬᠤ ᠬᠡᠷᠡᠭᠲᠡᠢ᠃ | ᠠᠷᠪᠠ᠂ ᠵᠠᠳᠠᠭᠠᠢ ᠨᠡᠭᠦᠷᠡᠰᠦᠨ ᠠᠭᠤᠷᠬᠠᠢ ᠶᠢᠨ ᠪᠠᠷᠢᠯᠭ᠎ᠠ ᠳᠠᠭᠠᠭᠠᠴᠢᠯᠠᠭᠰᠠᠨ ᠨᠢᠭᠡᠴᠢ ᠳᠠᠬᠢ ᠠᠶᠤᠯ | ᠦᠭᠡᠢ ᠶᠢᠨ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠬᠤ ᠬᠡᠷᠡᠭᠲᠡᠢ᠃ ᠨᠡᠭᠦᠷᠡᠰᠦ ᠮᠠᠯᠲᠠᠬᠤ ᠪᠠᠷᠢᠯᠭ᠎ᠠ ᠶᠢ ᠭᠠᠳᠠᠭᠰᠢ | ᠳᠠᠭᠠᠭᠠᠴᠢᠯᠠᠭᠤᠯᠵᠤ ᠪᠣᠯᠬᠤ ᠦᠭᠡᠢ︔ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠠᠴᠠ | ᠳᠣᠷᠣᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 1 ᠠᠴᠠ | ᠬᠡᠲᠦᠷᠡᠵᠦ ᠪᠣᠯᠬᠤ ᠦᠭᠡᠢ᠂ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠵᠢᠴᠢ ᠲᠡᠭᠦᠨ ᠠᠴᠠ | ᠳᠡᠭᠡᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 2 ᠠᠴᠠ | ᠬᠡᠲᠦᠷᠡᠵᠦ ᠪᠣᠯᠬᠤ ᠦᠭᠡᠢ᠃ ᠳᠠᠭᠠᠭᠠᠴᠢᠯᠠᠭᠰᠠᠨ ᠨᠢᠭᠡᠴᠢ ᠨᠦᠭᠦᠳ ᠨᠢ ᠲᠤᠰ ᠠᠭᠤᠷᠬᠠᠢ ᠶᠢᠨ ᠡᠩᠨᠡᠭᠡ ᠯᠦᠭᠡ | ᠪᠠᠷᠢᠮᠵᠢᠶ᠎ᠠ ᠪᠠᠨ ᠨᠢᠭᠡᠳᠦᠯᠲᠡᠢ ᠪᠣᠯᠭᠠᠵᠤ᠂ ᠨᠢᠭᠡᠳᠦᠯᠲᠡᠢ ᠬᠠᠮᠢᠶᠠᠷᠬᠤ ᠬᠡᠷᠡᠭᠲᠡᠢ᠃ ᠵᠠᠳᠠᠭᠠᠢ ᠨᠡᠭᠦᠷᠡᠰᠦᠨ | ᠠᠭᠤᠷᠬᠠᠢ ᠶᠢᠨ ᠳᠠᠭᠠᠭᠠᠴᠢᠯᠠᠯᠲᠠ ᠵᠠᠷᠯᠠᠬᠤ ᠳᠤ ᠲᠣᠰ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠦᠨᠳᠦᠰᠦᠯᠡᠨ᠂ ᠪᠠᠷᠢᠯᠭ᠎ᠠ ᠳᠠᠭᠠᠭᠠᠴᠢᠯᠠᠬᠤ ᠨᠢᠭᠡᠴᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠬᠤ | ᠬᠡᠷᠡᠭᠲᠡᠶ︔ ᠳᠠᠭᠠᠭᠠᠴᠢᠯᠠᠯᠲᠠ ᠵᠠᠷᠯᠠᠯᠲᠠ ᠶᠢᠨ ᠳᠣᠣᠷ᠎ᠠ ᠬᠢᠵᠠᠭᠠᠷ ᠦᠨ᠎ᠡ ᠶᠢ ᠲᠣᠭᠲᠠᠭᠠᠬᠤ ᠶᠢᠨ ᠬᠠᠮᠲᠤ | ᠳᠠᠭᠠᠭᠠᠴᠢᠯᠠᠯᠲᠠ ᠬᠦᠯᠢᠶᠡᠬᠦ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ᠂ ᠴᠢᠳᠠᠪᠤᠷᠢ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠳᠠᠭᠠᠭᠠᠴᠢᠯᠠᠯᠲᠠ ᠣᠨᠣᠬᠤ ᠠᠵᠤ ᠠᠬᠤᠶᠢᠯᠠᠯ ᠢ ᠲᠣᠭᠲᠠᠭᠠᠬᠤ ᠬᠡᠷᠡᠭᠲᠡᠢ᠂ | ᠳᠥᠭᠦᠮᠬᠡᠨ ᠢᠶᠠᠷ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠭᠠᠵᠤ ᠪᠣᠯᠬᠤ ᠦᠭᠡᠢ᠃ ᠳᠠᠭᠠᠭᠠᠴᠢᠯᠠᠬᠤ | ᠨᠢᠭᠡᠴᠢ ᠶᠢᠨ ᠬᠢᠨ ᠳᠠᠭᠠᠭᠠᠴᠢᠯᠠᠭᠰᠠᠨ ᠪᠠᠷᠢᠯᠭ᠎ᠠ ᠶᠢᠨ ᠭᠤᠣᠯ ᠴᠣᠭᠴᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ | ᠴᠠᠭᠠᠵᠠᠯᠠᠵᠤ᠂ ᠳᠠᠭᠠᠭᠠᠴᠢᠯᠠᠭᠰᠠᠨ ᠨᠢᠭᠡᠴᠢ ᠲᠡᠭᠦᠨ ᠤ ᠥᠪᠡᠷ ᠤᠨ ᠳᠠᠭᠠᠭᠠᠨ ᠠᠪᠤᠭᠰᠠᠨ ᠪᠠᠷᠢᠯᠭ᠎ᠠ ᠪᠠᠨ | ᠰᠢᠯᠵᠢᠭᠦᠯᠦᠨ ᠳᠠᠭᠠᠭᠠᠴᠢᠯᠠᠭᠤᠯᠬᠤ ᠶᠢ ᠴᠠᠭᠠᠵᠠᠯᠠᠬᠤ ᠬᠡᠷᠡᠭᠲᠡᠢ᠃ | ᠠᠷᠪᠠᠨ ᠨᠢᠭᠡ᠂ ᠵᠠᠳᠠᠭᠠᠢ ᠨᠡᠭᠦᠷᠡᠰᠦᠨ ᠠᠭᠤᠷᠬᠠᠢ ᠪᠣᠯ ᠬᠠᠤᠯᠢ ᠲᠣᠭᠲᠠᠭᠠᠯ ᠶᠣᠰᠣᠭᠠᠷ ᠪᠦᠬᠦ | ᠠᠵᠢᠯᠯᠠᠭᠰᠠᠳ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠨ ᠥᠭᠴᠦ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠭᠤᠯᠬᠤ ᠬᠡᠷᠡᠭᠲᠡᠢ᠃ | ᠠᠷᠪᠠᠨ ᠬᠤᠶᠠᠷ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠠᠪᠴᠠᠩ | ᠂ ᠠᠳᠠᠯᠢ ᠨᠢᠭᠡ ᠤᠬᠤᠵᠤ ᠮᠠᠯᠲᠠᠬᠤ ᠪᠦᠰᠡ᠂ ᠮᠠᠯᠲᠠᠵᠤ ᠱᠠᠭᠠᠯᠬᠤ ᠲᠥᠬᠦᠭᠡᠷᠦᠮᠵᠢ ᠶᠢᠨ ᠬᠤᠭᠤᠷᠣᠨᠳᠤᠬᠢ ᠠᠮᠤᠷ | ᠲᠦᠪᠰᠢᠨ ᠤ ᠵᠠᠢ ᠨᠢ 50 ᠮᠧᠳ᠋ᠷ ᠠᠴᠠ ᠣᠶᠢᠷ᠎ᠠ ᠪᠠᠶᠢᠵᠤ ᠪᠣᠯᠬᠤ ᠦᠭᠡᠢ᠂ ᠲᠡᠭᠡᠭᠡᠪᠦᠷᠢ ᠶᠢᠨ ᠲᠥᠬᠦᠭᠡᠷᠦᠮᠵᠢ ᠶᠢᠨ | ᠬᠤᠭᠤᠷᠣᠨᠳᠤᠬᠢ ᠠᠮᠤᠷ ᠲᠦᠪᠰᠢᠨ ᠤ ᠵᠠᠢ ᠨᠢ 30 ᠮᠧᠳ᠋ᠷ ᠠᠴᠠ ᠪᠠᠭ᠎ᠠ ᠪᠠᠶᠢᠵᠤ ᠪᠣᠯᠬᠤ ᠦᠭᠡᠢ᠃ 300 | ᠮᠧᠳ᠋ᠷ ᠤᠨ ᠠᠵᠢᠯᠯᠠᠬᠤ ᠱᠤᠭᠤᠮ ᠤᠨ ᠬᠡᠪᠴᠢᠶᠡᠨ ᠳᠣᠲᠣᠷ᠎ᠠ᠂ ᠳᠡᠭᠡᠷ᠎ᠡ ᠠᠴᠠ ᠳᠣᠷᠣᠭᠰᠢ ᠪᠦᠬᠦ ᠳᠡᠭᠲᠡᠷ ᠲᠤ ᠳᠠᠩ | ᠡᠭᠡᠯᠵᠢ ᠶᠢᠨ ᠠᠵᠢᠯᠯᠠᠬᠤ ᠬᠥᠮᠥᠨ ᠤ ᠲᠤᠭ᠎ᠠ ᠨᠢ 29 ᠬᠥᠮᠥᠨ ᠠᠴᠠ ᠢᠯᠡᠭᠦᠦ ᠪᠠᠶᠢᠵᠤ ᠪᠣᠯᠬᠤ ᠦᠭᠡᠢ᠃ | ᠠᠷᠪᠠᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ | ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠲᠠᠢ ᠬᠠᠮᠲᠤᠷᠠᠨ᠂ ᠵᠠᠳᠠᠭᠠᠢ ᠨᠡᠭᠦᠷᠡᠰᠦᠨ | ᠠᠭᠤᠷᠬᠠᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠯ ᠪᠠ ᠠᠵᠢᠯ ᠢᠶᠠᠨ | ᠵᠣᠭᠰᠣᠭᠠᠭᠰᠠᠨ ᠰᠢᠯᠲᠠᠭᠠᠨ᠂ ᠦᠢᠯᠡᠳᠪᠦᠷᠢᠯᠡᠯ ᠪᠠ ᠠᠵᠢᠯ ᠢᠶᠠᠨ ᠰᠡᠷᠭᠦᠭᠡᠭᠰᠡᠨ ᠴᠣᠬᠤᠯᠠᠪᠤᠷᠢ ᠵᠡᠷᠭᠡ ᠪᠠᠶᠢᠳᠠᠯ ᠢ | ᠴᠠᠭ ᠲᠤᠬᠠᠢ ᠳᠤ ᠨᠢ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠡᠢ᠃ | ᠠᠷᠪᠠᠨ ᠳᠥᠷᠪᠡ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠨᠡᠭᠦᠷᠡᠰᠦᠨ ᠤ | ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ᠂ | ᠠᠭᠤᠷᠬᠠᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠢ ᠶᠢᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠦᠨ᠂ ᠨᠡᠶᠢᠭᠡᠮ ᠳᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ᠂ ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ | ᠬᠡᠷᠡᠭᠲᠡᠢ᠃ | ᠠᠷᠪᠠᠨ ᠲᠠᠪᠤ᠂ ᠵᠠᠳᠠᠭᠠᠢ ᠨᠡᠭᠦᠷᠡᠰᠦᠨ ᠠᠭᠤᠷᠬᠠᠢ ᠳᠤ ︽ᠳᠥᠷᠪᠡᠨ ᠨᠢᠭᠡ ᠪᠦᠯᠦᠭ︾ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠠᠪᠬᠤ ᠬᠡᠷᠡᠭᠲᠡᠢ᠃ | ︵ᠨᠢᠭᠡ︶ ᠨᠢᠭᠡ ᠪᠦᠯᠦᠭ ᠢ ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠨ᠎ᠠ᠃ ᠬᠦᠨᠳᠦ ᠶᠡᠭᠡ ᠠᠳᠡᠯ ᠤᠨ | ᠳᠠᠯᠳᠠ ᠭᠡᠮ ᠣᠷᠣᠰᠢᠵᠤ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠠᠮᠤᠷ ᠲᠦᠪᠰᠢᠨ ᠤ | ᠨᠥᠬᠦᠴᠡᠯ ᠳᠤ ᠬᠦᠷᠴᠦ ᠳᠡᠶᠢᠯᠬᠦ ᠦᠭᠡᠢ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ | ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠬᠤ ᠬᠡᠷᠡᠭᠲᠡᠢ᠃ | ︵ᠬᠤᠶᠠᠷ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠡᠬᠢ | ᠪᠠᠶᠠᠯᠢᠭ ᠤᠨ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ᠂ ᠵᠦᠢ ᠵᠣᠬᠢᠰ ᠦᠭᠡᠢ ᠪᠠᠶᠢᠵᠤ᠂ ᠠᠭᠤᠷᠬᠠᠢ ᠶᠢᠨ | ᠰᠠᠪᠠ ᠶᠢᠨ ᠲᠠᠯᠠᠪᠠᠢ ᠨᠢ ᠪᠠᠭ᠎ᠠ᠂ ᠬᠡᠪ ᠤᠨ ᠮᠠᠯᠲᠠᠵᠤ ᠴᠡᠪᠡᠷᠯᠡᠬᠦ ᠠᠵᠢᠯ ᠢ ᠪᠡᠶᠡᠯᠡᠭᠦᠯᠬᠦ ᠶᠢᠨ ᠠᠷᠭ᠎ᠠ ᠦᠭᠡᠢ᠂ | ᠡᠰᠡᠬᠦᠯ᠎ᠡ ᠬᠠᠵᠠᠭᠤ ᠬᠠᠪᠢ ᠪᠠᠷ ᠬᠢ ᠨᠡᠭᠦᠷᠡᠰᠦᠨ ᠠᠭᠤᠷᠬᠠᠢ ᠠᠶᠤᠯ ᠦᠭᠡᠢ ᠦᠢᠯᠡᠳᠪᠦᠷᠢᠯᠡᠯ ᠢ ᠨᠢ ᠨᠥᠯᠥᠭᠡᠯᠡᠵᠦ | ᠪᠠᠶᠢᠭ᠎ᠠ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠵᠤ᠂ ᠵᠢᠵᠢᠭ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠲᠣᠮᠣ ᠬᠡᠯᠪᠡᠷᠢ ᠶᠢᠨ ᠠᠭᠤᠷᠬᠠᠢ | ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠂ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠬᠤ᠂ | ᠨᠡᠭᠡᠭᠡᠨ ᠮᠠᠯᠲᠠᠬᠤ ᠶᠢ ᠣᠶᠤᠨᠴᠢᠯᠠᠬᠤ᠂ ᠲᠣᠨᠤᠭ ᠲᠥᠬᠦᠭᠡᠷᠦᠮᠵᠢ ᠶᠢ ᠬᠦᠨᠳᠦ ᠬᠡᠯᠪᠡᠷᠢᠵᠢᠭᠦᠯᠬᠦ᠂ ᠡᠩᠨᠡᠭᠡ ᠶᠢ | ᠲᠤᠰᠬᠠᠶᠢᠵᠢᠭᠤᠯᠬᠤ᠂ ᠬᠠᠮᠢᠶᠠᠷᠤᠯᠲᠠ ᠶᠢ ᠨᠠᠷᠢᠯᠢᠭᠵᠢᠭᠤᠯᠬᠤ ᠪᠠ ᠠᠮᠢ ᠠᠬᠤᠢ ᠶᠢ ᠡᠬᠢ ᠪᠠᠶᠠᠯᠢᠭᠵᠢᠭᠤᠯᠬᠤ ᠶᠢ | ᠪᠡᠶᠡᠯᠡᠭᠦᠯᠬᠦ ᠬᠡᠷᠡᠭᠲᠡᠢ᠃ | ︵ᠭᠤᠷᠪᠠ︶ ᠨᠢᠭᠡ ᠪᠦᠯᠦᠭ ᠢ ᠥᠭᠡᠷᠡᠴᠢᠯᠡᠨ ᠰᠠᠶᠢᠵᠢᠷᠠᠭᠤᠯᠤᠨ᠎ᠠ᠃ ᠣᠲᠣ ᠶᠢᠨ ᠪᠠᠶᠢᠭ᠎ᠠ | ᠬᠠᠳᠠᠭᠠᠯᠠᠭᠳᠠᠴᠠ ᠪᠠᠷ ᠠᠷᠪᠢᠨ᠂ ᠲᠤᠬᠠᠢ ᠶᠢᠨ ᠲᠠᠯᠠᠪᠤᠷ ᠢ ᠰᠠᠶᠢᠲᠤᠷ ᠬᠠᠮᠢᠶᠠᠷᠤᠭᠰᠠᠨ᠂ ᠮᠡᠷᠭᠡᠵᠢᠯ ᠤᠨ ᠠᠵᠢᠯᠲᠠᠨ ᠤ | ᠲᠣᠬᠢᠷᠠᠭᠤᠯᠤᠯᠲᠠ ᠨᠢ ᠰᠠᠶᠢᠨ ᠪᠠᠶᠢᠬᠤ ᠵᠠᠳᠠᠭᠠᠢ ᠨᠡᠭᠦᠷᠡᠰᠦᠨ ᠠᠭᠤᠷᠬᠠᠢ ᠳᠤ ᠵᠢᠯᠣᠭᠤᠴᠢ ᠦᠭᠡᠢ᠂ ᠬᠠᠵᠠᠭᠤ ᠪᠠᠯ ᠤᠨ | ᠷᠠᠳᠠᠷ ᠤᠨ ᠬᠢᠨᠠᠨ ᠰᠢᠨᠵᠢᠯᠲᠡ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠣᠶᠤᠨᠴᠢᠯᠠᠯᠲᠠ᠂ | ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠠᠷ ᠳᠠᠮᠵᠢᠭᠤᠯᠤᠨ᠂ ᠠᠶᠤᠯ ᠦᠭᠡᠢ | ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ︵ᠳᠥᠷᠪᠡ︶ ᠨᠢᠭᠡ | ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠦᠨ᠎ᠡ᠃ ᠤᠯᠤᠰ ᠤᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠪᠣᠯᠣᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠭᠦᠢᠴᠡᠳ ᠤᠶᠠᠯᠳᠤᠭᠤᠯᠤᠨ᠂ | ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ | ᠣᠳᠣᠬᠢᠴᠢᠯᠠᠭᠰᠠᠨ ᠲᠣᠮᠣ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠰᠢᠨ᠎ᠡ ᠪᠠᠷ ᠪᠠᠶᠢᠭᠤᠯᠬᠤ ᠬᠡᠷᠡᠭᠲᠡᠢ᠃ | ᠠᠷᠪᠠᠨ ᠵᠢᠷᠭᠤᠭ᠎ᠠ᠂ ᠡᠯ᠎ᠡ ᠭᠠᠵᠠᠷ ᠣᠷᠣᠨ ᠨᠢ ᠵᠠᠳᠠᠭᠠᠢ ᠨᠡᠭᠦᠷᠡᠰᠦᠨ ᠠᠭᠤᠷᠬᠠᠢ ᠶᠢᠨ ᠠᠶᠤᠯ ᠦᠭᠡᠢ | ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠭᠠᠵᠠᠷ ᠰᠢᠷᠣᠢ ᠶᠢᠨ ᠠᠰᠢᠭᠯᠠᠯᠲᠠ᠂ ᠠᠭᠤᠷᠬᠠᠢ ᠶᠢᠨ ᠠᠵᠢᠯ | ᠲᠦᠷᠦᠯ ᠤᠨ ᠡᠷᠬᠡ ᠳᠠᠪᠬᠤᠴᠠᠭᠰᠠᠨ ᠵᠡᠷᠭᠡ ᠲᠣᠪᠤᠶᠢᠮ᠎ᠠ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ | ᠰᠢᠢᠳᠪᠦᠷᠢᠯᠡᠵᠦ᠂ ᠬᠠᠵᠠᠭᠤ ᠬᠠᠪᠢ ᠪᠠᠷ ᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠳᠠᠷᠤᠭᠳᠠᠵᠤ ᠪᠠᠶᠢᠭ᠎ᠠ ᠮᠠᠯᠲᠠᠭ᠎ᠠ | ᠦᠭᠡᠢ ᠨᠡᠭᠦᠷᠡᠰᠦᠨ ᠤ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | ᠠᠷᠪᠠᠨ ᠳᠣᠯᠤᠭ᠎ᠠ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠲᠣᠬᠢᠷᠠᠭᠤᠯᠤᠯᠲᠠ᠂ ᠮᠠᠯᠲᠠᠵᠤ ᠪᠣᠯᠬᠤ | ᠬᠦᠷᠢᠶ᠎ᠡ ᠬᠡᠪᠴᠢᠶ᠎ᠡ᠂ ᠭᠠᠢ ᠭᠠᠮᠰᠢᠭ ᠤᠨ ᠲᠦᠭᠰᠢᠭᠦᠷᠢ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ ᠪᠣᠳᠣᠯᠬᠢᠯᠠᠵᠤ | ᠂ ᠰᠢᠨᠵᠢᠯᠡᠬᠦ ᠤᠬᠠᠭᠠᠨᠴᠢ ᠪᠠᠷ ᠨᠤᠲᠠᠯᠠᠨ᠂ ᠵᠠᠳᠠᠭᠠᠢ ᠨᠡᠭᠦᠷᠡᠰᠦᠨ ᠠᠭᠤᠷᠬᠠᠢ ᠠᠴᠠ ᠠᠭᠤᠷᠬᠠᠢ ᠶᠢᠨ ᠬᠤᠳᠳᠤᠭ ᠲᠤ᠂ | ᠠᠭᠤᠷᠬᠠᠢ ᠶᠢᠨ ᠬᠤᠳᠳᠤᠭ ᠠᠴᠠ ᠵᠠᠳᠠᠭᠠᠢ ᠨᠡᠭᠦᠷᠡᠰᠦᠨ ᠠᠭᠤᠷᠬᠠᠢ ᠳᠤ ᠮᠠᠯᠲᠠᠬᠤ ᠪᠣᠯᠭᠠᠨ ᠬᠤᠪᠢᠷᠠᠭᠠᠬᠤ | ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠤᠭᠴᠤᠭ᠎ᠠ ᠶᠢ ᠴᠢᠩᠭ᠎ᠠ ᠠᠳᠬᠤᠬᠤ ᠬᠡᠷᠡᠭᠲᠡᠢ | ᠃ | ᠠᠷᠪᠠᠨ ᠨᠠᠢᠮᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠲᠠᠳ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠲᠡᠮᠡᠴᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ | ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠠᠮᠵᠢᠯᠲᠠ | ᠪᠦᠲᠦᠮᠵᠢ ᠪᠠᠷ ᠳᠣᠪᠤᠶᠢᠭᠰᠠᠨ ᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠶᠢᠨ ᠦᠶ᠎ᠡ ᠳᠤ ᠢᠳᠡᠪᠬᠢᠲᠡᠢ ᠪᠠᠷ | ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ︔ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠢ ᠬᠠᠤᠯᠢ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | 2023 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2023 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |