ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 258 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ︾ ᠶᠢ 2022 ᠣᠨ ᠤ 12 | ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠴᠢᠨ | ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ | 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2022 ᠣᠨ ᠤ 12 ᠳ᠋ᠤᠭᠠᠷ ᠰᠠᠷ᠎ᠠ ᠶᠢᠨ 28 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠦᠢᠯᠡ ᠠᠵᠢᠯᠯᠠᠭ᠎ᠠ ᠶᠢ ᠵᠠᠰᠠᠵᠤ᠂ ᠵᠠᠰᠠᠮᠠᠯ ᠵᠠᠮ ᠤᠨ ᠠᠮᠤᠷ ᠲᠦᠪᠰᠢᠨ᠂ ᠬᠡᠪ ᠢᠶᠠᠷ ᠪᠠ | ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ | ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ | ᠵᠠᠰᠠᠬᠤ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠭᠡᠳᠡᠭ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠪᠠᠷᠠᠭᠠᠨ ᠤ | ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ ᠶᠡᠷᠦᠩᠬᠡᠢ ᠮᠠᠰ ᠨᠢ ᠤᠯᠤᠰ ᠤᠨ ᠲᠣᠭᠲᠠᠭᠠᠭᠰᠠᠨ | ᠪᠠᠷᠢᠮᠵᠢᠶ᠎ᠠ ᠠᠴᠠ ᠬᠡᠲᠦᠷᠡᠭᠰᠡᠨ ᠪᠤᠶᠤ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ | ᠵᠠᠮ ᠤᠨ ᠵᠠᠮ ᠬᠠᠷᠢᠯᠴᠠᠭᠠᠨ ᠤ ᠲᠡᠮᠳᠡᠭ ᠲᠤ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ᠂ ᠥᠨᠳᠥᠷ ᠢ | ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠳᠤ ᠶᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠰᠡᠨ ᠢ ᠵᠢᠭᠠᠵᠤ ᠪᠤᠢ | ᠃ | ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠳᠤ ᠵᠠᠰᠠᠭ ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠤᠳ | ᠬᠠᠮᠲᠤᠷᠠᠨ ᠬᠥᠳᠡᠯᠦᠯᠴᠡᠬᠦ᠂ ᠦᠡᠭᠭᠡᠨ ᠲᠠᠯ᠎ᠠ ᠪᠠ ᠤᠭ ᠦᠨᠳᠦᠰᠦ ᠶᠢ ᠨᠢ ᠵᠡᠷᠭᠡ ᠪᠠᠷ ᠵᠠᠰᠠᠬᠤ᠂ ᠤᠷᠳᠤ | ᠬᠤᠭᠤᠴᠠᠭ᠎ᠠ ᠪᠠᠷ ᠦᠷ᠎ᠡ ᠪᠦᠲᠦᠮᠵᠢᠲᠡᠢ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠤᠳᠤᠷᠢᠳᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠪᠠ | ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ | ᠠᠵᠢᠯ ᠢ ᠣᠨ ᠤ ᠠᠵᠢᠯ ᠤᠨ ᠬᠠᠷᠠᠯᠲᠠ ᠶᠢᠨ ᠰᠢᠯᠭᠠᠨ ᠬᠢᠨᠠᠯᠲᠠ ᠳᠤ ᠪᠠᠨ ᠣᠷᠣᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ | ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠬᠤ ᠬᠡᠷᠡᠭᠲᠡᠢ | ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠵᠠᠰᠠᠭ | ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢᠶᠠᠨ ᠬᠠᠷᠢᠭᠤᠴᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ | ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠠᠵᠢᠯ ᠢ ᠰᠠᠶᠢᠲᠤᠷ | ᠬᠢᠬᠦ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠥᠷᠨᠢᠭᠦᠯᠬᠦ ᠶᠢ ᠨᠢ ᠳᠡᠮᠵᠢᠬᠦ ᠪᠠ | ᠲᠡᠭᠦᠨ ᠳᠤ ᠬᠠᠮᠵᠢᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ | ᠵᠠᠰᠠᠬᠤ ᠠᠵᠢᠯ ᠤᠨ ᠮᠡᠳᠡᠭᠡ ᠵᠠᠩᠭᠢᠵᠢᠭᠤᠯᠬᠤ᠂ ᠣᠶᠤᠨᠴᠢᠯᠠᠬᠤ ᠪᠠᠶᠢᠭᠤᠯᠤᠯᠲᠠ ᠪᠠᠨ ᠴᠢᠩᠭᠠᠳᠬᠠᠵᠤ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠤᠲᠠ ᠶᠢᠨ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ᠂ ᠪᠠᠷᠠᠭ᠎ᠠ ᠲᠡᠭᠡᠭᠡᠪᠦᠷᠢ ᠶᠢᠨ | ᠡᠵᠡᠩᠨᠡᠭᠴᠢ ᠵᠡᠷᠭᠡ ᠶᠢ ᠮᠡᠳᠡᠭᠡ ᠵᠠᠩᠭᠢ ᠬᠠᠮᠲᠤ ᠳᠤ ᠪᠠᠨ ᠬᠦᠷᠲᠡᠬᠦ ᠲᠠᠪᠴᠠᠩ ᠳᠤ ᠪᠠᠨ ᠣᠷᠣᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ | ᠬᠡᠷᠡᠭᠲᠡᠢ᠃ | ᠳᠣᠯᠣᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ | ᠡᠵᠡᠩᠨᠡᠭᠴᠢ ᠨᠢ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠬᠡᠷᠡᠭᠲᠡᠢ᠃ | ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ᠂ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠨᠢ ᠤᠯᠤᠰ ᠠᠴᠠ ᠲᠣᠭᠲᠠᠭᠠᠭᠰᠠᠨ ᠲᠡᠷᠭᠡ ᠬᠥᠰᠬᠡ ᠶᠢᠨ | ᠠᠴᠢᠶᠠᠯᠠᠬᠤ ᠬᠢᠵᠠᠭᠠᠷ ᠬᠡᠮᠵᠢᠭᠳᠡᠯ ᠪᠠ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠡᠮᠳᠡᠭ ᠤᠨ ᠲᠣᠳᠣᠷᠬᠠᠶᠢᠯᠠᠭᠰᠠᠨ | ᠳᠠᠭᠠᠭᠠᠴᠠ ᠶᠢ ᠬᠢᠵᠠᠭᠠᠷᠯᠠᠬᠤ᠂ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠳᠤ ᠶᠢ ᠬᠢᠵᠠᠭᠠᠷᠯᠠᠬᠤ | ᠪᠠᠷᠢᠮᠵᠢᠶ᠎ᠠ ᠪᠠᠷ ᠠᠴᠢᠶᠠᠯᠠᠬᠤ᠂ ᠲᠡᠭᠡᠭᠡᠪᠦᠷᠢᠯᠡᠬᠦ ᠪᠠ ᠡᠵᠡᠩᠨᠡᠬᠦ ᠪᠠᠨ ᠵᠢᠷᠤᠮᠵᠢᠭᠤᠯᠬᠤ ᠬᠡᠷᠡᠭᠲᠡᠢ᠃ | ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠵᠠᠮ ᠭᠤᠳᠣᠰ ᠤᠨ ᠪᠠᠷᠠᠭ᠎ᠠ ᠲᠡᠭᠡᠭᠡᠪᠦᠷᠢ ᠶᠢᠨ | ᠦᠷᠳᠡᠭᠡ ︵ᠲᠠᠯᠠᠪᠤᠷ︶᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠨᠡᠭᠦᠷᠡᠰᠦ᠂ ᠬᠦᠳᠡᠷ᠂ ᠪᠣᠯᠣᠳ | ᠮᠠᠲ᠋ᠧᠷᠢᠶᠠᠯ᠂ ᠱᠦᠢᠨᠢ᠂ ᠪᠧᠲ᠋ᠤᠨ᠂ ᠬᠠᠶᠢᠷ ᠴᠢᠯᠠᠭᠤ᠂ ᠰᠢᠪᠠᠷ ᠰᠢᠷᠣᠢ᠂ ᠲᠠᠸᠠᠷ ᠤᠨ ᠲᠡᠷᠭᠡ᠂ ᠬᠦᠨᠳᠦ ᠶᠡᠭᠡ | ᠲᠣᠨᠤᠭ ᠲᠥᠬᠦᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠲᠠᠯ᠎ᠠ ᠶᠢᠨ ᠢᠲᠡᠭᠡᠮᠵᠢ ᠶᠢᠨ ᠳᠦᠷᠢᠮ ᠢ ᠪᠠᠶᠢᠭᠤᠯᠵᠤ᠂ | ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ᠂ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ᠂ ᠵᠢᠯᠣᠭᠤᠴᠢ ᠵᠡᠷᠭᠡ ᠶᠢ ᠢᠲᠡᠭᠡᠮᠵᠢ ᠶᠢᠨ ᠬᠠᠮᠢᠶᠠᠷᠤᠯᠲᠠ ᠶᠢᠨ | ᠲᠣᠭᠲᠠᠯᠴᠠᠭ᠎ᠠ ᠳᠤ ᠪᠠᠨ ᠣᠷᠣᠭᠤᠯᠵᠤ᠂ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠬᠡᠷᠡᠭᠲᠡᠢ᠃ | ᠶᠢᠰᠦᠳᠦᠭᠡᠷ ᠵᠦᠢᠯ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠨᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ | ᠬᠠᠤᠯᠢ ᠴᠠᠭᠠᠵᠠ᠂ ᠬᠠᠤᠯᠢ ᠲᠣᠭᠲᠠᠭᠠᠯ ᠬᠢᠭᠡᠳ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠥᠷᠨᠢᠭᠦᠯᠵᠦ᠂ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ | ᠦᠢᠯᠡ ᠠᠵᠢᠯᠯᠠᠭ᠎ᠠ ᠳᠠᠬᠢ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠢ᠃ | ᠠᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠥᠮ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ | ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢᠶᠠᠨ ᠨᠡᠶᠢᠭᠡᠮ ᠳᠤ ᠢᠯᠡ | ᠨᠡᠶᠢᠲᠡᠯᠡᠵᠦ᠂ ᠬᠠᠤᠯᠢ ᠶᠣᠰᠣᠭᠠᠷ ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ᠂ ᠵᠠᠭᠠᠯᠳᠤᠭᠴᠢ ᠢᠯᠡᠴᠢᠯᠡᠨ | ᠮᠡᠳᠡᠭᠦᠯᠦᠭᠴᠢ ᠳᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠢ᠃ | ᠬᠤᠶᠠᠳᠤᠭᠠᠷ ᠪᠦᠯᠦᠭ ᠡᠬᠢ ᠡᠭᠦᠰᠦᠯ ᠠᠴᠠ ᠨᠢ ᠵᠠᠰᠠᠬᠤ | ᠠᠷᠪᠠᠨ ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ᠂ ᠥᠭᠡᠷᠡᠴᠢᠯᠡᠨ | ᠤᠭᠰᠠᠷᠠᠬᠤ ᠳᠤ ᠲᠡᠷᠭᠡ ᠶᠢᠨ ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ ᠮᠠᠰ ᠤᠨ ᠬᠢᠵᠠᠭᠠᠷ | ᠬᠡᠮᠵᠢᠭᠳᠡᠯ ᠵᠡᠷᠭᠡ ᠶᠢᠨ ᠲᠤᠬᠠᠢ ᠤᠯᠤᠰ ᠤᠨ ᠮᠠᠰᠢᠨᠲᠤ ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠥᠯᠥ | ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ᠂ ᠬᠡᠷᠡᠭᠯᠡᠬᠦ᠂ ᠪᠣᠷᠣᠯᠠᠭᠤᠯᠬᠤ ᠶᠢ | ᠴᠠᠭᠠᠵᠠᠯᠠᠨ᠎ᠠ᠃ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠨᠡᠶᠢᠯᠡᠭᠦᠯᠵᠦ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠭᠠᠳᠠᠷ ᠬᠡᠯᠪᠡᠷᠢ ᠪᠠ ᠨᠢᠭᠡᠨᠲᠡ | ᠳᠠᠩᠰᠠᠯᠠᠭᠤᠯᠤᠭᠰᠠᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠵᠤ | ᠪᠣᠯᠬᠤ ᠦᠭᠡᠢ᠃ | ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠬᠦ ᠳᠤ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ | ᠴᠢᠬᠤᠯᠠᠲᠠᠢ ᠪᠣᠯ᠂ ᠵᠣᠬᠢᠬᠤ ᠬᠢᠷᠢ ᠬᠡᠮ ᠲᠠᠢ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠢᠶᠠᠷ | ᠲᠣᠭᠲᠠᠭᠠᠭᠰᠠᠨ ᠲᠡᠷᠭᠡᠨ ᠤ ᠬᠡᠯᠪᠡᠷᠢ ᠪᠠ ᠮᠡᠷᠭᠡᠵᠢᠯ ᠤᠨ ᠫᠠᠷᠠᠮᠧᠳ᠋ᠷ ᠢᠶᠠᠷ ᠥᠭᠡᠷᠡᠴᠢᠯᠡᠨ ᠤᠭᠰᠠᠷᠠᠭᠤᠯᠬᠤ ᠶᠢᠨ ᠬᠠᠮᠲᠤ | ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ | ᠭᠤᠶᠤᠴᠢᠯᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠳᠠᠩᠰᠠᠯᠠᠨ | ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠢᠶᠠᠨ | ᠭᠦᠢᠴᠡᠳᠬᠡᠬᠦ ᠳᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠶᠢᠯᠡᠭᠦᠯᠵᠦ ᠤᠭᠰᠠᠷᠠᠭᠰᠠᠨ᠂ ᠥᠭᠡᠷᠡᠴᠢᠯᠡᠨ | ᠤᠭᠰᠠᠷᠠᠭᠰᠠᠨ ᠪᠠᠶᠢᠳᠠᠯ ᠢ ᠪᠠᠶᠢᠴᠠᠭᠠᠨ ᠰᠢᠯᠭᠠᠬᠤ ᠬᠡᠷᠡᠭᠲᠡᠢ᠂ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠬᠦ ᠦᠭᠡᠢ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠳᠠᠩᠰᠠᠯᠠᠯᠲᠠ ᠬᠢᠬᠦ᠂ ᠦᠨᠡᠮᠯᠡᠯ ᠪᠠ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ | ᠣᠯᠭᠤᠵᠤ ᠪᠣᠯᠬᠤ ᠦᠭᠡᠢ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠠᠳᠤᠢ | ᠪᠠ ᠨᠡᠶᠢᠯᠡᠭᠦᠯᠵᠦ ᠤᠭᠰᠠᠷᠠᠭᠰᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠡᠵᠡᠩᠨᠡᠯᠲᠡ ᠶᠢᠨ ᠦᠨᠡᠮᠯᠡᠯ ᠭᠦᠢᠴᠡᠳᠬᠡᠨ ᠥᠭᠴᠦ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠨᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠨᠡᠶᠢᠯᠡᠭᠦᠯᠵᠦ ᠤᠭᠰᠠᠷᠠᠬᠤ᠂ ᠬᠠᠤᠯᠢ ᠪᠤᠰᠤ ᠪᠠᠷ ᠥᠭᠡᠷᠡᠴᠢᠯᠡᠵᠦ ᠤᠭᠰᠠᠷᠠᠬᠤ ᠠᠵᠢᠯ ᠡᠷᠬᠢᠯᠡᠵᠤ ᠪᠠᠶᠢᠭ᠎ᠠ ᠪᠤᠶᠤ | ᠡᠶᠢᠮᠦᠷᠬᠦᠦ ᠲᠡᠷᠭᠡ ᠶᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ ᠮᠡᠳᠡᠭᠰᠡᠨ ᠨᠡᠶᠢᠯᠡᠭᠦᠯᠵᠦ ᠤᠭᠰᠠᠷᠠᠭᠰᠠᠨ᠂ ᠬᠠᠤᠯᠢ ᠪᠤᠰᠤ ᠪᠠᠷ ᠥᠭᠡᠷᠡᠴᠢᠯᠡᠨ | ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠨᠢᠭᠡᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠶᠢ ᠬᠠᠤᠯᠢ ᠶᠣᠰᠣᠭᠠᠷ ᠵᠠᠷᠯᠢᠭᠳᠠᠵᠤ | ᠥᠪᠡᠷᠰᠡᠳ ᠢᠶᠠᠷ ᠨᠢ ᠵᠠᠳᠠᠯᠤᠨ ᠰᠠᠯᠭᠠᠭᠤᠯᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠤᠳ ᠢ | ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ | ᠨᠢᠭᠡᠴᠢ ᠶᠢ ᠪᠠᠨ ᠬᠠᠷᠭᠤᠭᠤᠯᠤᠨ ᠪᠠᠶᠢᠴᠠᠭᠠᠵᠤ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ | ᠨᠡᠷᠡᠰ ᠢ ᠨᠠᠶᠢᠷᠠᠭᠤᠯᠤᠨ ᠲᠣᠭᠲᠠᠭᠠᠵᠤ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ᠂ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠶᠢᠳᠠᠯ ᠢ ᠦᠨᠳᠦᠰᠦᠯᠡᠨ᠂ | ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠲᠣᠭᠲᠠᠭᠠᠵᠤ᠂ ᠨᠡᠶᠢᠭᠡᠮ ᠳᠤ | ᠨᠡᠶᠢᠲᠡᠯᠡᠬᠦ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷ᠎ᠠ | ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄ | ︵ᠨᠢᠭᠡ︶ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ | ︵ᠬᠤᠶᠠᠷ︶ ᠪᠠᠷᠠᠭ᠎ᠠ ᠲᠡᠭᠡᠭᠡᠪᠦᠷᠢ ᠶᠢ ᠬᠡᠮᠵᠢᠵᠦ ᠬᠦᠨᠳᠦ ᠶᠢ ᠬᠡᠮᠵᠢᠬᠦ ᠪᠠ ᠬᠢᠨᠠᠨ ᠡᠵᠡᠮᠳᠡᠬᠦ ᠶᠢᠨ ᠤᠯᠤᠰ ᠤᠨ | ᠪᠠᠷᠢᠮᠵᠢᠶ᠎ᠠ ᠳᠤ ᠨᠡᠶᠢᠴᠡᠭᠰᠡᠨ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠳᠦᠬᠦᠷᠵᠢᠭᠦᠯᠦᠨ ᠲᠣᠬᠢᠷᠠᠭᠤᠯᠬᠤ ᠶᠢᠨ | ᠬᠠᠮᠲᠤ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠬᠦ ᠬᠡᠷᠡᠭᠲᠡᠢ︔ | ︵ᠭᠤᠷᠪᠠ︶ ᠪᠠᠷᠠᠭ᠎ᠠ ᠠᠴᠢᠶᠠᠯᠠᠬᠤ᠂ ᠬᠦᠨᠳᠦ ᠶᠢ ᠬᠡᠮᠵᠢᠬᠦ᠂ ᠪᠠᠷᠢᠮᠲᠠ ᠭᠠᠷᠭᠠᠬᠤ ᠵᠡᠷᠭᠡ ᠬᠤᠯᠪᠣᠭᠳᠠᠯ | ᠪᠦᠬᠦᠢ ᠠᠵᠢᠯ ᠡᠷᠬᠢᠯᠡᠭᠰᠡᠳ ᠲᠤ ᠪᠣᠯᠪᠠᠰᠤᠷᠠᠯ ᠬᠢᠬᠦ ᠬᠡᠷᠡᠭᠲᠡᠢ︔ | ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠬᠢᠭᠡᠳ ᠵᠢᠯᠣᠭᠤᠴᠢ ᠶᠢᠨ ᠲᠡᠷᠭᠡ ᠵᠠᠮᠨᠠᠭᠤᠯᠬᠤ | ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠪᠠ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ | ᠦᠨᠡᠮᠯᠡᠯ ᠢ ᠨᠢ ᠳᠠᠩᠰᠠᠯᠠᠨ ᠲᠡᠮᠳᠡᠭᠯᠡᠬᠦ ᠬᠡᠷᠡᠭᠲᠡᠢ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ | ᠳᠠᠩᠰᠠᠯᠠᠯᠲᠠ ᠲᠡᠮᠳᠡᠭᠯᠡᠯ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ | ᠪᠦᠷᠢᠨᠰᠢᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠢ︔ | ︵ᠵᠢᠷᠭᠤᠭ᠎ᠠ︶ ᠬᠠᠤᠯᠢ ᠬᠡᠷᠡᠭᠵᠢᠭᠦᠯᠦᠭᠴᠢ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ᠂ ᠲᠣᠭᠤᠷᠢᠨ | ᠪᠠᠶᠢᠴᠠᠭᠠᠬᠤ ᠪᠠ ᠬᠤᠸᠠᠷᠠᠩᠨᠠᠬᠤ ᠬᠥᠮᠥᠰ ᠲᠤ ᠴᠢᠬᠤᠯᠠ ᠪᠦᠬᠦᠢ ᠲᠥᠬᠦᠮ ᠨᠥᠬᠦᠴᠡᠯ ᠬᠠᠩᠭᠠᠵᠤ᠂ ᠬᠤᠯᠪᠣᠭᠳᠠᠯ | ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠳᠣᠣᠷᠠᠬᠢ ᠦᠢᠯᠡ | ᠠᠵᠢᠯᠯᠠᠭ᠎ᠠ ᠪᠠᠶᠢᠵᠤ ᠪᠣᠯᠬᠤ ᠦᠭᠡᠢ᠄ | ︵ᠨᠢᠭᠡ︶ ᠲᠡᠷᠭᠡ ᠵᠠᠮᠨᠠᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠦᠭᠡᠢ ᠪᠤᠶᠤ ᠪᠤᠰᠤᠳ | ᠳᠠᠩᠰᠠᠯᠠᠭᠤᠯᠤᠨ ᠪᠦᠷᠢᠳᠬᠡᠭᠦᠯᠦᠭᠡᠳᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ | ᠲᠡᠭᠡᠭᠡᠪᠦᠷᠢ ᠲᠣᠬᠢᠷᠠᠭᠤᠯᠤᠭᠰᠠᠨ︔ | ︵ᠬᠤᠶᠠᠷ︶ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠣᠯᠣᠭᠠᠳᠤᠢ ᠵᠢᠯᠣᠭᠤᠴᠢ ᠶᠢᠨ | ᠵᠢᠯᠣᠭᠤᠳᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ | ᠲᠣᠬᠢᠷᠠᠭᠤᠯᠤᠭᠰᠠᠨ︔ | ︵ᠭᠤᠷᠪᠠ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ | ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔ | ︵ᠳᠥᠷᠪᠡ︶ ᠪᠠᠷᠢᠮᠵᠢᠶ᠎ᠠ ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠤᠭᠰᠠᠨ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ︔ | ︵ᠵᠢᠷᠭᠤᠭ᠎ᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ ᠪᠠᠷ ᠬᠤᠳᠠᠯ ᠬᠠᠭᠤᠷᠮᠠᠭ ᠭᠡᠷᠡᠴᠢ | ᠬᠠᠩᠭᠠᠭᠰᠠᠨ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠸᠠᠷᠠᠩᠨᠠᠬᠤ | ᠪᠤᠶᠤ ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ | ᠡᠬᠢ ᠡᠭᠦᠰᠦᠯ ᠤᠨ ᠨᠢᠭᠡᠴᠢ ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠠᠵᠢᠯ ᠲᠦᠷᠦᠯ ᠤᠨ ᠪᠠᠷᠠᠭ᠎ᠠ ᠲᠡᠭᠡᠭᠡᠪᠦᠷᠢ ᠶᠢᠨ | ᠡᠬᠢ ᠡᠭᠦᠰᠦᠯ ᠤᠨ ᠨᠢᠭᠡᠴᠢ ᠶᠢᠨ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠳᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠶᠢ ᠣᠯᠵᠤ ᠮᠡᠳᠡᠪᠡᠯ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠴᠡᠭᠴᠡᠯᠡᠨ | ᠵᠠᠰᠠᠬᠤ ᠪᠠᠷ ᠱᠠᠭᠠᠷᠳᠠᠬᠤ ᠬᠡᠷᠡᠭᠲᠡᠢ︔ ᠲᠣᠰ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ | ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠥᠪᠰᠢᠶᠡᠷᠡᠯ ᠤᠨ ᠰᠠᠯᠠᠭ᠎ᠠ ᠮᠥᠴᠢᠷ᠂ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ | ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢ ᠬᠠᠮᠵᠢᠵᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠰᠠᠶᠢᠲᠤᠷ ᠬᠢᠵᠦ᠂ ᠲᠡᠭᠦᠨ ᠤ | ᠰᠢᠯᠵᠢᠭᠦᠯᠦᠨ ᠬᠦᠷᠭᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠬᠤᠷᠢᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ | ᠵᠢᠷᠤᠮᠯᠠᠬᠤ ᠬᠡᠷᠡᠭᠲᠡᠢ᠄ | ︵ᠨᠢᠭᠡ︶ ᠬᠠᠷᠢᠶ᠎ᠠ ᠪᠦᠬᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠠᠮᠤᠷ | ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠢᠵᠦ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠷᠭᠡ | ᠬᠠᠩᠭᠠᠵᠤ ᠲᠡᠭᠡᠭᠡᠪᠦᠷᠢ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠨ᠎ᠡ︔ | ︵ᠬᠤᠶᠠᠷ︶ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠲᠣᠭᠲᠠᠭᠠᠭᠰᠠᠨ ᠲᠡᠷᠭᠡ | ᠬᠥᠰᠬᠡ ᠶᠢᠨ ᠳᠠᠭᠠᠭᠠᠵᠤ ᠳᠡᠶᠢᠯᠬᠦ ᠬᠢᠵᠠᠭᠠᠷ ᠬᠡᠮᠵᠢᠭᠳᠡᠯ ᠢᠶᠠᠷ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠨ᠎ᠠ︔ | | ︵ᠭᠤᠷᠪᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢᠨ ᠵᠢᠯᠣᠭᠤᠴᠢ ᠶᠢ ᠤᠷᠢᠨ ᠬᠡᠷᠡᠭᠯᠡᠵᠦ ᠪᠣᠯᠬᠤ ᠦᠭᠡᠢ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠵᠢᠯᠣᠭᠤᠴᠢ ᠶᠢ ᠵᠢᠭᠠᠨ ᠳᠣᠬᠢᠵᠤ᠂ ᠠᠯᠪᠠᠳᠠᠵᠤ ᠪᠠᠶᠢᠭᠠᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠪᠠᠷᠠᠭ᠎ᠠ | ᠠᠴᠢᠶᠠᠯᠠᠵᠤ ᠲᠡᠭᠡᠭᠡᠪᠦᠷᠢᠯᠡᠭᠦᠯᠵᠦ ᠪᠣᠯᠬᠤ ᠦᠭᠡᠢ︔ | ︵ᠳᠥᠷᠪᠡ︶ ᠪᠠᠷᠠᠭ᠎ᠠ ᠠᠴᠢᠶᠠᠯᠠᠭᠰᠠᠨ ᠡᠬᠢ ᠡᠭᠦᠰᠦᠯ ᠤᠨ ᠨᠢᠭᠡᠴᠢ ᠠᠶᠤᠯ ᠦᠭᠡᠢ ᠦᠢᠯᠡᠳᠪᠦᠷᠢᠯᠡᠯ ᠤᠨ | ᠡᠭᠦᠷᠭᠡ ᠪᠠᠨ ᠭᠦᠢᠴᠡᠳᠬᠡᠬᠦ ᠦᠭᠡᠢ ᠪᠤᠶᠤ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠬᠤ ᠶᠢ ᠣᠯᠵᠤ | ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠡᠭᠦᠷᠭᠡ ᠤᠳ᠃ | ᠭᠤᠷᠪᠠᠳᠤᠭᠠᠷ ᠪᠦᠯᠦᠭ ᠵᠠᠮ ᠳᠡᠭᠡᠷᠡᠬᠢ ᠶᠢ ᠵᠠᠰᠠᠬᠤ | ᠬᠤᠷᠢᠨ ᠨᠢᠭᠡᠳᠦᠭᠡᠷ ᠵᠦᠢᠯ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠠᠮ ᠳᠤ ᠭᠠᠷᠬᠤ ᠶᠢ ᠴᠠᠭᠠᠵᠠᠯᠠᠨ᠎ᠠ᠃ | ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠭᠰᠡᠨ ᠪᠥᠭᠡᠳ ᠤᠯᠤᠰ ᠤᠨ ᠵᠠᠰᠠᠮᠠᠯ ᠵᠡᠮ ᠤᠨ ᠲᠡᠷᠭᠡ | ᠬᠥᠰᠬᠡ ᠶᠢᠨ ᠨᠡᠪᠲᠡᠷᠡᠬᠦ ᠬᠢᠵᠠᠭᠠᠷ ᠬᠡᠮᠵᠢᠭᠳᠡᠯ ᠠᠴᠠ ᠬᠡᠲᠦᠷᠡᠭᠦᠯᠲᠡᠯᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ | ᠬᠥᠰᠬᠡ ᠨᠢ ᠵᠠᠰᠠᠮᠠᠯ ᠵᠡᠮ ᠤᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠢ ᠬᠠᠤᠯᠢ ᠶᠣᠰᠣᠭᠠᠷ | ᠭᠦᠢᠴᠡᠳᠬᠡᠵᠦ᠂ ᠵᠢᠭᠠᠨ ᠲᠣᠭᠲᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠤᠬᠤ ᠶᠢᠨ ᠬᠠᠮᠲᠤ᠂ | ᠢᠯᠡᠷᠬᠡᠢ ᠲᠡᠮᠳᠡᠭ ᠡᠯᠭᠦᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠬᠤ ᠳᠤ ᠪᠠᠨ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠠᠴᠠ ᠪᠠᠶᠢᠴᠠᠭᠠᠨ ᠰᠢᠨᠵᠢᠬᠦ᠂ | ᠰᠢᠯᠵᠢᠯᠲᠡ ᠲᠠᠢ ᠪᠠᠷ ᠪᠠᠶᠢᠴᠠᠭᠠᠨ ᠰᠢᠨᠵᠢᠬᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ | ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠷ ᠪᠠᠶᠢᠴᠠᠭᠠᠨ ᠰᠢᠨᠵᠢᠬᠦ ᠵᠡᠷᠭᠡ ᠠᠷᠭ᠎ᠠ ᠶᠢ | ᠠᠪᠴᠤ ᠪᠣᠯᠣᠨ᠎ᠠ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠵᠢᠭᠦᠯᠬᠦ᠂ | ᠵᠦᠢ ᠵᠣᠬᠢᠰᠲᠠᠢ ᠪᠠᠶᠢᠷᠢᠰᠢᠭᠤᠯᠬᠤ᠂ ᠶᠡᠷᠦᠩᠬᠡᠢ ᠬᠡᠮᠵᠢᠶ᠎ᠡ ᠶᠢ ᠨᠢ ᠬᠢᠵᠠᠭᠠᠷᠯᠠᠬᠤ᠂ ᠴᠠᠭ ᠲᠤᠬᠠᠢ ᠳᠤ ᠨᠢ | ᠲᠣᠬᠢᠷᠠᠭᠤᠯᠤᠯᠲᠠ ᠬᠢᠬᠦ ᠵᠠᠷᠴᠢᠮ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠳᠡᠭᠡ ᠴᠡᠭ ᠲᠣᠬᠢᠷᠠᠭᠤᠯᠤᠨ ᠪᠠᠶᠢᠷᠢᠯᠠᠭᠤᠯᠬᠤ ᠲᠥᠰᠥᠯ | ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠠᠨᠠᠯ | ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠢ᠃ | ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ ᠤᠨ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ᠂ ᠲᠡᠷᠭᠡ ᠬᠥᠰᠬᠡ ᠶᠢ ᠪᠠᠶᠢᠴᠠᠭᠠᠨ | ᠰᠢᠨᠵᠢᠬᠦ᠂ ᠲᠡᠷᠭᠡ ᠬᠥᠰᠬᠡ ᠶᠢᠨ ᠬᠦᠨᠳᠦ ᠶᠢ ᠵᠢᠩᠯᠡᠬᠦ ᠵᠡᠷᠭᠡ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ | ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠪᠠᠷ ᠬᠠᠮᠲᠤ ᠳᠤ ᠨᠢ ᠪᠠᠷᠢᠯᠭ᠎ᠠ ᠶᠢᠨ ᠲᠥᠰᠥᠪ ᠲᠤ ᠣᠷᠣᠭᠤᠯᠵᠤ᠂ ᠵᠠᠰᠠᠮᠠᠯ | ᠵᠠᠮ ᠤᠨ ᠭᠤᠣᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ | ᠪᠦᠲᠦᠭᠡᠨ ᠪᠠᠶᠢᠭᠤᠯᠵᠤ᠂ ᠵᠡᠷᠭᠡ ᠳᠤ ᠨᠢ ᠰᠢᠯᠭᠠᠨ ᠠᠪᠴᠤ ᠠᠵᠢᠯᠯᠠᠭᠤᠯᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠲᠦᠷᠭᠡᠨ ᠤ ᠵᠠᠮ ᠤᠨ ᠣᠷᠤᠴᠠ ᠭᠠᠷᠴᠠ᠂ ᠲᠡᠷᠭᠡᠨ ᠤ ᠵᠣᠭᠰᠣᠭᠠᠯ᠂ | ᠦᠢᠯᠡᠴᠢᠯᠡᠭᠡᠨ ᠤ ᠲᠣᠭᠤᠷᠢᠭ ᠵᠢᠴᠢ ᠡᠩ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ ᠵᠡᠷᠭᠡ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠦᠢᠯᠡ ᠠᠵᠢᠯᠯᠠᠭ᠎ᠠ ᠤᠯᠠᠨ ᠡᠭᠦᠰᠳᠡᠭ ᠵᠠᠮ ᠤᠨ ᠬᠡᠰᠡᠭ᠂ ᠵᠠᠩᠭᠢᠯᠠᠭ᠎ᠠ | ᠴᠡᠭ ᠲᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠷᠳᠡᠭᠡ ᠠᠴᠠ ᠵᠠᠶᠢᠯᠠᠵᠤ ᠲᠣᠭᠤᠷᠢᠵᠤ ᠶᠠᠪᠤᠬᠤ᠂ | ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠨᠵᠢᠵᠦ ᠪᠣᠯᠣᠨ᠎ᠠ᠃ | ᠰᠢᠯᠵᠢᠯᠲᠡ ᠲᠠᠢ ᠪᠠᠷ ᠪᠠᠶᠢᠴᠠᠭᠠᠨ ᠰᠢᠨᠵᠢᠭᠰᠡᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠣᠯ ᠣᠶᠢᠷ᠎ᠠ ᠬᠠᠪᠢ ᠶᠢᠨ ᠵᠠᠰᠠᠮᠠᠯ ᠵᠠᠮ ᠤᠨ ᠬᠡᠮᠵᠢᠶ᠎ᠡ | ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠴᠡᠭ ᠪᠤᠶᠤ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠪᠥᠭᠡᠳ ᠨᠡᠶᠢᠲᠡᠯᠡᠭᠰᠡᠨ | ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠲᠡᠷᠭᠡᠨ ᠤ ᠵᠣᠭᠰᠣᠭᠠᠯ᠂ ᠪᠠᠷᠠᠭ᠎ᠠ ᠪᠠᠭᠤᠯᠭᠠᠬᠤ ᠲᠠᠯᠠᠪᠠᠶ ᠵᠡᠷᠭᠡ ᠲᠡᠷᠭᠡ | ᠵᠣᠭᠰᠤᠭᠠᠬᠤ ᠵᠢᠴᠢ ᠪᠠᠷᠠᠭ᠎ᠠ ᠪᠠᠭᠤᠯᠭᠠᠬᠤ ᠨᠥᠬᠦᠴᠡᠯ ᠲᠠᠢ ᠭᠠᠵᠠᠷ ᠪᠤᠶᠤ ᠲᠠᠯᠠᠪᠤᠷ ᠲᠤ ᠳᠠᠭᠠᠭᠤᠯᠤᠨ ᠬᠦᠷᠭᠡᠵᠦ | ᠰᠢᠢᠳᠪᠦᠷᠢᠯᠡᠨ᠎ᠡ᠃ | ᠲᠦᠷᠭᠡᠨ ᠤ ᠵᠠᠮ ᠤᠨ ᠡᠵᠡᠩᠨᠡᠯᠲᠡ ᠶᠢᠨ ᠨᠢᠭᠡᠴᠢ ᠨᠢ ᠬᠠᠷᠢᠶᠠᠨ ᠳᠠᠬᠢ ᠲᠦᠷᠭᠡᠨ ᠤ ᠵᠠᠮ ᠤᠨ ᠣᠷᠤᠴᠠ | ᠭᠠᠷᠴᠠ ᠳᠠᠬᠢ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠠᠴᠠ ᠴᠤᠭᠯᠠᠭᠤᠯᠤᠭᠰᠠᠨ ᠬᠠᠤᠯᠢ ᠠᠴᠠ ᠵᠥᠷᠢᠴᠡᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠳᠤ ᠨᠢ | ᠳᠠᠮᠵᠢᠭᠤᠯᠤᠨ ᠬᠦᠷᠭᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠲᠤᠷᠠᠨ ᠬᠠᠤᠯᠢ ᠬᠡᠷᠡᠭᠵᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠳᠤ ᠥᠷᠲᠡᠭᠡᠨ ᠳᠤ ᠣᠷᠣᠬᠤ ᠠᠴᠠ ᠡᠮᠦᠨ᠎ᠡ ᠤᠷᠤᠰᠬᠠᠯ ᠢ ᠵᠠᠯᠠᠬᠤ᠂ | ᠠᠮᠤᠷ ᠲᠦᠪᠰᠢᠨ ᠤ ᠲᠥᠬᠦᠭᠡᠷᠦᠮᠵᠢ ᠲᠣᠬᠢᠷᠠᠭᠤᠯᠵᠤ᠂ ᠴᠢᠬᠤᠯᠠ ᠪᠦᠬᠦᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ | ᠪᠠ ᠪᠠᠶᠢᠴᠠᠭᠠᠨ ᠰᠢᠨᠵᠢᠬᠦ᠂ ᠠᠴᠢᠶᠠᠯᠠᠵᠤ ᠪᠠᠭᠤᠯᠭᠠᠬᠤ᠂ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠲᠠᠭᠠᠷᠠᠭᠤᠯᠵᠣ᠂ | ᠥᠷᠲᠡᠭᠡᠨ ᠳᠠᠬᠢ ᠢᠯᠡᠷᠬᠡᠢ ᠪᠠᠶᠢᠷᠢᠨ ᠳᠤ ᠵᠥᠪᠰᠢᠶᠡᠷᠡᠭᠰᠡᠨ ᠪᠠᠶᠢᠭᠤᠯᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠣᠯ ᠴᠣᠭᠴᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ ᠤᠲᠠᠰᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠮᠠᠭᠠᠳᠯᠠᠨ ᠲᠣᠭᠲᠠᠭᠠᠬᠤ | ᠪᠠᠷᠢᠮᠵᠢᠶ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠴᠤᠪᠤᠷᠠᠯ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ | ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ | ᠰᠢᠨᠵᠢᠬᠦ ᠦᠷᠲᠡᠭᠡ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠤᠷᠤᠰᠬᠠᠯ ᠤᠨ ᠬᠡᠮᠵᠢᠶ᠎ᠡ ᠶᠢ ᠦᠨᠳᠦᠰᠦᠯᠡᠨ᠂ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠨᠡᠪᠳᠡᠷᠡᠯ ᠵᠠᠮ᠂ ᠲᠡᠷᠭᠡ ᠬᠥᠰᠬᠡ ᠶᠢ ᠵᠠᠮᠴᠢᠯᠠᠨ | ᠳᠠᠭᠠᠭᠤᠯᠬᠤ ᠵᠠᠮ ᠢᠶᠠᠨ ᠵᠦᠢ ᠵᠣᠬᠢᠰᠲᠠᠢ ᠪᠠᠶᠢᠷᠢᠯᠠᠭᠤᠯᠬᠤ ᠪᠠ ᠵᠣᠬᠢᠬᠤ ᠬᠡᠪᠴᠢᠶᠡᠨ ᠤ ᠲᠡᠷᠭᠡᠨ ᠤ ᠵᠣᠭᠰᠣᠭᠠᠯ᠂ | ᠪᠠᠷᠠᠭ᠎ᠠ ᠪᠠᠭᠤᠯᠭᠠᠬᠤ ᠭᠠᠵᠠᠷ ᠢ ᠲᠣᠬᠢᠷᠠᠭᠤᠯᠤᠨ ᠪᠠᠶᠢᠭᠤᠯᠬᠤ ᠬᠡᠷᠡᠭᠲᠡᠢ᠂ ᠲᠡᠷᠭᠡ ᠬᠥᠰᠬᠡ ᠶᠢ ᠪᠠᠶᠢᠴᠠᠭᠠᠨ | ᠰᠢᠨᠵᠢᠬᠦ ᠠᠴᠠ ᠪᠣᠯᠵᠤ ᠪᠤᠰᠤᠳ ᠲᠡᠷᠭᠡ ᠬᠥᠰᠬᠡ ᠶᠢᠨ ᠬᠡᠪ ᠢᠶᠠᠷ ᠨᠡᠪᠲᠡᠷᠡᠬᠦ ᠪᠠ ᠵᠠᠮ ᠬᠠᠷᠢᠯᠴᠠᠭᠠᠨ ᠤ ᠠᠮᠤᠷ | ᠲᠦᠪᠰᠢᠨ ᠢ ᠨᠥᠯᠥᠭᠡᠯᠡᠵᠦ ᠪᠣᠯᠬᠤ ᠦᠭᠡᠢ᠃ | ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠢᠨᠵᠢᠵᠦ ᠮᠠᠭᠠᠳᠯᠠᠨ ᠲᠣᠭᠲᠠᠭᠠᠭᠰᠠᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠳᠣᠣᠷᠠᠬᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠄ | ︵ᠨᠢᠭᠡ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠶᠢ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠶᠢᠨ | ᠲᠠᠯᠠᠪᠤᠷ ᠲᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠪᠣᠯ᠂ ᠲᠤᠬᠠᠢ ᠶᠢᠨ ᠬᠥᠮᠥᠨ ᠢ | ᠵᠠᠷᠯᠢᠭᠳᠠᠵᠤ ᠪᠠᠶᠢᠭᠠᠳ ᠥᠪᠡᠷ ᠢᠶᠠᠨ ᠪᠠᠷᠠᠭ᠎ᠠ ᠪᠠᠨ ᠪᠠᠭᠤᠯᠭᠠᠬᠤ᠂ ᠰᠠᠯᠭᠠᠨ ᠠᠴᠢᠶᠠᠯᠠᠬᠤ ᠵᠡᠷᠭᠡ ᠵᠠᠯᠠᠷᠠᠭᠤᠯᠬᠤ | ᠠᠷᠭ᠎ᠠ ᠬᠡᠮᠵᠢᠶ᠎ᠡ ᠪᠠᠷ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠢ᠃ ᠪᠠᠷᠠᠭ᠎ᠠ ᠪᠠᠨ ᠪᠠᠭᠤᠯᠭᠠᠭᠰᠠᠨ᠂ | ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠴᠠᠭᠠᠵᠤ᠂ | ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠣᠨ᠎ᠠ︔ | ︵ᠬᠤᠶᠠᠷ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠪᠣᠯᠪᠠᠴᠤ ᠲᠤᠬᠠᠢ ᠶᠢᠨ | ᠲᠠᠯᠠᠪᠠᠢ ᠳᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠪᠣᠯ ᠲᠤᠬᠠᠢ ᠶᠢᠨ ᠬᠥᠮᠥᠨ ᠢ | ᠵᠠᠷᠯᠢᠭᠳᠠᠵᠤ ᠪᠠᠶᠢᠭᠠᠳ ᠣᠶᠢᠷ᠎ᠠ ᠬᠠᠪᠢ ᠶᠢᠨ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠲᠠᠯᠠᠪᠤᠷ ᠲᠤ | ᠬᠦᠷᠴᠦ ᠪᠠᠷᠠᠭ᠎ᠠ ᠪᠠᠨ ᠪᠠᠭᠤᠯᠭᠠᠵᠤ᠂ ᠰᠠᠯᠭᠠᠨ ᠲᠡᠭᠡᠭᠡᠪᠦᠷᠢᠯᠡᠭᠦᠯᠵᠦ᠂ ᠬᠠᠤᠯᠢ ᠠᠴᠠ ᠵᠥᠷᠢᠴᠡᠭᠰᠡᠨ ᠪᠠᠶᠢᠳᠠᠯ ᠢ | ᠠᠷᠢᠯᠭᠠᠬᠤ ᠬᠡᠷᠡᠭᠲᠡᠢ᠃ ᠪᠠᠷᠠᠭ᠎ᠠ ᠪᠠᠨ ᠪᠠᠭᠤᠯᠭᠠᠭᠰᠠᠨ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠴᠠᠭᠠᠵᠤ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ | ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠣᠨ᠎ᠠ︔ | ︵ᠭᠤᠷᠪᠠ︶ ᠵᠠᠳᠠᠷᠠᠵᠤ ᠪᠣᠯᠣᠰᠢ ᠦᠭᠡᠢ ᠲᠣᠮᠣ ᠪᠣᠳᠠᠰ ᠢ ᠲᠡᠭᠡᠭᠡᠪᠦᠷᠢᠯᠡᠬᠦ ᠳᠤ ᠪᠠᠨ ᠬᠡᠮᠵᠢᠶ᠎ᠡ ᠠᠴᠠ | ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠭᠰᠡᠨ ᠦᠭᠡᠢ ᠪᠣᠯ᠂ ᠲᠤᠬᠠᠢ ᠶᠢᠨ ᠬᠥᠮᠥᠨ ᠢ | ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠵᠤ᠂ ᠪᠠᠶᠢᠴᠠᠭᠠᠨ ᠰᠢᠢᠳᠪᠦᠷᠢᠯᠡᠬᠦ ᠶᠢ | ᠬᠦᠯᠢᠶᠡᠬᠦ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠴᠦ ᠬᠡᠮᠵᠢᠶ᠎ᠡ ᠠᠴᠠ ᠬᠡᠲᠦᠷᠡᠭᠦᠯᠦᠨ | ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠶᠢ ᠲᠤᠬᠠᠢ ᠶᠢᠨ ᠬᠥᠮᠥᠨ ᠳᠤ | ᠮᠡᠳᠡᠭᠳᠡᠬᠦ ᠬᠡᠷᠡᠭᠲᠡᠢ︔ | ︵ᠳᠥᠷᠪᠡ︶ ᠨᠣᠴᠣᠮᠠᠲᠠᠭᠠᠢ᠂ ᠳᠡᠯᠪᠡᠷᠡᠮᠡᠲᠡᠭᠡᠢ᠂ ᠳᠣᠭᠰᠢᠨ ᠬᠤᠣᠷ᠂ ᠰᠠᠴᠤᠷᠠᠭ ᠢᠳᠡᠪᠬᠢ ᠴᠢᠨᠠᠷ ᠲᠠᠢ | ᠵᠡᠷᠭᠡ ᠠᠶᠤᠯᠲᠠᠢ ᠪᠣᠳᠠᠰ ᠢ ᠲᠡᠭᠡᠭᠡᠪᠦᠷᠢᠯᠡᠭᠰᠡᠨ ᠪᠤᠶᠤ ᠬᠤᠯᠢᠯᠳᠤᠭᠤᠯᠤᠨ ᠰᠠᠪᠠᠯᠠᠭᠰᠠᠨ ᠪᠣᠯ᠂ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃ | ᠳᠠᠭᠠᠭᠠᠨ ᠲᠡᠭᠡᠭᠡᠪᠦᠷᠢᠯᠡᠭᠴᠢ ᠠᠴᠠ ᠲᠠᠪᠤᠨ ᠡᠳᠦᠷ ᠤᠨ ᠳᠣᠲᠣᠷ᠎ᠠ ᠪᠠᠭᠤᠯᠭᠠᠭᠰᠠᠨ ᠪᠠᠷᠠᠭ᠎ᠠ ᠪᠠᠨ | ᠰᠢᠢᠳᠪᠦᠷᠢᠯᠡᠬᠦ ᠬᠡᠷᠡᠭᠲᠡᠢ︔ ᠬᠤᠭᠤᠴᠠᠭ᠎ᠠ ᠬᠡᠲᠦᠷᠡᠭᠡᠳ ᠰᠢᠢᠳᠪᠦᠷᠢᠯᠡᠭᠰᠡᠨ ᠦᠭᠡᠢ ᠪᠣᠯ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠬᠤᠷᠢᠨ ᠨᠠᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠵᠢᠭᠠᠯᠲᠠ ᠲᠡᠮᠳᠡᠭ ᠪᠤᠶᠤ ᠬᠠᠤᠯᠢ | ᠬᠡᠷᠡᠭᠵᠢᠭᠦᠯᠬᠦ ᠠᠵᠢᠯᠲᠠᠨ ᠤ ᠵᠢᠯᠣᠭᠤᠳᠤᠯᠭ᠎ᠠ ᠪᠠᠷ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢᠨ ᠪᠠᠶᠢᠴᠠᠭᠠᠨ ᠰᠢᠨᠵᠢᠬᠦ ᠶᠢ ᠬᠦᠯᠢᠶᠡᠵᠦ᠂ ᠨᠡᠪᠲᠡᠷᠡᠬᠦ ᠲᠡᠷᠭᠡᠨ ᠵᠠᠮ ᠢ ᠵᠣᠷᠢᠭᠤᠳᠠ ᠪᠥᠭᠯᠡᠬᠦ᠂ | ᠠᠯᠪᠠᠳᠠᠯᠭ᠎ᠠ ᠪᠠᠷ ᠪᠣᠭᠤᠮᠲᠠ ᠬᠤᠷᠢᠭ᠎ᠠ ᠳᠠᠭᠠᠷᠢᠬᠤ ᠪᠤᠶᠤ ᠪᠤᠰᠤᠳ ᠠᠷᠭ᠎ᠠ ᠪᠠᠷ ᠪᠠᠶᠢᠴᠠᠭᠠᠨ ᠰᠢᠨᠵᠢᠬᠦ ᠶᠢᠨ ᠡᠮᠬᠢ | ᠳᠢᠭᠯᠢᠮ ᠢ ᠰᠠᠮᠠᠭᠤᠷᠠᠭᠤᠯᠵᠤ ᠪᠣᠯᠬᠤ ᠦᠭᠡᠢ᠂ ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠠᠷᠭ᠎ᠠ ᠪᠠᠷ | ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠵᠤ ᠪᠣᠯᠬᠤ ᠦᠭᠡᠢ᠃ | ᠬᠤᠷᠢᠨ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠦᠢᠳᠬᠡᠯ | ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠪᠠᠷᠠᠭ᠎ᠠ ᠲᠡᠭᠡᠭᠡᠪᠦᠷᠢ ᠶᠢᠨ ᠭᠤᠣᠯ | ᠨᠡᠪᠲᠡᠷᠡᠯ ᠵᠠᠮ᠂ ᠴᠢᠬᠤᠯᠠ ᠬᠥᠭᠦᠷᠭᠡ᠂ ᠴᠢᠬᠤᠯᠠ ᠨᠦᠬᠡᠨ ᠵᠠᠮ ᠤᠨ ᠣᠷᠤᠴᠠ ᠵᠢᠴᠢ ᠪᠠᠷᠠᠭ᠎ᠠ ᠲᠡᠭᠡᠭᠡᠪᠦᠷᠢ ᠶᠢᠨ | ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠵᠠᠮ ᠤᠨ ᠬᠡᠰᠡᠭ ᠪᠠ ᠵᠠᠩᠭᠢᠯᠠᠭ᠎ᠠ ᠶᠢᠨ ᠴᠡᠭ ᠲᠤ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠶᠢᠷᠢᠯᠠᠭᠤᠯᠬᠤ ᠶᠢᠨ ᠬᠠᠮᠲᠤ᠂ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢ ᠪᠠᠶᠢᠴᠠᠭᠠᠨ ᠰᠢᠨᠵᠢᠭᠰᠡᠨ ᠮᠡᠳᠡᠭᠡ ᠵᠠᠩᠭᠢ ᠪᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ | ᠲᠤᠬᠠᠢ ᠳᠤ ᠨᠢ ᠳᠠᠮᠵᠢᠭᠤᠯᠤᠨ ᠬᠦᠷᠭᠡᠵᠦ᠂ ᠣᠯᠵᠤ ᠮᠡᠳᠡᠭᠰᠡᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠰᠢᠢᠳᠪᠦᠷᠢᠯᠡᠨ᠎ᠡ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ᠂ ᠬᠥᠳᠡᠯᠦᠩᠭᠦᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ | ᠡᠵᠡᠮᠳᠡᠬᠦ ᠲᠥᠬᠦᠭᠡᠷᠦᠮᠵᠢ᠂ ᠲᠦᠷᠭᠡᠨ ᠤ ᠵᠠᠮ ᠤᠨ ᠣᠷᠤᠴᠠ ᠭᠠᠷᠴᠠ ᠮᠡᠷᠭᠡᠵᠢᠯ ᠤᠨ ᠪᠠᠶᠢᠴᠠᠭᠠᠨ ᠰᠢᠨᠵᠢᠵᠦ ᠬᠢᠨᠠᠨ | ᠡᠵᠡᠮᠳᠡᠬᠦ ᠲᠥᠬᠦᠭᠡᠷᠦᠮᠵᠢ ᠪᠠᠷ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠴᠤᠭᠯᠠᠭᠤᠯᠵᠤ | ᠲᠣᠭᠲᠠᠪᠤᠷᠢᠵᠢᠭᠤᠯᠤᠭᠰᠠᠨ ᠪᠣᠯ᠂ ᠬᠠᠤᠯᠢ ᠳᠦᠷᠢᠮ ᠪᠠ ᠮᠡᠷᠭᠡᠵᠢᠯ ᠤᠨ ᠬᠢᠨᠠᠨ ᠬᠠᠷᠭᠤᠭᠤᠯᠤᠯᠲᠠ ᠪᠠᠷ ᠳᠠᠮᠵᠢᠭᠤᠯᠤᠨ᠂ | ᠡᠯᠧᠺᠳ᠋ᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ | ᠪᠠᠲᠤᠯᠠᠵᠤ᠂ ᠲᠣᠬᠢᠷᠠᠭᠤᠯᠤᠯᠲᠠ ᠶᠢ ᠨᠢ ᠵᠦᠢ ᠵᠣᠬᠢᠰᠲᠠᠢ᠂ ᠢᠯᠡᠳᠬᠡᠮᠵᠢ ᠲᠡᠮᠳᠡᠭ ᠢ ᠨᠢ ᠢᠯᠡᠷᠬᠡᠢ ᠪᠠᠶᠢᠯᠭᠠᠵᠤ᠂ | ᠪᠠᠶᠢᠷᠢᠯᠠᠭᠤᠯᠤᠭᠰᠠᠨ ᠭᠠᠵᠠᠷ ᠢ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠂ ᠴᠤᠭᠯᠠᠭᠤᠯᠤᠭᠰᠠᠨ ᠡᠯᠧᠺᠳ᠋ᠷᠣᠨ ᠲᠤᠭ᠎ᠠ | ᠪᠠᠷᠢᠮᠲᠠ ᠶᠢ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠭᠡᠷᠡᠴᠢ ᠪᠠᠷᠢᠮᠲᠠ ᠪᠣᠯᠭᠠᠵᠤ ᠪᠣᠯᠣᠨ᠎ᠠ᠃ | ᠡᠯᠧᠺᠳ᠋ᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠡᠮᠳᠡᠭᠯᠡᠭᠰᠡᠨ ᠬᠠᠤᠯᠢ ᠶᠢ ᠵᠥᠷᠢᠴᠡᠭᠰᠡᠨ | ᠪᠣᠳᠠᠲᠤ ᠬᠡᠷᠡᠭ ᠨᠢ ᠦᠨᠡᠨ ᠪᠣᠳᠠᠲᠠᠢ᠂ ᠲᠣᠳᠣᠷᠬᠠᠢ᠂ ᠪᠦᠷᠢᠨ ᠪᠦᠲᠦᠨ᠂ ᠣᠨᠣᠪᠴᠢᠲᠠᠢ ᠪᠠᠶᠢᠬᠤ ᠬᠡᠷᠡᠭᠲᠡᠢ᠃ ᠵᠠᠮ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠰᠢᠩᠭᠡᠬᠡᠨ ᠲᠡᠮᠳᠡᠭᠯᠡᠭᠰᠡᠨ ᠠᠭᠤᠯᠭ᠎ᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠢ︔ | ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠣᠯ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢ ᠪᠠᠷᠢᠮᠲᠠ ᠪᠣᠯᠭᠠᠵᠤ ᠪᠣᠯᠬᠤ ᠦᠭᠡᠢ᠃ | ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠬᠢᠨᠠᠨ ᠬᠠᠷᠭᠤᠭᠤᠯᠵᠤ ᠨᠤᠲᠠᠯᠠᠭᠰᠠᠨ ᠪᠣᠯ᠂ ᠬᠠᠤᠯᠢ ᠠᠴᠠ | ᠵᠥᠷᠢᠴᠡᠭᠰᠡᠨ ᠪᠣᠳᠠᠲᠤ ᠬᠡᠷᠡᠭ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠮᠠᠰᠢᠨᠲᠤ | ᠲᠡᠷᠭᠡ ᠳᠠᠩᠰᠠᠯᠠᠭᠤᠯᠤᠭᠰᠠᠨ ᠮᠡᠳᠡᠭᠡ ᠵᠠᠩᠭᠢ ᠳᠠᠬᠢ ᠬᠠᠷᠢᠯᠴᠠᠬᠤ ᠠᠷᠭ᠎ᠠ ᠮᠠᠶ᠋ᠢᠭ ᠤᠨ ᠶᠣᠰᠣᠭᠠᠷ ᠪᠢᠴᠢᠭᠯᠡᠭᠰᠡᠨ | ᠮᠡᠳᠡᠭᠳᠡᠯ᠂ ᠤᠲᠠᠰᠤ᠂ ᠭᠠᠷ ᠤᠲᠠᠰᠤᠨ ᠤ ᠣᠬᠤᠷ ᠮᠡᠳᠡᠭᠡ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ | ᠫᠷᠣᠭ᠍ᠷᠠᠮ ᠵᠡᠷᠭᠡ ᠠᠷᠭ᠎ᠠ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ ᠳᠡᠭᠡᠷ᠎ᠡ | ᠳᠤᠷᠠᠳᠤᠭᠰᠠᠨ ᠠᠷᠭ᠎ᠠ ᠪᠠᠷ ᠳᠠᠮᠵᠢᠭᠤᠯᠤᠨ ᠮᠡᠳᠡᠭᠳᠡᠬᠦ ᠶᠢᠨ ᠠᠷᠭ᠎ᠠ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠰᠦᠯᠵᠢᠶᠡᠨ ᠥᠷᠲᠡᠭᠡ ᠳᠤ ᠵᠠᠷᠯᠠᠨ ᠨᠡᠶᠢᠲᠡᠯᠡᠬᠦ ᠠᠷᠭ᠎ᠠ ᠪᠠᠷ ᠳᠠᠮᠵᠢᠭᠤᠯᠤᠨ ᠮᠡᠳᠡᠭᠳᠡᠵᠦ ᠪᠣᠯᠣᠨ᠎ᠠ᠃ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠵᠢᠯᠣᠭᠤᠴᠢ ᠨᠢ ᠮᠡᠳᠡᠭᠳᠡᠯ ᠢ ᠣᠯᠣᠭᠰᠠᠨ ᠪᠤᠶᠤ ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ | ᠳᠣᠲᠣᠷ᠎ᠠ ᠰᠢᠢᠳᠪᠦᠷᠢᠯᠡᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠵᠠᠰᠠᠮᠠᠯ ᠵᠡᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠪᠠ ᠲᠦᠷᠭᠡᠨ ᠤ ᠵᠡᠮ ᠤᠨ ᠣᠷᠤᠴᠠ ᠭᠠᠷᠴᠠ ᠳᠠᠬᠢ ᠭᠠᠵᠠᠷ ᠵᠢᠩᠯᠡᠭᠦᠷ᠂ | ᠳᠥᠭᠦᠮ ᠠᠪᠰᠠᠷᠬᠠᠨ ᠪᠠᠶᠢᠴᠠᠭᠠᠨ ᠰᠢᠨᠵᠢᠬᠦ ᠭᠠᠵᠠᠷ ᠵᠢᠩᠯᠡᠭᠦᠷ ᠵᠢᠴᠢ ᠲᠡᠷᠭᠡ ᠶᠢ ᠵᠣᠭᠰᠤᠭᠠᠬᠤ ᠦᠭᠡᠢ ᠪᠠᠷ | ᠪᠠᠶᠢᠴᠠᠭᠠᠨ ᠰᠢᠨᠵᠢᠬᠦ ᠬᠡᠮᠵᠢᠭᠦᠷ ᠢ ᠬᠠᠤᠯᠢ ᠶᠣᠰᠣᠭᠠᠷ ᠬᠠᠮᠢᠶᠠᠷᠬᠤ ᠶᠢᠨ ᠬᠠᠮᠲᠤ᠂ ᠬᠠᠤᠯᠢ ᠪᠠᠷ ᠲᠣᠭᠲᠠᠭᠠᠭᠰᠠᠨ ᠬᠢᠷᠢ | ᠬᠡᠮ ᠲᠠᠢ ᠬᠡᠮᠵᠢᠯᠲᠡ ᠶᠢᠨ ᠪᠠᠶᠢᠭᠤᠯᠤᠮᠵᠢ ᠪᠠᠷ ᠬᠢᠨᠠᠨ ᠲᠣᠭᠲᠠᠭᠠᠯᠭᠠᠬᠤ ᠬᠡᠷᠡᠭᠲᠡᠢ᠃ ᠲᠣᠭᠲᠠᠭᠠᠯ ᠶᠣᠰᠣᠭᠠᠷ ᠬᠢᠨᠠᠨ | ᠲᠣᠭᠲᠠᠭᠠᠭᠰᠠᠨ ᠦᠭᠡᠢ᠂ ᠬᠤᠭᠤᠴᠠᠭ᠎ᠠ ᠬᠡᠲᠦᠷᠡᠭᠦᠯᠦᠭᠡᠳ ᠬᠢᠨᠠᠨ ᠲᠣᠭᠲᠠᠭᠠᠭᠰᠠᠨ ᠦᠭᠡᠢ ᠪᠤᠶᠤ ᠬᠢᠨᠠᠨ | ᠲᠣᠭᠲᠠᠭᠠᠬᠤ ᠳᠤ ᠬᠢᠷᠢ ᠲᠡᠩᠴᠡᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ᠃ | ᠭᠤᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠭᠡᠳ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢ ᠡᠪᠳᠡᠵᠦ ᠪᠣᠯᠬᠤ ᠦᠭᠡᠢ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ ᠪᠣᠯᠬᠤ ᠦᠭᠡᠢ᠂ | ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠷᠠᠭᠤᠯᠵᠤ᠂ ᠬᠠᠰᠤᠵᠤ᠂ ᠥᠭᠡᠷᠡᠲᠦᠭᠦᠯᠵᠦ ᠪᠣᠯᠬᠤ ᠦᠭᠡᠢ᠃ | ᠭᠤᠴᠢᠨ ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ | ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ᠂ ᠵᠠᠮ ᠬᠠᠷᠢᠯᠴᠠᠭᠠᠨ ᠤ ᠲᠡᠮᠳᠡᠭ ᠱᠤᠭᠤᠮ ᠤᠨ ᠶᠣᠰᠣᠭᠠᠷ | ᠶᠠᠪᠤᠭᠤᠯᠬᠤ ᠬᠡᠷᠡᠭᠲᠡᠢ᠂ ᠳᠣᠣᠷᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄ | ︵ᠨᠢᠭᠡ︶ ᠵᠣᠷᠢᠭᠤᠳᠠ ᠬᠡᠲᠦ ᠳᠣᠣᠷ᠎ᠠ ᠬᠤᠷᠳᠤᠴᠠ ᠪᠠᠷ ᠶᠠᠪᠤᠭᠤᠯᠬᠤ᠂ ᠣᠭᠵᠣᠮ ᠵᠣᠭᠰᠤᠭᠠᠬᠤ᠂ ᠣᠯᠠᠨ | ᠲᠡᠷᠭᠡ ᠲᠠᠢ ᠵᠡᠷᠭᠡᠴᠡᠵᠦ ᠶᠠᠪᠤᠬᠤ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠣᠭᠯᠠᠯ ᠠᠴᠠ ᠵᠠᠶᠢᠳᠠᠬᠤ | ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ︔ | ︵ᠬᠤᠶᠠᠷ︶ ᠵᠠᠮ ᠠᠯᠤᠰᠯᠠᠬᠤ᠂ ᠱᠤᠭᠤᠮ ᠳᠠᠷᠤᠬᠤ᠂ ᠵᠣᠷᠢᠭᠤᠳᠠ ᠬᠠᠯᠬᠠᠯᠠᠬᠤ᠂ ᠭᠬᠢᠷᠲᠦᠭᠡᠵᠦ ᠰᠦᠢᠳᠬᠡᠬᠦ | ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠬᠡᠷᠡᠭᠯᠡᠬᠦ ᠵᠡᠷᠭᠡ ᠠᠷᠭ᠎ᠠ ᠪᠠᠷ | ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ᠃ | ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠢ ᠰᠢᠶᠠᠩ ᠤᠨ ᠵᠠᠮ᠂ ᠲᠣᠰᠬᠤᠨ ᠤ ᠵᠠᠮ ᠢ ᠬᠠᠮᠠᠭᠠᠯᠠᠬᠤ ᠬᠡᠷᠡᠭᠴᠡᠭᠡ ᠪᠠᠨ | ᠦᠨᠳᠦᠰᠦᠯᠡᠨ᠂ ᠰᠢᠶᠠᠩ ᠤᠨ ᠵᠠᠮ᠂ ᠲᠣᠰᠬᠤᠨ ᠤ ᠵᠠᠮ ᠤᠨ ᠣᠷᠤᠴᠠ ᠭᠠᠷᠴᠠ ᠳᠤ ᠥᠨᠳᠥᠷ ᠢ ᠬᠢᠵᠠᠭᠠᠷᠯᠠᠬᠤ᠂ | ᠥᠷᠭᠡᠨ ᠢ ᠬᠢᠵᠠᠭᠠᠷᠯᠠᠬᠤ ᠴᠢᠬᠤᠯᠠ ᠪᠦᠬᠦᠢ ᠪᠡᠯᠡᠳᠬᠡᠮᠵᠢ ᠶᠢ ᠬᠠᠤᠯᠢ ᠶᠣᠰᠣᠭᠠᠷ ᠲᠣᠬᠢᠷᠠᠭᠤᠯᠵᠤ ᠪᠣᠯᠣᠨ᠎ᠠ᠂ ᠭᠡᠪᠡᠴᠦ | ᠭᠠᠯ ᠰᠡᠷᠭᠡᠶᠢᠯᠡᠨ ᠤᠨᠲᠠᠷᠠᠭᠠᠬᠤ ᠪᠠ ᠡᠷᠡᠭᠦᠯ ᠬᠠᠮᠠᠭᠠᠯᠠᠯ ᠤᠨ ᠪᠠᠴᠢᠮ ᠠᠪᠤᠷᠠᠯᠳᠠ ᠵᠡᠷᠭᠡ ᠪᠠᠴᠢᠮ ᠪᠠᠶᠢᠳᠠᠯ ᠢ | ᠠᠷᠭᠠᠴᠠᠭᠠᠬᠤ ᠬᠡᠷᠡᠭᠴᠡᠭᠡ ᠶᠢ ᠨᠥᠯᠥᠭᠡᠯᠡᠵᠦ ᠪᠣᠯᠬᠤ ᠦᠭᠡᠢ᠂ ᠨᠡᠪᠲᠡᠷᠡᠨ ᠥᠩᠭᠡᠷᠡᠬᠦ ᠲᠡᠷᠭᠡ ᠬᠥᠰᠬᠡ ᠠᠴᠠ | ᠰᠦᠢᠳᠬᠡᠯ ᠬᠤᠷᠢᠶᠠᠵᠤ ᠪᠣᠯᠬᠤ ᠦᠭᠡᠢ᠃ | ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠵᠠᠰᠠᠮᠠᠯ ᠵᠠᠮ ᠤᠨ ᠠᠮᠤᠷ | ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ | ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢ ᠵᠢᠷᠤᠮᠯᠠᠨ᠎ᠠ᠃ | ᠭᠤᠴᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ | ᠬᠠᠮᠲᠤ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄ | ︵ᠨᠢᠭᠡ︶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠬᠦᠨᠳᠦ ᠶᠢ ᠬᠡᠮᠵᠢᠬᠦ ᠪᠠ | ᠬᠢᠨᠠᠨ ᠡᠵᠡᠮᠳᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ︔ | ︵ᠬᠤᠶᠠᠷ︶ ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠨᠳᠦ ᠶᠢ ᠬᠡᠮᠵᠢᠭᠰᠡᠨ | ᠲᠤᠭ᠎ᠠ ᠪᠠᠷᠢᠮᠲᠠ ᠪᠠ ᠬᠢᠨᠠᠨ ᠡᠵᠡᠮᠳᠡᠭᠰᠡᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ | ᠰᠦᠯᠵᠢᠶᠡᠵᠢᠭᠦᠯᠦᠭᠰᠡᠨ ᠦᠭᠡᠢ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ | ᠳᠠᠩᠰᠠᠯᠠᠯᠲᠠ ᠲᠡᠮᠳᠡᠭᠯᠡᠯ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠬᠦᠯᠦᠭᠰᠡᠨ ᠦᠭᠡᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠦᠭᠡᠢ᠃ | ᠭᠤᠴᠢᠨ ᠳᠣᠯᠣᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ ᠲᠡᠭᠡᠭᠡᠪᠦᠷᠢ ᠶᠢᠨ | ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ᠲᠦᠮᠡᠨ ᠲᠥᠭᠦᠷᠢᠭ ᠠᠴᠠ | ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄ | ︵ᠨᠢᠭᠡ︶ ᠲᠡᠷᠭᠡ ᠵᠠᠮᠨᠠᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠪᠠᠶᠢᠬᠤ ᠦᠭᠡᠢ ᠪᠤᠶᠤ ᠪᠤᠰᠤᠳ | ᠳᠠᠩᠰᠠᠯᠠᠭᠤᠯᠤᠨ ᠪᠦᠷᠢᠳᠬᠡᠭᠦᠯᠦᠭᠰᠡᠨ ᠦᠭᠡᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ᠂ | ᠲᠡᠭᠡᠭᠡᠪᠦᠷᠢ ᠲᠣᠬᠢᠷᠠᠭᠤᠯᠤᠭᠰᠠᠨ︔ | ︵ᠬᠤᠶᠠᠷ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ | ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ︔ | ︵ᠭᠤᠷᠪᠠ︶ ᠪᠠᠷᠢᠮᠵᠢᠶ᠎ᠠ ᠶᠣᠰᠣᠭᠠᠷ ᠪᠠᠷᠠᠭ᠎ᠠ ᠠᠴᠢᠶᠠᠯᠠᠵᠤ᠂ ᠲᠡᠭᠡᠭᠡᠪᠦᠷᠢ ᠲᠣᠬᠢᠷᠠᠭᠤᠯᠤᠭᠰᠠᠨ ᠦᠭᠡᠢ︔ | ︵ᠳᠥᠷᠪᠡ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ ᠬᠤᠳᠠᠯ ᠬᠠᠭᠤᠷᠮᠠᠭ ᠭᠡᠷᠡᠴᠢ ᠬᠠᠩᠭᠠᠭᠰᠠᠨ᠃ | ᠭᠤᠴᠢᠨ ᠨᠠᠢᠮᠠᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠪᠠᠷᠠᠭ᠎ᠠ ᠲᠡᠭᠡᠭᠡᠪᠦᠷᠢ ᠶᠢᠨ | ᠡᠬᠢ ᠡᠭᠦᠰᠦᠯ ᠤᠨ ᠨᠢᠭᠡᠴᠢ ᠨᠢ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ | ᠵᠢᠯᠣᠭᠤᠴᠢ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠢᠯᠣᠭᠤᠳᠤᠭᠤᠯᠤᠨ ᠪᠠᠷᠠᠭ᠎ᠠ ᠠᠴᠢᠶᠠᠯᠠᠵᠤ᠂ ᠲᠡᠭᠡᠭᠡᠪᠦᠷᠢ | ᠲᠣᠬᠢᠷᠠᠭᠤᠯᠤᠭᠰᠠᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠵᠠᠯᠠᠷᠠᠭᠤᠯᠬᠤ ᠶᠢᠨ ᠬᠠᠮᠲᠤ᠂ ᠲᠡᠷᠭᠡ ᠤᠳᠠᠭ᠎ᠠ ᠪᠦᠷᠢ ᠶᠢ 1000 ᠲᠥᠭᠦᠷᠢᠭ ᠤᠨ ᠵᠣᠭᠤᠰ ᠢᠶᠠᠷ ᠲᠣᠷᠭᠠᠨ᠎ᠠ᠃ | ᠭᠤᠴᠢ ᠶᠢᠰᠦᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠣᠷᠠᠬᠢ ᠦᠢᠯᠡ | ᠠᠵᠢᠯᠯᠠᠭ᠎ᠠ ᠠᠴᠠ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠨ᠎ᠡ᠄ | ︵ᠨᠢᠭᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ | ᠪᠦᠰᠡ ᠪᠠᠷ ᠥᠩᠭᠡᠷᠡᠬᠦ ᠳᠤ ᠪᠠᠨ ᠵᠣᠷᠢᠭᠤᠳᠠ ᠬᠡᠳᠦ ᠳᠣᠣᠷ᠎ᠠ ᠬᠤᠷᠳᠤᠴᠠ ᠪᠠᠷ ᠶᠠᠪᠤᠭᠤᠯᠬᠤ᠂ ᠣᠭᠵᠣᠮ | ᠵᠣᠭᠰᠤᠭᠠᠬᠤ᠂ ᠤᠯᠠᠨ ᠲᠡᠷᠭᠡ ᠲᠠᠢ ᠵᠡᠷᠭᠡᠴᠡᠵᠦ ᠶᠠᠪᠤᠬᠤ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠤᠭ | ᠲᠥᠬᠦᠭᠡᠷᠦᠮᠵᠢ ᠠᠴᠠ ᠵᠠᠶᠢᠳᠠᠬᠤ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ︔ | ︵ᠬᠤᠶᠠᠷ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ | ᠪᠦᠰᠡ ᠪᠠᠷ ᠥᠩᠭᠡᠷᠡᠬᠦ ᠳᠤ ᠪᠠᠨ ᠵᠠᠮ ᠠᠯᠤᠰᠯᠠᠬᠤ᠂ ᠱᠤᠭᠤᠮ ᠳᠠᠷᠤᠬᠤ᠂ ᠵᠣᠷᠢᠭᠤᠳᠠ ᠬᠠᠯᠬᠠᠯᠠᠬᠤ᠂ ᠭᠬᠢᠷᠲᠦᠭᠦᠯᠵᠦ | ᠰᠦᠢᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠬᠡᠷᠡᠭᠯᠡᠬᠦ ᠵᠡᠷᠭᠡ | ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ | ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢ ᠡᠪᠳᠡᠵᠦ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ᠂ ᠬᠠᠮᠢᠶ᠎ᠠ ᠪᠦᠬᠦᠢ | ᠲᠤᠭ᠎ᠠ ᠪᠠᠷᠢᠮᠲᠠ ᠶᠢ ᠵᠠᠳᠠᠷᠠᠭᠤᠯᠵᠤ᠂ ᠬᠠᠰᠤᠵᠤ᠂ ᠥᠭᠡᠷᠡᠲᠦᠭᠦᠯᠦᠭᠰᠡᠨ᠃ | ᠳᠥᠴᠢᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠨᠡᠶᠢᠯᠡᠭᠦᠯᠵᠦ ᠤᠭᠰᠠᠷᠠᠭᠰᠠᠨ ᠪᠠ | ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠢᠯᠣᠭᠤᠳᠤᠭᠰᠠᠨ | ᠵᠢᠯᠣᠭᠤᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ︔ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ | ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ | ᠶᠣᠰᠣᠭᠠᠷ ᠰᠢᠢᠳᠬᠡᠨ ᠲᠣᠷᠭᠠᠬᠤ ᠬᠡᠷᠡᠭᠲᠡᠢ︔ ᠡᠵᠡᠩᠨᠡᠯᠲᠡ ᠶᠢᠨ ᠦᠨᠡᠮᠯᠡᠯ ᠦᠭᠡᠢ ᠪᠠᠷ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ | ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ | ᠬᠡᠷᠡᠭᠲᠡᠢ᠃ | ᠳᠥᠴᠢᠨ ᠨᠢᠭᠡᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠢᠯᠲᠠᠨ ᠳᠤ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠬᠠᠤᠯᠢ ᠶᠣᠰᠣᠭᠠᠷ ᠰᠢᠢᠳᠬᠡᠯ | ᠥᠭᠭᠦᠨ᠎ᠡ︔ ᠶᠠᠯ᠎ᠠ ᠳᠤ ᠬᠥᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠮᠠᠰᠢᠨᠲᠤ ᠲᠡᠷᠭᠡ ᠶᠢᠨ ᠲᠤᠬᠠᠢ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ | ᠦᠯᠦ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠳᠠᠩᠰᠠᠯᠠᠭᠤᠯᠤᠨ ᠪᠦᠷᠢᠳᠬᠡᠭᠦᠯᠬᠦ ᠪᠠ ᠨᠣᠮᠧᠷ ᠤᠨ | ᠫᠠᠶᠢᠰᠠ᠂ ᠵᠠᠮᠨᠠᠭᠤᠯᠬᠤ ᠦᠨᠡᠮᠯᠡᠯ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ᠂ ᠵᠠᠮ | ᠲᠡᠭᠡᠭᠡᠪᠦᠷᠢ ᠶᠢᠨ ᠦᠨᠡᠮᠯᠡᠯ ᠣᠯᠭᠤᠭᠰᠠᠨ︔ | ︵ᠬᠤᠶᠠᠷ︶ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ | ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠵᠥᠪᠰᠢᠶᠡᠷᠡᠯ ᠢ ᠲᠣᠭᠲᠠᠭᠠᠯ ᠠᠴᠠ | ᠵᠥᠷᠢᠴᠡᠨ ᠭᠦᠢᠴᠡᠳᠬᠡᠵᠦ ᠥᠭᠭᠦᠭᠰᠡᠨ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠲᠠᠯᠪᠢᠵᠤ ᠶᠠᠪᠤᠭᠤᠯᠤᠭᠰᠠᠨ︔ | ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠠᠴᠠ ᠵᠥᠷᠢᠴᠡᠨ ᠦᠯᠡᠳᠡᠭᠡᠵᠦ | ᠠᠪᠤᠭᠰᠠᠨ ᠪᠤᠶᠤ ᠬᠠᠤᠯᠢ ᠶᠣᠰᠣᠭᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠬᠡᠷᠡᠭᠯᠡᠭᠰᠡᠨ︔ | ︵ᠲᠠᠪᠤ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ᠂ ᠢᠯᠡᠴᠢᠯᠡᠨ | ᠮᠡᠳᠡᠭᠦᠯᠦᠯᠲᠡ ᠶᠢ ᠣᠯᠣᠭᠠᠳ ᠴᠠᠭ ᠲᠤᠬᠠᠢ ᠳᠤ ᠨᠢ ᠬᠠᠷᠭᠤᠭᠤᠯᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ | ᠦᠭᠡᠢ︔ | ︵ᠵᠢᠷᠭᠤᠭ᠎ᠠ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ | ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠬᠤᠶᠠᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2013 ᠣᠨ ᠤ 8 ᠳ᠋ᠤᠭᠠᠷ ᠰᠠᠷ᠎ᠠ ᠶᠢᠨ 21 ᠤ ᠡᠳᠦᠷ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 198 ᠳ᠋ᠤᠭᠠᠷ ᠲᠣᠭᠠᠲᠤ︶ ᠶᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ |