ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ︹2023︺50 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ | ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ | ᠢᠨᠵᠧᠨᠧᠷᠢᠩ ᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ | ᠪᠦᠬᠦᠢ ᠠᠵᠤ ᠠᠬᠤᠶᠢᠯᠠᠯ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ | ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ | ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 8 ᠳ᠋ᠤᠭᠠᠷ ᠰᠠᠷ᠎ᠠ ᠶᠢᠨ 10 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ | ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ | ᠲᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠥᠯ | ᠪᠥᠬᠦ ᠣᠷᠣᠨ ᠤ ᠪᠤᠶᠢᠳᠠ ᠪᠥᠭᠯᠡᠭᠦᠦ ᠭᠠᠵᠠᠷ ᠣᠷᠣᠨ ᠤ ᠲᠠᠷᠢᠶᠠᠴᠢᠨ ᠮᠠᠯᠴᠢᠨ ᠪᠣᠯᠣᠨ ᠬᠢᠯᠢ ᠶᠢᠨ | ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠨᠠᠩ ᠰᠠᠶᠢᠲᠤᠷ ᠨᠠᠩ | ᠲᠦᠷᠭᠡᠨ ᠢᠶᠠᠷ ᠰᠢᠢᠳᠪᠦᠷᠢᠯᠡᠵᠦ᠂ ᠲᠡᠳᠡᠨ ᠤ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠤᠨ | ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ | ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠲᠠᠰ | ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠪᠠ᠃ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ | ᠨᠢᠭᠡ᠂ ᠬᠡᠷᠡᠭᠵᠢᠭᠦᠯᠬᠦ ᠬᠠᠷᠠᠯᠲᠠ | ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ | ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠲᠦᠷᠭᠡᠬᠡᠨ | ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠦᠷᠢᠯᠡᠨ᠂ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ | ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠠᠮᠢᠳᠤᠷᠠᠯ ᠤᠨ ᠴᠢᠨᠠᠷ ᠴᠢᠨᠰᠠᠭ᠎ᠠ ᠵᠢᠴᠢ ᠦᠢᠯᠡᠳᠪᠦᠷᠢᠯᠡᠯ ᠤᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠬᠦᠷᠳᠡᠭᠡᠮᠵᠢᠳᠣ ᠰᠡᠳᠬᠢᠯᠭᠡ᠂ ᠵᠣᠯ | ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠴᠢᠩᠭᠠᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ | ᠴᠠᠬᠢᠯᠭᠠᠨ ᠬᠦᠴᠦᠨ ᠤ ᠲᠣᠣᠷ ᠤᠨ ᠰᠠᠭᠤᠷᠢ ᠪᠡᠯᠡᠳᠬᠡᠮᠵᠢ ᠶᠢᠨ ᠵᠡᠷᠭᠡ ᠲᠠᠰ ᠳᠡᠪᠰᠢᠬᠦ ᠶᠢ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠴᠠᠬᠢᠯᠭᠠᠨ ᠬᠦᠴᠦᠨ ᠤ | ᠪᠠᠲᠤᠯᠠᠭ᠎ᠠ ᠬᠠᠩᠭᠠᠨ᠎ᠠ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠲᠣᠰ ᠤᠳᠠᠭᠠᠨ ᠤ ᠴᠠᠬᠢᠯᠭᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠪᠥᠬᠦ ᠣᠷᠣᠨ ᠤ ᠪᠤᠶᠢᠳᠠ | ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠳᠤ | ᠬᠠᠨᠳᠤᠭᠤᠯᠤᠨ᠎ᠠ᠃ ᠳᠡᠭᠡᠷᠡᠬᠢ ᠬᠡᠷᠡᠭᠯᠡᠭᠴᠢᠳ ᠲᠣᠰ ᠲᠥᠰᠥᠯ ᠵᠢᠴᠢ ᠪᠣᠳᠠᠲᠠᠢ ᠪᠠᠶᠢᠳᠠᠯ ᠢᠶᠠᠨ ᠦᠨᠳᠦᠰᠦᠯᠡᠨ | ᠴᠠᠬᠢᠯᠭᠠᠨ ᠬᠦᠴᠦᠨ ᠤ ᠲᠣᠣᠷ ᠢ ᠤᠷᠲᠤᠳᠬᠠᠬᠤ ᠪᠤᠶᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ | ᠢᠨᠵᠧᠨᠧᠷᠢᠩ ᠢ ᠬᠡᠷᠡᠭᠵᠢᠭᠦᠯᠦᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ ᠬᠠᠩᠭᠠᠬᠤ ᠪᠠᠷ ᠰᠠᠶᠢᠨ | ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ ᠪᠣᠯᠣᠨ᠎ᠠ᠃ ᠡᠭᠦᠨ ᠤ ᠬᠠᠮᠲᠤ᠂ ᠪᠡᠯᠴᠢᠭᠡᠷᠯᠡᠭᠦᠯᠬᠦ ᠶᠢ ᠴᠠᠭᠠᠵᠠᠯᠠᠨ | ᠰᠡᠯᠭᠦᠨ ᠮᠠᠯᠵᠢᠬᠤ ᠣᠷᠣᠨ᠂ ᠨᠡᠭᠡᠭᠡᠯᠲᠡ ᠬᠢᠬᠦ ᠶᠢ ᠴᠠᠭᠠᠵᠠᠯᠠᠬᠤ ᠣᠷᠣᠨ᠂ ᠠᠮᠢ ᠠᠬᠤᠢ ᠶᠢᠨ ᠤᠯᠠᠭᠠᠨ ᠱᠤᠭᠤᠮ ᠤᠨ | ᠳᠣᠲᠣᠷ᠎ᠠ ᠠᠵᠤ ᠠᠮᠢᠳᠤᠷᠠᠵᠤ ᠪᠠᠶᠢᠭ᠎ᠠ ᠬᠡᠷᠡᠭᠯᠡᠭᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ | ᠲᠡᠳᠡ ᠨᠠᠷ ᠤᠨ ᠴᠠᠬᠢᠯᠭᠠᠨ ᠬᠦᠴᠦᠨ ᠤ ᠲᠣᠣᠷ ᠬᠠᠮᠤᠷᠤᠭᠰᠠᠨ ᠣᠷᠣᠨ ᠲᠡᠶᠢᠰᠢ ᠨᠡᠭᠦᠬᠦ ᠶᠢ ᠵᠣᠷᠢᠭᠵᠢᠭᠤᠯᠤᠨ᠎ᠠ︔ | ᠨᠡᠭᠦᠬᠦ ᠰᠠᠨᠠᠭ᠎ᠠ ᠦᠭᠡᠢ᠂ ᠨᠡᠭᠦᠬᠦ ᠨᠥᠬᠦᠴᠡᠯ ᠪᠦᠷᠢᠯᠳᠦᠭᠡᠳᠦᠢ ᠬᠡᠷᠡᠭᠯᠡᠭᠴᠢᠳ ᠵᠢᠴᠢ ᠠᠮᠢ ᠠᠬᠤᠢ ᠶᠢᠨ ᠬᠡᠪᠡᠷᠡᠭ | ᠣᠷᠣᠨ ᠳᠠᠬᠢ ᠬᠡᠷᠡᠭᠯᠡᠭᠴᠢᠳ ᠲᠤ ᠵᠠᠷᠴᠢᠮ ᠳᠡᠭᠡᠷ᠎ᠡ ᠪᠠᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ | ᠳᠠᠮᠵᠢᠭᠤᠯᠤᠨ ᠴᠠᠬᠢᠯᠭᠠᠨ ᠬᠠᠩᠭᠠᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠠᠮᠢ ᠠᠬᠤᠢ ᠣᠷᠴᠢᠨ ᠲᠣᠭᠤᠷᠢᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠪᠦᠬᠦ ᠣᠷᠣᠨ ᠤ ᠨᠤᠲᠤᠭ ᠪᠡᠯᠴᠢᠭᠡᠷ ᠤᠨ | ᠠᠮᠢ ᠠᠬᠤᠢ ᠶᠢᠨ ᠬᠠᠯᠬᠠᠪᠴᠢ ᠬᠡᠪᠡᠷᠡᠭ ᠵᠢᠴᠢ ᠮᠠᠯᠴᠢᠳ ᠤᠨ ᠣᠷᠣᠨ ᠰᠠᠭᠤᠴᠠ ᠲᠠᠷᠠᠬᠠᠢ ᠪᠤᠲᠠᠷᠬᠠᠢ ᠪᠠᠶᠢᠭ᠎ᠠ | ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ | ᠭᠤᠣᠯ ᠪᠣᠯᠭᠠᠵᠤ᠂ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠪᠠᠷ ᠬᠠᠪᠰᠤᠷᠤᠮᠵᠢ | ᠪᠣᠯᠭᠠᠬᠤ︾ ᠵᠠᠷᠴᠢᠮ ᠢ ᠪᠠᠷᠢᠮᠲᠠᠯᠠᠵᠤ᠂ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠣᠯᠣᠨ ᠬᠢᠯᠢ ᠶᠢᠨ | ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠲᠥᠷᠥᠯ ᠬᠤᠪᠢᠶᠠᠨ | ᠰᠢᠢᠳᠪᠦᠷᠢᠯᠡᠨ᠎ᠡ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠲᠠᠯ᠎ᠠ ᠪᠠᠷ᠂ ᠵᠠᠷᠴᠢᠮ | ᠳᠡᠭᠡᠷ᠎ᠡ ᠪᠠᠨ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠦᠭᠡᠢ ᠪᠠᠶᠢᠬᠤ᠂ ᠨᠤᠲᠤᠭ ᠪᠡᠯᠴᠢᠭᠡᠷ ᠢ ᠡᠵᠡᠯᠡᠨ | ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠴᠢᠬᠤᠯᠠᠴᠢᠯᠠᠭ᠎ᠠ ᠠᠴᠠ᠂ ᠴᠠᠬᠢᠯᠭᠠᠨ ᠬᠦᠴᠦᠨ ᠤ ᠲᠣᠣᠷ ᠨᠡᠪᠲᠡᠷᠡᠭᠰᠡᠨ ᠤ | ᠳᠠᠷᠠᠭ᠎ᠠ ᠬᠡᠷᠡᠭᠯᠡᠭᠴᠢ ᠶᠢᠨ ᠦᠵᠦᠭᠦᠷ ᠤᠨ ᠴᠠᠬᠢᠯᠭᠠᠨ ᠬᠦᠴᠦᠳᠡᠯ ᠤᠨ ᠶᠠᠰᠤ ᠴᠢᠨᠠᠷ ᠨᠢ ᠤᠯᠤᠰ ᠤᠨ ᠬᠠᠮᠤᠭ ᠤᠨ | ᠰᠢᠨ᠎ᠡ ᠪᠠᠷᠢᠮᠵᠢᠶ᠎ᠠ ᠳᠤ ᠬᠦᠷᠬᠦ ᠮᠥᠷᠲᠡᠭᠡᠨ ᠡᠷᠦᠬᠡ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 20 ᠲᠦᠮᠡᠨ | ᠲᠥᠭᠦᠷᠢᠭ ︵20 ᠲᠦᠮᠡᠨ ᠲᠥᠭᠦᠷᠢᠭ ᠪᠠᠭᠲᠠᠨ᠎ᠠ︶ ᠤᠨ ᠳᠣᠲᠣᠷ᠎ᠠ ᠪᠠᠶᠢᠯᠭᠠᠨ᠎ᠠ︔ ᠴᠠᠬᠢᠯᠭᠠᠨ ᠬᠦᠴᠦᠨ ᠤ | ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠨᠥᠬᠦᠴᠡᠯ ᠪᠣᠯᠣᠮᠵᠢ ᠶᠢ ᠬᠠᠩᠭᠠᠵᠤ ᠳᠡᠶᠢᠯᠬᠦ ᠦᠭᠡᠢ | ᠬᠡᠷᠡᠭᠯᠡᠭᠴᠢᠳ ᠲᠤ ᠭᠤᠣᠯᠳᠠᠭᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠬᠡᠷᠡᠭᠵᠢᠭᠦᠯᠬᠦ ᠪᠠᠷ | ᠳᠠᠮᠵᠢᠭᠤᠯᠤᠨ ᠰᠢᠢᠳᠪᠦᠷᠢᠯᠡᠨ᠎ᠡ᠃ | ︵ᠬᠤᠶᠠᠷ︶ ︽ᠬᠤᠶᠠᠷ ᠦᠨᠳᠦᠰᠦᠨ︾ ᠢ ᠬᠠᠩᠭᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ | ᠴᠠᠬᠢᠯᠭᠠᠨ ᠬᠡᠷᠡᠭᠯᠡᠬᠦ ᠬᠡᠷᠡᠭᠴᠡᠭᠡ ᠶᠢ ᠠᠯᠢ ᠴᠢᠳᠠᠬᠤ ᠪᠠᠷ ᠪᠠᠲᠤᠯᠠᠨ᠎ᠠ᠃ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ | ᠡᠷᠦᠬᠡ ᠶᠢᠨ ᠦᠨᠳᠦᠰᠦᠨ ᠠᠮᠢᠳᠤᠷᠠᠯ ᠪᠣᠯᠣᠨ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠳᠤ ᠰᠠᠭᠤᠷᠢᠯᠠᠨ᠂ | ᠡᠩ ᠤᠨ ᠭᠡᠷ ᠤᠨ ᠴᠠᠬᠢᠯᠭᠠᠨ ᠬᠡᠷᠡᠭᠰᠡᠯ ᠢ ᠵᠡᠷᠭᠡ ᠪᠠᠷ ᠬᠡᠷᠡᠭᠯᠡᠬᠦ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠪᠠᠰᠠ | ᠲᠠᠷᠢᠶᠠᠯᠠᠬᠤ ᠮᠠᠯᠵᠢᠬᠤ ᠡᠷᠦᠬᠡ ᠶᠢᠨ ᠡᠪᠡᠰᠦ ᠬᠡᠷᠴᠢᠬᠦ ᠵᠡᠷᠭᠡ ᠦᠨᠳᠦᠰᠦᠨ ᠦᠢᠯᠡᠳᠪᠦᠷᠢᠯᠡᠯ ᠤᠨ ᠬᠡᠷᠡᠭᠴᠡᠭᠡ ᠶᠢ | ᠬᠠᠩᠭᠠᠵᠤ᠂ ᠮᠠᠯᠵᠢᠬᠤ ᠣᠷᠣᠨ ᠤ ᠠᠮᠢᠳᠤᠷᠠᠯ ᠦᠢᠯᠡᠳᠪᠦᠷᠢᠯᠡᠯ ᠤᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠣᠨ᠎ᠡ᠃ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠠ ᠲᠡᠰ | ᠳᠡᠪᠰᠢᠭᠦᠯᠬᠦ ᠪᠠᠭᠲᠠᠭᠠᠮᠵᠢ ᠶᠢᠨ ᠪᠠᠷᠢᠮᠵᠢᠶ᠎ᠠ ᠶᠢ 2 ᠺᠢᠯᠣᠸᠠᠲ ᠢᠶᠠᠷ ᠨᠢᠭᠡᠳᠦᠯᠲᠡᠢ ᠲᠣᠭᠲᠠᠭᠠᠵᠤ᠂ ᠵᠠᠷᠴᠢᠮ | ᠳᠡᠭᠡᠷ᠎ᠡ ᠪᠠᠨ ᠮᠠᠯᠵᠢᠬᠤ ᠡᠷᠦᠬᠡ ᠶᠢᠨ ᠤᠷᠲᠤ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠣᠷᠣᠨ ᠰᠠᠭᠤᠴᠠ ᠳᠤ | ᠵᠦᠪᠬᠡᠨ ᠨᠢᠭᠡ ᠢᠵᠢ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠬᠠᠩᠭᠠᠵᠤ᠂ ᠣᠬᠤᠷᠬᠠᠨ | ᠬᠤᠭᠤᠴᠠᠭᠠᠨ ᠳᠤ ᠪᠡᠯᠴᠢᠭᠡᠷᠯᠡᠭᠦᠯᠬᠦ ᠴᠡᠭ ᠲᠤ ᠲᠣᠬᠢᠷᠠᠭᠤᠯᠬᠤ ᠦᠭᠡᠢ᠃ | ︵ᠭᠤᠷᠪᠠ︶ ᠬᠡᠷᠡᠭᠯᠡᠭᠴᠢ ᠶᠢᠨ ᠰᠠᠨᠠᠮᠵᠢ ᠶᠢ ᠬᠦᠨᠳᠦᠳᠬᠡᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠨ᠂ | ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠳᠤ ᠲᠤᠰᠠᠯᠠᠨ᠎ᠠ᠃ ᠲᠠᠷᠢᠶᠠᠯᠠᠬᠤ ᠮᠠᠯᠵᠢᠬᠤ ᠡᠷᠦᠬᠡ ᠶᠢᠨ ᠰᠢᠨ᠎ᠡ | ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ᠂ ᠲᠠᠰ ᠳᠡᠪᠰᠢᠭᠦᠯᠬᠦ ᠪᠠᠷ ᠭᠤᠶᠤᠴᠢᠯᠠᠨ | ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠣᠯᠣᠨ | ᠬᠡᠷᠡᠭᠯᠡᠭᠴᠢ ᠬᠠᠮᠲᠤ ᠪᠠᠷ ᠠᠷᠭᠠᠴᠠᠭᠠᠨ᠎ᠠ︔ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠰᠢᠨ᠎ᠡ | ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ᠂ ᠲᠠᠰ ᠳᠡᠪᠰᠢᠭᠦᠯᠬᠦ ᠪᠠᠷ ᠭᠤᠶᠤᠴᠢᠯᠠᠨ | ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠳᠠᠭᠠᠭᠠᠨ | ᠡᠭᠦᠷᠭᠡᠯᠡᠵᠦ᠂ ᠡᠬᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠤᠨ ᠠᠮᠤᠷ ᠲᠣᠭᠲᠠᠭᠤᠨ ᠨᠠᠶᠢᠳᠠᠪᠤᠷᠢᠲᠠᠢ | ᠪᠠᠶᠢᠬᠤ ᠶᠢ ᠪᠥᠬᠦ ᠬᠦᠴᠦᠨ ᠢᠶᠠᠷ ᠪᠠᠲᠤᠯᠠᠨ᠎ᠠ᠃ | ᠳᠥᠷᠪᠡ᠂ ᠠᠵᠢᠯ ᠤᠨ ᠲᠣᠬᠢᠷᠠᠭᠤᠯᠤᠯᠲᠠ | ︵ᠨᠢᠭᠡ︶ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ | ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠡᠷᠦᠬᠡ ᠳᠠᠷᠠᠭᠠᠯᠠᠨ ᠬᠡᠷᠡᠭᠴᠡᠭᠡ ᠱᠠᠭᠠᠷᠳᠠᠯᠭ᠎ᠠ ᠶᠢᠨ | ᠪᠠᠶᠢᠳᠠᠯ ᠢ ᠣᠶᠢᠯᠠᠭᠠᠬᠤ ᠠᠵᠢᠯ ᠥᠷᠨᠢᠭᠦᠯᠦᠨ᠎ᠡ᠃ ᠡᠷᠦᠬᠡ ᠳᠤ ᠭᠦᠨᠵᠡᠭᠡᠶᠢᠷᠡᠨ ᠣᠶᠢᠯᠠᠭᠠᠭᠰᠠᠨ ᠪᠠᠶᠢᠳᠠᠯ ᠢᠶᠠᠨ | ᠦᠨᠳᠦᠰᠦᠯᠡᠵᠦ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠡᠬᠡ | ᠲᠠᠩᠰᠠ ᠪᠠ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠪᠠᠶᠢᠭᠤᠯᠤᠯᠲᠠ ᠶᠢᠨ ᠡᠬᠡ ᠲᠠᠩᠰᠠ | ᠪᠠᠶᠢᠭᠤᠯᠵᠤ᠂ ᠴᠠᠬᠢᠯᠭᠠᠨ ᠬᠦᠴᠦᠨ ᠤ ᠲᠣᠣᠷ ᠤᠨ ᠺᠣᠮᠫᠠᠨᠢ ᠨᠢ ︽ᠴᠠᠬᠢᠯᠭᠠᠨ ᠬᠦᠴᠦᠨ ᠤ ᠲᠣᠣᠷ ᠢ ᠤᠷᠲᠤᠳᠬᠠᠨ | ᠴᠠᠬᠢᠯᠭᠠᠨ ᠬᠠᠩᠭᠠᠬᠤ ᠲᠥᠰᠥᠯ︾ ᠢ ᠲᠦᠷᠭᠡᠬᠡᠨ ᠨᠠᠶᠢᠷᠠᠭᠤᠯᠤᠨ ᠵᠣᠬᠢᠶᠠᠵᠤ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠤᠨ᠎ᠠ︔ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠵᠤ᠂ ᠲᠠᠰ ᠳᠡᠪᠰᠢᠭᠦᠯᠬᠦ ᠲᠥᠰᠥᠯ︾ | ︵ᠲᠥᠰᠥᠯ ᠳᠤ ᠪᠠᠨ ᠬᠠᠷᠠᠯᠲᠠ ᠡᠭᠦᠷᠭᠡ᠂ ᠪᠦᠲᠦᠭᠡᠨ ᠪᠠᠶᠢᠭᠤᠯᠬᠤ ᠪᠠ ᠠᠵᠢᠯᠯᠠᠭᠤᠯᠤᠨ ᠪᠠᠲᠤᠯᠠᠬᠤ ᠶᠢᠨ ᠪᠡᠯᠡ | ᠮᠥᠩᠭᠦᠨ ᠤ ᠬᠡᠷᠡᠭᠴᠡᠭᠡ ᠱᠠᠭᠠᠷᠳᠠᠯᠭ᠎ᠠ᠂ ᠪᠣᠳᠠᠲᠠᠢ ᠬᠡᠷᠡᠭᠵᠢᠭᠦᠯᠬᠦ ᠲᠥᠯᠥᠪᠯᠡᠭᠡ᠂ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ ᠪᠠᠨ ᠲᠣᠳᠣᠷᠬᠠᠶᠢᠯᠠᠬᠤ ᠬᠡᠷᠡᠭᠲᠡᠢ︶ ᠢ ᠨᠠᠶᠢᠷᠠᠭᠤᠯᠵᠤ ᠵᠣᠬᠢᠶᠠᠨ | ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠃ 2023 ᠣᠨ ᠤ 8 ᠳ᠋ᠤᠭᠠᠷ | ᠰᠠᠷ᠎ᠠ ᠠᠴᠠ ᠡᠬᠢᠯᠡᠨ 2024 ᠣᠨ ᠤ ᠰᠡᠭᠦᠯᠴᠢ ᠪᠣᠯᠲᠠᠯ᠎ᠠ᠂ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ | ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠡᠪᠲᠡᠷᠡᠭᠦᠯᠬᠦ | ᠢᠨᠵᠧᠨᠧᠷᠢᠩ ᠢ ᠲᠥᠪᠯᠡᠷᠡᠭᠦᠯᠦᠨ ᠪᠡᠶᠡᠯᠡᠭᠦᠯᠦᠨ᠎ᠡ᠃ ᠡᠭᠦᠨ ᠳᠤ᠂ 2023 ᠣᠨ ᠤ 9 ᠳ᠋ᠦ᠋ᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠵᠦ᠂ | ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ | ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠤᠶᠤ ᠲᠠᠰ ᠳᠡᠪᠰᠢᠭᠦᠯᠦᠨ 2 ᠺᠢᠯᠣᠸᠠᠲ | ᠪᠣᠯᠭᠠᠬᠤ ᠬᠡᠷᠡᠭᠵᠢᠭᠦᠯᠬᠦ ᠲᠥᠰᠥᠯ ᠵᠢᠴᠢ ᠢᠨᠵᠧᠨᠧᠷᠢᠩ ᠤᠨ ᠡᠬᠡ ᠲᠠᠩᠰᠠ ᠶᠢ ᠪᠦᠷᠢᠯᠳᠦᠭᠦᠯᠦᠨ᠎ᠡ︔ 2023 | ᠣᠨ ᠤ 10 ᠳ᠋ᠤᠭᠠᠷ ᠰᠠᠷ᠎ᠠ ᠠᠴᠠ 2024 ᠣᠨ ᠤ 12 ᠳ᠋ᠤᠭᠠᠷ ᠰᠠᠷ᠎ᠠ ᠪᠣᠯᠲᠠᠯ᠎ᠠ᠂ ᠴᠠᠬᠢᠯᠭᠠᠨ ᠲᠣᠣᠷ ᠢ | ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠦᠬᠦ ᠡᠭᠦᠷᠭᠡ ᠪᠠᠨ ᠪᠡᠶᠡᠯᠡᠭᠦᠯᠦᠨ᠎ᠡ᠃ | ︵ᠭᠤᠷᠪᠠ︶ ᠢᠨᠵᠧᠨᠧᠷᠢᠩ ᠢ ᠬᠡᠷᠡᠭᠵᠢᠭᠦᠯᠬᠦ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ | ᠰᠢᠨ᠎ᠡ ᠪᠠᠷ ᠪᠠᠶᠢᠭᠤᠯᠬᠤ ᠪᠤᠶᠤ ᠲᠡᠰ ᠳᠡᠪᠰᠢᠭᠦᠯᠬᠦ ᠢᠨᠵᠧᠨᠧᠷᠢᠩ ᠢ ᠨᠢᠭᠡᠳᠦᠯᠲᠡᠢ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠬᠡᠷᠡᠭᠵᠢᠭᠦᠯᠬᠦ ᠭᠤᠣᠯ | ᠴᠣᠭᠴᠠ ᠶᠢ ᠲᠣᠭᠲᠠᠭᠠᠨ᠎ᠠ᠃ ᠨᠡᠶᠢᠲᠡ ᠶᠢᠨ ᠠᠰᠠᠷᠠᠮᠵᠢ ᠶᠢᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ | ᠬᠡᠷᠡᠭᠵᠢᠭᠦᠯᠬᠦ ᠴᠢᠨᠠᠷ ᠴᠢᠨᠰᠠᠭ᠎ᠠ ᠪᠠ ᠬᠡᠷᠡᠭᠵᠢᠭᠦᠯᠬᠦ ᠠᠬᠢᠴᠠ ᠶᠢ ᠦᠨᠡᠨ ᠬᠦ ᠪᠠᠲᠤᠯᠠᠬᠤ ᠶᠢᠨ ᠲᠤᠰᠠᠳᠠ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠᠷ ᠳᠠᠮᠵᠢᠭᠤᠯᠤᠨ ᠢᠨᠵᠧᠨᠧᠷᠢᠩ ᠢ ᠬᠡᠷᠡᠭᠵᠢᠭᠦᠯᠬᠦ ᠭᠤᠣᠯ | ᠴᠣᠭᠴᠠ ᠶᠢ ᠲᠣᠭᠲᠠᠭᠠᠬᠤ ᠳᠤ ᠪᠠᠨ᠂ ᠠᠳᠠᠯᠢ ᠠᠵᠢᠯ ᠲᠥᠷᠥᠯ ᠤᠨ ᠨᠥᠬᠦᠴᠡᠯ ᠳᠣᠣᠷ᠎ᠠ ᠲᠠᠷᠢᠶᠠᠯᠠᠬᠤ ᠮᠠᠯᠵᠢᠬᠤ | ᠣᠷᠣᠨ ᠪᠠ ᠲᠠᠷᠢᠶᠠᠴᠢᠨ ᠮᠠᠯᠴᠢᠨ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ | ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ ᠪᠠ ᠠᠵᠢᠯᠯᠠᠭᠤᠯᠵᠤ ᠪᠠᠲᠤᠯᠠᠬᠤ ᠶᠢ ᠨᠢᠭᠡ | ᠴᠣᠭᠴᠠᠵᠢᠭᠤᠯᠬᠤ ᠴᠢᠳᠠᠪᠤᠷᠢ ᠲᠠᠢ ᠠᠵᠤ ᠠᠬᠤᠶᠢᠯᠠᠯ ᠢ ᠤᠷᠢᠳ ᠢᠶᠠᠷ ᠪᠣᠳᠣᠯᠬᠢᠯᠠᠨ᠎ᠠ᠃ ᠴᠠᠬᠢᠯᠭᠠᠨ ᠬᠦᠴᠦᠨ ᠤ | ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠥᠪᠥᠷ ᠮᠣᠩᠭᠤᠯ ᠤᠨ ᠴᠠᠬᠢᠯᠭᠠᠨ ᠬᠦᠴᠦᠨ ︵ | ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠴᠠ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠳᠥᠷᠪᠡ︶ ᠪᠡᠯᠡ ᠮᠥᠩᠭᠦᠨ ᠤ ᠢᠷᠡᠯᠲᠡ᠃ ᠲᠠᠷᠢᠶᠠᠯᠠᠬᠤ ᠮᠠᠯᠵᠢᠬᠤ ᠡᠷᠦᠬᠡ ᠶᠢᠨ ᠰᠢᠨ᠎ᠡ ᠡᠨᠧᠷᠭᠢ ᠪᠠᠷ | ᠴᠠᠬᠢᠯᠭᠠᠨ ᠬᠠᠩᠭᠠᠬᠤ ᠰᠢᠰᠲ᠋ᠧᠮ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠤᠶᠤ ᠳᠡᠰ ᠳᠡᠪᠰᠢᠭᠦᠯᠬᠦ ᠪᠠᠷ | ᠭᠤᠶᠤᠴᠢᠯᠠᠨ ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠡᠷᠡᠭᠯᠡᠭᠴᠢ 70 % : 15 % : 15 % ᠪᠠᠷ ᠵᠠᠷᠤᠳᠠᠯ ᠢ ᠬᠤᠪᠢᠶᠠᠨ ᠡᠭᠦᠷᠭᠡᠯᠡᠨ᠎ᠡ︔ ᠬᠢᠯᠢ ᠶᠢᠨ | ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ ᠪᠤᠶᠤ ᠳᠡᠰ ᠳᠡᠪᠰᠢᠭᠦᠯᠬᠦ ᠪᠠᠷ | ᠭᠤᠶᠤᠴᠢᠯᠠᠨ ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠠᠴᠠ ᠪᠠᠲᠤᠯᠠᠨ᠎ᠠ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠥᠮᠴᠢᠯᠡᠬᠦ ᠡᠷᠬᠡ ᠶᠢ | ᠬᠡᠷᠡᠭᠯᠡᠭᠴᠢᠳ ᠲᠤ ᠬᠠᠷᠢᠶᠠᠯᠠᠭᠤᠯᠤᠨ᠎ᠠ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠥᠪᠥᠷ ᠮᠣᠩᠭᠤᠯ ᠤᠨ ᠴᠠᠬᠢᠯᠭᠠᠨ ᠬᠦᠴᠦᠨ ︵ | ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠴᠠ ᠬᠥᠳᠡᠭᠡ ᠲᠣᠰᠬᠤᠨ ᠤ | ᠴᠠᠬᠢᠯᠭᠠᠨ ᠬᠦᠴᠦᠨ ᠤ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠲᠥᠪ ᠤᠨ ᠲᠥᠰᠥᠪ ᠲᠠᠬᠢ | ᠪᠡᠯᠡ ᠮᠥᠩᠭᠦ ᠶᠢ ᠭᠤᠶᠤᠴᠢᠯᠠᠬᠤ ᠪᠤᠶᠤ ᠥᠪᠡᠰᠦᠪᠡᠨ ᠪᠡᠯᠡ ᠮᠥᠩᠭᠦ ᠴᠤᠭᠯᠠᠭᠤᠯᠬᠤ ᠪᠠᠷ ᠳᠠᠮᠵᠢᠭᠤᠯᠤᠨ | ᠰᠢᠢᠳᠪᠦᠷᠢᠯᠡᠨ᠎ᠡ᠃ | ︵ᠲᠠᠪᠤ︶ ᠢᠨᠵᠧᠨᠧᠷᠢᠩ ᠢ ᠠᠵᠢᠯᠯᠠᠭᠤᠯᠵᠤ ᠪᠠᠲᠤᠯᠠᠬᠤ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ | ᠰᠢᠰᠲ᠋ᠧᠮ ᠢ ᠠᠵᠢᠯᠯᠠᠭᠤᠯᠤᠨ ᠪᠠᠲᠤᠯᠠᠬᠤ ᠠᠵᠢᠯ ᠢ᠂ ᠠᠰᠢᠭᠯᠠᠯᠲᠠ ᠳᠤ ᠣᠷᠣᠭᠤᠯᠤᠨ ᠴᠢᠨᠠᠷ ᠢ ᠪᠠᠲᠤᠯᠠᠬᠤ | ᠬᠤᠭᠤᠴᠠᠭᠠᠨ ᠳᠤ ᠲᠥᠬᠦᠭᠡᠷᠦᠮᠵᠢ ᠬᠠᠩᠭᠠᠭᠰᠠᠨ ᠬᠤᠳᠠᠯᠳᠤᠭᠠᠴᠢᠨ ᠳᠠᠭᠠᠭᠠᠨ ᠡᠭᠦᠷᠭᠡᠯᠡᠵᠦ᠂ ᠠᠰᠢᠭᠯᠠᠯᠲᠠ ᠳᠤ | ᠣᠷᠣᠭᠤᠯᠤᠨ ᠴᠢᠨᠠᠷ ᠢ ᠪᠠᠲᠤᠯᠠᠬᠤ ᠬᠤᠭᠤᠴᠠᠭᠠᠨ ᠠᠴᠠ ᠭᠠᠳᠠᠨ᠎ᠠ ᠪᠣᠯᠤᠭᠰᠠᠨ ᠢ ᠨᠢ ᠳᠠᠭᠠᠭᠠᠴᠢᠯᠠᠯᠲᠠ ᠣᠯᠣᠭᠰᠠᠨ | ᠢᠨᠵᠧᠨᠧᠷᠢᠩ ᠢ ᠬᠡᠷᠡᠭᠵᠢᠭᠦᠯᠬᠦ ᠭᠤᠣᠯ ᠴᠣᠭᠴᠠ ᠳᠠᠭᠠᠭᠠᠨ ᠡᠭᠦᠷᠭᠡᠯᠡᠵᠦ᠂ ᠠᠵᠢᠯᠯᠠᠭᠤᠯᠵᠤ ᠪᠠᠲᠤᠯᠠᠬᠤ ᠪᠡᠯᠡ | ᠮᠥᠩᠭᠦᠨ ᠤ ᠬᠡᠷᠡᠭᠴᠡᠭᠡ ᠱᠠᠭᠠᠷᠳᠠᠯᠭ᠎ᠠ ᠶᠢ ᠪᠣᠯ ᠪᠠᠶᠢᠴᠠᠭᠠᠨ ᠣᠶᠢᠯᠠᠭᠠᠭᠰᠠᠨ ᠠᠵᠢᠯ ᠢᠶᠠᠨ ᠦᠨᠳᠦᠰᠦᠯᠡᠨ ︽ᠰᠢᠨ᠎ᠡ | ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠬᠤ᠂ ᠳᠡᠰ ᠳᠡᠪᠰᠢᠭᠦᠯᠬᠦ ᠲᠥᠰᠥᠯ︾ ᠳᠤ ᠪᠠᠨ | ᠵᠢᠭᠰᠠᠭᠠᠨ ᠣᠷᠣᠭᠤᠯᠤᠨ᠎ᠠ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ | ᠢᠨᠵᠧᠨᠧᠷᠢᠩ ᠤᠨ ᠠᠵᠢᠯᠯᠠᠭᠤᠯᠵᠤ ᠪᠠᠲᠤᠯᠠᠬᠤ ᠠᠵᠢᠯ ᠢ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ | ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠬᠠᠷᠢᠭᠤᠴᠠᠨ᠎ᠠ᠃ | ᠲᠠᠪᠤ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠡᠷᠦᠬᠡ ᠶᠢᠨ ᠰᠠᠭᠤᠷᠢᠰᠢᠭᠰᠠᠨ ᠭᠠᠵᠠᠷ | ᠬᠢᠭᠡᠳ ᠬᠤᠪᠢᠰᠬᠠᠭᠤᠷ ᠤᠨ ᠥᠷᠲᠡᠭᠡ ᠯᠦᠭᠡ ᠶᠢᠨ ᠵᠠᠢ ᠵᠢᠴᠢ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠲᠠᠰ | ᠳᠡᠪᠰᠢᠭᠦᠯᠬᠦ ᠬᠦᠰᠡᠯ ᠡᠷᠡᠮᠡᠯᠵᠡᠯ ᠵᠡᠷᠭᠡ ᠪᠠᠶᠢᠳᠠᠯ ᠢ ᠨᠢ ᠦᠨᠳᠦᠰᠦᠯᠡᠨ᠂ 2023 ᠣᠨ ᠤ 9 ᠳ᠋ᠦ᠋ᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠬᠤ᠂ ᠲᠠᠰ | ᠳᠡᠪᠰᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠤ ᠶᠢᠨ ᠬᠠᠮᠲᠤ᠂ ᠰᠢᠨ᠎ᠡ ᠡᠨᠧᠷᠭᠢ ᠪᠠᠷ ᠴᠠᠬᠢᠯᠭᠠᠨ | ᠬᠠᠩᠭᠠᠬᠤ ᠰᠢᠰᠲ᠋ᠧᠮ ᠢ ᠤᠭᠰᠠᠷᠠᠭᠤᠯᠬᠤ ᠪᠤᠶᠤ ᠳᠡᠰ ᠳᠡᠪᠰᠢᠭᠦᠯᠬᠦ ᠪᠠᠷ ᠲᠥᠯᠥᠪᠯᠡᠵᠦ ᠪᠠᠶᠢᠭ᠎ᠠ ᠬᠡᠷᠡᠭᠯᠡᠭᠴᠢᠳ ᠲᠠᠢ | ᠵᠥᠪᠯᠡᠯᠴᠡᠭᠡᠷ ᠲᠣᠭᠲᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠤᠭᠰᠠᠷᠠᠬᠤ ᠪᠣᠯᠣᠨ ᠪᠠᠭᠲᠠᠭᠠᠮᠵᠢ ᠶᠢ ᠲᠠᠰ | ᠳᠡᠪᠰᠢᠭᠦᠯᠬᠦ ᠪᠠᠷ ᠪᠠᠶᠢᠬᠤ ᠪᠠ ᠬᠡᠷᠡᠭᠯᠡᠭᠴᠢ ᠶᠢᠨ ᠪᠡᠯᠡ ᠭᠠᠷᠭᠠᠬᠤ ᠲᠤᠭ᠎ᠠ ᠵᠢᠴᠢ ᠰᠦᠢᠳᠬᠡᠯ ᠲᠤᠰᠢᠶᠠᠬᠤ | ᠬᠤᠭᠤᠴᠠᠭ᠎ᠠ ᠬᠢᠵᠠᠭᠠᠷ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ᠨᠢ ︽ᠰᠢᠨ᠎ᠡ ᠡᠨᠧᠷᠭᠢ ᠪᠠᠷ ᠴᠠᠬᠢᠯᠭᠠᠨ | ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠬᠤ᠂ ᠲᠠᠰ ᠳᠡᠪᠰᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠭᠰᠠᠨ ᠤ | ᠳᠠᠷᠠᠭ᠎ᠠ 1 ᠰᠠᠷ᠎ᠠ ᠶᠢᠨ ᠳᠣᠲᠣᠷ᠎ᠠ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ | ᠰᠤᠳᠤᠯᠤᠨ ᠲᠣᠭᠲᠠᠭᠠᠬᠤ ᠬᠡᠷᠡᠭᠲᠡᠢ᠃ | ︵ᠬᠤᠶᠠᠷ︶ ᠪᠠᠲᠤᠯᠠᠬᠤ ᠠᠵᠢᠯ ᠢ ᠰᠠᠶᠢᠲᠤᠷ ᠬᠢᠨ᠎ᠡ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠡᠯ᠎ᠡ ᠱᠠᠲᠤᠨ ᠤ ᠡᠳ᠋ ᠤᠨ ᠵᠠᠰᠠᠭ ᠠᠴᠠ | ᠬᠤᠪᠢᠳᠠᠨ ᠡᠭᠦᠷᠭᠡᠯᠡᠬᠦ ᠬᠠᠷᠢᠴᠠᠯ ᠶᠣᠰᠣᠭᠠᠷ ᠣᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠤᠨ | ᠪᠠᠲᠤᠯᠠᠬᠤ ᠶᠢᠨ ᠬᠠᠮᠲᠤ᠂ 2023 ᠣᠨ ᠤ 10 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯᠠᠬᠢ | ᠢᠨᠵᠧᠨᠧᠷᠢᠩ ᠳᠤ ᠬᠡᠷᠡᠭᠰᠡᠬᠦ ᠪᠡᠯᠡ ᠮᠥᠩᠭᠦ ᠶᠢ ᠲᠦᠷᠭᠡᠬᠡᠨ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ | ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠬᠡᠷᠡᠭᠵᠢᠭᠦᠯᠬᠦ ᠭᠤᠣᠯ ᠴᠣᠭᠴᠠ ᠨᠢ ᠡᠬᠢ ᠪᠠᠶᠠᠯᠢᠭ ᠤᠨ | ᠨᠥᠬᠦᠴᠡᠯ ᠪᠠ ᠠᠳᠠᠯᠢ ᠪᠤᠰᠤ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠦᠢ ᠵᠣᠬᠢᠰᠲᠠᠢ | ᠲᠥᠰᠥᠯ᠂ ᠲᠡᠷᠢᠭᠦᠨ ᠤ ᠪᠠᠷᠢᠮᠵᠢᠶ᠎ᠠ ᠪᠠᠨ ᠳᠤᠷᠠᠳᠴᠤ᠂ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠪᠠ | ᠵᠣᠬᠢᠶᠠᠨ ᠪᠠᠶᠢᠭᠤᠯᠵᠤ ᠪᠠᠶᠢᠭᠤᠯᠬᠤ ᠠᠵᠢᠯ ᠢ ᠥᠷᠨᠢᠭᠦᠯᠬᠦ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠮᠦᠷᠳᠡᠨ | ᠳᠠᠭᠠᠵᠤ ᠬᠢᠨᠠᠨ ᠪᠣᠳᠣᠯᠲᠠ ᠬᠢᠬᠦ ᠠᠵᠢᠯ ᠢᠶᠠᠨ ᠴᠢᠩᠭᠠᠷᠠᠭᠤᠯᠵᠤ᠂ ᠲᠥᠬᠦᠭᠡᠷᠦᠮᠵᠢ ᠬᠤᠳᠠᠯᠳᠤᠨ ᠠᠪᠬᠤ᠂ | ᠢᠨᠵᠧᠨᠧᠷᠢᠩ ᠤᠨ ᠬᠠᠮᠢᠶᠠᠷᠤᠯᠲᠠ᠂ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ᠂ ᠪᠡᠯᠡ ᠮᠥᠩᠭᠦᠨ ᠤ | ᠬᠠᠮᠢᠶᠠᠷᠤᠯᠲᠠ ᠪᠣᠯᠣᠨ ᠬᠡᠷᠡᠭᠯᠡᠯᠲᠡ ᠵᠡᠷᠭᠡ ᠶᠢ ᠪᠠᠭᠲᠠᠭᠠᠭᠰᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠪᠦᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠢ᠃ ᠢᠨᠵᠧᠨᠧᠷᠢᠩ ᠤᠨ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠴᠠᠬᠢᠯᠭᠠᠨ ᠬᠦᠴᠦᠨ ᠤ ᠲᠣᠣᠷ ᠤᠨ ᠠᠵᠤ ᠠᠬᠤᠶᠢᠯᠠᠯ᠂ ᠰᠢᠨ᠎ᠡ | ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠬᠡᠷᠡᠭᠵᠢᠭᠦᠯᠬᠦ ᠭᠤᠣᠯ ᠴᠣᠭᠴᠠ ᠯᠤᠭ᠎ᠠ ᠬᠠᠮᠲᠤᠷᠠᠨ ᠢᠨᠵᠧ ᠨᠧ | ᠷᠢᠩ ᠢ ᠰᠢᠯᠭᠠᠨ ᠬᠤᠷᠢᠶᠠᠵᠤ᠂ ᠠᠵᠢᠯ ᠳᠠᠭᠤᠰᠤᠭᠰᠠᠨ ᠢᠨᠵᠧᠨᠧᠷᠢᠩ ᠢ ᠰᠢᠯᠭᠠᠨ ᠬᠤᠷᠢᠶᠠᠬᠤ᠂ ᠠᠵᠢᠯ | ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠵᠢᠴᠢ ᠢᠨᠵᠧᠨᠧᠷᠢᠩ ᠤᠨ ᠬᠢᠨᠠᠨ ᠪᠣᠳᠣᠯᠲᠠ ᠶᠢᠨ | ᠮᠡᠳᠡᠭᠦᠯᠦᠯᠲᠡ ᠶᠢ ᠪᠦᠷᠢᠯᠳᠦᠭᠦᠯᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠬᠢᠨᠠᠨ ᠪᠣᠳᠣᠬᠤ ᠲᠢᠩᠬᠢᠮ ᠳᠤ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠠᠶᠢᠮᠠᠭ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠪᠡᠯᠡ ᠮᠥᠩᠭᠦᠨ ᠤ ᠬᠠᠮᠢᠶᠠᠷᠴᠤ ᠬᠡᠷᠡᠭᠯᠡᠭᠰᠡᠨ ᠪᠠᠶᠢᠳᠠᠯ ᠢᠶᠠᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2023 ᠣᠨ ᠤ 8 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ |