ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2023︺ 3 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ | ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ | ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ | ᠭᠠᠷᠴᠠᠭ | 1. ᠶᠡᠷᠦᠩᠬᠡᠢ ᠳᠦᠷᠢᠮ | 1.1 ᠲᠣᠭᠲᠠᠭᠠᠭᠰᠠᠨ ᠵᠣᠷᠢᠯᠭ᠎ᠠ | 1.2 ᠲᠣᠭᠲᠠᠭᠠᠭᠰᠠᠨ ᠦᠨᠳᠦᠰᠦᠯᠡᠯ | 1.3 ᠬᠡᠷᠡᠭᠯᠡᠭᠳᠡᠬᠦ ᠬᠦᠷᠢᠶ᠎ᠡ ᠬᠡᠪᠴᠢᠶ᠎ᠡ | 1.4 ᠠᠵᠢᠯᠯᠠᠬᠤ ᠵᠠᠷᠴᠢᠮ | 1.5 ᠪᠡᠯᠡᠳᠬᠡᠯ ᠲᠥᠰᠥᠯ ᠤᠨ ᠲᠣᠭᠲᠠᠯᠴᠠᠭ᠎ᠠ | 2. ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ | 2.1 ᠵᠢᠯᠤᠭᠤᠳᠬᠤ ᠭᠠᠵᠠᠷ ᠤᠨ ᠪᠦᠷᠢᠯᠳᠦᠯ | 2.2 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠯᠪᠠᠨ ᠭᠡᠷ ᠤᠨ ᠪᠦᠷᠢᠯᠳᠦᠯ | 2.3 ᠵᠢᠯᠤᠭᠤᠳᠬᠤ ᠲᠣᠭᠲᠠᠯᠴᠠᠭ᠎ᠠ ᠶᠢᠨ ᠡᠭᠦᠷᠭᠡ ᠬᠠᠷᠢᠭᠤᠴᠠᠯᠭ᠎ᠠ | 2.3.1 ᠵᠢᠯᠤᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ | 2.3.2 ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ | 2.3.3 ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ | 2.4 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ | 3. ᠤᠷᠢᠳᠴᠢᠯᠠᠨ ᠰᠡᠷᠭᠡᠶᠢᠯᠡᠬᠦ ᠬᠢᠭᠡᠳ ᠰᠡᠷᠡᠮᠵᠢᠯᠡᠭᠦᠯᠬᠦ | 3.1 ᠤᠷᠢᠳᠴᠢᠯᠠᠨ ᠰᠡᠷᠭᠡᠶᠢᠯᠡᠬᠦ ᠲᠣᠭᠲᠠᠴᠠ | 3.2 ᠰᠡᠷᠡᠮᠵᠢᠯᠡᠭᠦᠯᠬᠦ ᠳᠡᠰ ᠬᠤᠪᠢᠶᠠᠬᠤ | 3.3 ᠰᠡᠷᠡᠮᠵᠢᠯᠡᠭᠦᠯᠬᠦ ᠬᠢᠨᠠᠨ ᠰᠢᠨᠵᠢᠯᠲᠡ | 3.4 ᠰᠡᠷᠡᠮᠵᠢᠯᠡᠭᠦᠯᠬᠦ ᠨᠡᠪᠲᠡᠷᠡᠭᠦᠯᠭᠡ | 3.5 ᠰᠡᠷᠡᠮᠵᠢᠯᠡᠭᠦᠯᠬᠦ ᠶᠢ ᠳᠠᠭᠠᠬᠤ | 4. ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ | 4.1 ᠠᠵᠢᠯ ᠤᠨ ᠲᠣᠭᠲᠠᠴᠠ | 4.1.1 ᠳᠡᠰ ᠬᠤᠪᠢᠶᠠᠨ ᠤᠷᠢᠶᠠᠯᠠᠨ ᠳᠠᠭᠠᠬᠤ | 4.1.2 ᠵᠢᠯᠤᠭᠤᠳᠴᠤ ᠬᠤᠯᠪᠤᠭᠠᠯᠠᠨ ᠬᠥᠳᠡᠯᠦᠯᠴᠡᠬᠦ | 4.1.3 ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | 4.1.4 ᠴᠡᠷᠢᠭ ᠠᠩᠭᠢ ᠪᠠ ᠣᠷᠣᠨ ᠨᠤᠲᠤᠭ ᠬᠤᠯᠪᠤᠭᠠᠯᠠᠨ ᠪᠠᠲᠤᠯᠠᠬᠤ | 4.2 ᠤᠷᠢᠳ ᠢᠶᠠᠷ ᠰᠢᠢᠳᠪᠦᠷᠢᠯᠡᠬᠦ ᠪᠠ ᠮᠡᠳᠡᠭᠡ ᠵᠠᠩᠭᠢ ᠶᠢ ᠠᠩᠬ᠎ᠠ ᠮᠡᠳᠡᠭᠦᠯᠬᠦ | 4.3 Ⅰ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ | 4.3.1 ᠡᠬᠢᠯᠡᠭᠦᠯᠬᠦ ᠨᠥᠬᠦᠴᠡᠯ | 4.3.2 Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | 4.3.3 Ⅰ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | 4.4 Ⅱ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ | 4.4.1 ᠡᠬᠢᠯᠡᠭᠦᠯᠬᠦ ᠨᠥᠬᠦᠴᠡᠯ | 4.4.2 Ⅱ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | 4.4.3 Ⅱ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | 4. 5 Ⅲ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ | 4.5.1 ᠡᠬᠢᠯᠡᠭᠦᠯᠬᠦ ᠨᠥᠬᠦᠴᠡᠯ | 4.5.2Ⅲ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | 4.5.3Ⅲ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | 4. 6Ⅳ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ | 4.6.1 ᠡᠬᠢᠯᠡᠭᠦᠯᠬᠦ ᠨᠥᠬᠦᠴᠡᠯ | 4. 6.2 Ⅳ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | 4.6.3 Ⅳ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | 4.7 ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠠᠵᠢᠯ ᠤᠨ ᠵᠠᠷᠴᠢᠮ | 4.8 ᠲᠣᠣᠷ ᠰᠦᠯᠵᠢᠶ᠎ᠡ ᠶᠢᠨ ᠲᠦᠭᠵᠢᠷᠡᠯ ᠢ ᠰᠢᠢᠳᠪᠦᠷᠢᠯᠡᠬᠦ | 4.9 ᠮᠡᠳᠡᠭᠡ ᠵᠠᠩᠭᠢ ᠶᠢ ᠨᠡᠪᠲᠡᠷᠡᠭᠦᠯᠦᠨ ᠮᠡᠳᠡᠭᠡᠯᠡᠬᠦ ᠪᠠ ᠨᠡᠶᠢᠲᠡᠯᠡᠬᠦ | 4.10 ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠠᠭᠤᠰᠬᠤ | 5. ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ | 5.1 ᠳ᠋ᠦᠩᠨᠡᠯᠲᠡ ᠬᠢᠵᠦ ᠦᠨᠡᠯᠡᠨ ᠵᠢᠱᠢᠬᠦ | 5.2 ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ | 5.3 ᠰᠡᠷᠭᠦᠭᠡᠬᠦ ᠬᠢᠭᠡᠳ ᠲᠠᠬᠢᠨ ᠪᠠᠶᠢᠭᠤᠯᠬᠤ | 5.4 ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ | 6. ᠪᠠᠲᠤᠯᠠᠭ᠎ᠠ ᠶᠢᠨ ᠠᠷᠭ᠎ᠠ ᠬᠡᠮᠵᠢᠶ᠎ᠡ | 6.1 ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠤᠨ ᠪᠠᠲᠤᠯᠠᠭ᠎ᠠ | 6.2 ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠶᠢᠨ ᠪᠠᠲᠤᠯᠠᠭ᠎ᠠ | 6.3 ᠰᠠᠭᠤᠷᠢ ᠪᠡᠯᠡᠳᠬᠡᠮᠵᠢ ᠵᠢᠴᠢ ᠡᠳ᠋ ᠪᠠᠷᠠᠭᠠᠨ ᠤ ᠪᠠᠲᠤᠯᠠᠭ᠎ᠠ | 6.4 ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ | 6.5 ᠴᠠᠬᠢᠯᠭᠠᠨ ᠬᠦᠴᠦᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ | 6.6 ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠨ ᠲᠤᠰᠠᠯᠠᠬᠤ ᠪᠠᠲᠤᠯᠠᠭ᠎ᠠ | 6.7 ᠪᠡᠯᠡ ᠮᠥᠩᠭᠦ ᠶᠢᠨ ᠪᠠᠲᠤᠯᠠᠭ᠎ᠠ | 7. ᠳᠠᠭᠠᠯᠳᠤᠭᠤᠯᠤᠯ ᠳᠦᠷᠢᠮ | 7.1 ᠲᠠᠶᠢᠯᠪᠤᠷᠢ ᠬᠢᠭᠡᠳ ᠲᠣᠳᠣᠷᠬᠠᠶᠢᠯᠠᠯᠲᠠ | 7.2 ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ | 7.3 ᠤᠬᠠᠭᠤᠯᠬᠤ᠂ ᠪᠣᠯᠪᠠᠰᠤᠷᠠᠯ ᠬᠦᠷᠲᠡᠭᠡᠬᠦ ᠪᠠ ᠰᠣᠷᠢᠯᠲᠠ ᠬᠢᠬᠦ | 7.4 ᠪᠡᠯᠡᠳᠬᠡᠯ ᠲᠥᠰᠥᠯ ᠢ ᠬᠡᠷᠡᠭᠵᠢᠭᠦᠯᠬᠦ | 1 ᠶᠡᠷᠦᠩᠬᠡᠢ ᠳᠦᠷᠢᠮ | 1.1 ᠲᠣᠭᠲᠠᠭᠠᠭᠰᠠᠨ ᠵᠣᠷᠢᠯᠭ᠎ᠠ | ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠢ ᠵᠠᠪᠳᠤᠨ ᠵᠠᠰᠠᠵᠤ | ᠰᠡᠷᠭᠦᠭᠡᠬᠦ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠵᠤ᠂ ᠪᠥᠬᠦ ᠣᠷᠣᠨ ᠤ ᠴᠢᠮᠡᠭᠡ | ᠬᠤᠯᠪᠣᠭᠠᠨ ᠤ ᠲᠣᠣᠷ ᠰᠦᠯᠵᠢᠶ᠎ᠡ ᠶᠢᠨ ᠠᠮᠤᠷ ᠲᠦᠪᠰᠢᠨ᠂ ᠲᠣᠭᠲᠠᠭᠤᠨ᠂ ᠰᠠᠭᠠᠳ ᠦᠭᠡᠢ ᠨᠡᠪᠲᠡᠷᠡᠬᠦ ᠶᠢ ᠦᠨᠡᠨ | ᠬᠦ ᠪᠠᠲᠤᠯᠠᠨ᠎ᠠ᠃ | 1.2 ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠣᠭᠠᠨ ᠤ ᠳᠦᠷᠢᠮ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠷᠠᠳᠢᠣ᠋ ᠶᠢᠨ ᠬᠠᠮᠢᠶᠠᠷᠤᠯᠲᠠ ᠶᠢᠨ ᠳᠦᠷᠢᠮ︾ ︽ᠤᠯᠤᠰ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠶᠡᠷᠦᠩᠬᠡᠢ ᠳᠤ ᠨᠢ ᠠᠷᠭᠠᠴᠠᠭᠠᠬᠤ ᠪᠡᠯᠡᠳᠬᠡᠯ ᠲᠥᠰᠥᠯ︾ ︽ | ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠶᠡᠷᠦᠩᠬᠡᠢ ᠳᠤ ᠨᠢ | ᠠᠷᠭᠠᠴᠠᠭᠠᠬᠤ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠃ | 1.3 ᠬᠡᠷᠡᠭᠯᠡᠭᠳᠡᠬᠦ ᠬᠦᠷᠢᠶ᠎ᠡ ᠬᠡᠪᠴᠢᠶ᠎ᠡ | ᠲᠣᠰ ᠪᠡᠯᠡᠳᠬᠡᠯ ᠲᠥᠰᠥᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠪᠠᠶᠢᠭᠠᠯᠢ ᠶᠢᠨ ᠭᠠᠢ ᠭᠠᠮᠰᠢᠭ᠂ ᠭᠡᠨᠡᠳᠡᠯ ᠤᠨ ᠭᠠᠢ ᠭᠠᠮᠰᠢᠭ᠂ ᠭᠡᠨᠡᠳᠲᠡ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠭᠡᠨᠡᠳᠲᠡ ᠶᠢᠨ ᠨᠡᠶᠢᠭᠡᠮ ᠤᠨ ᠠᠮᠤᠷ ᠲᠦᠪᠰᠢᠨ ᠤ ᠬᠡᠷᠡᠭ ᠵᠢᠴᠢ | ᠲᠣᠰ ᠪᠡᠶ᠎ᠡ ᠶᠢᠨ ᠰᠠᠭᠠᠳ᠂ ᠬᠥᠮᠥᠨ ᠤ ᠰᠢᠯᠲᠠᠭᠠᠨ ᠠᠴᠠ ᠪᠣᠯᠤᠭᠰᠠᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ | ᠪᠤᠶᠤ ᠲᠤᠬᠠᠶᠢᠯᠠᠭᠰᠠᠨ ᠠᠵᠢᠯ ᠤᠨ ᠲᠠᠰᠤᠯᠳᠠᠯ ᠵᠡᠷᠭᠡ ᠪᠠᠶᠢᠳᠠᠯ ᠠᠴᠠ ᠪᠣᠯᠵᠤ᠂ ᠴᠢᠮᠡᠭᠡ ᠬᠤᠯᠪᠣᠭᠠᠨ ᠤ ᠲᠣᠣᠷ | ᠰᠦᠯᠵᠢᠶ᠎ᠡ ᠶᠢ ᠵᠠᠪᠳᠤᠨ ᠵᠠᠰᠠᠵᠤ ᠰᠡᠷᠭᠦᠭᠡᠬᠦ ᠴᠢᠬᠤᠯᠠᠲᠠᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ | ᠲᠣᠬᠢᠷᠠᠭᠤᠯᠤᠨ ᠬᠡᠷᠡᠭᠯᠡᠭᠳᠡᠨ᠎ᠡ᠃ | 1.4 ᠠᠵᠢᠯᠯᠠᠬᠤ ᠵᠠᠷᠴᠢᠮ | ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠠᠵᠢᠯ ᠨᠢ ᠬᠥᠮᠥᠨ ᠢᠶᠠᠷ ᠦᠨᠳᠦᠰᠦ ᠪᠣᠯᠭᠠᠨ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠨᠢᠭᠡᠳᠦᠯᠲᠡᠢ | ᠤᠳᠤᠷᠢᠳᠤᠨ ᠱᠠᠲᠤ ᠬᠤᠪᠢᠶᠠᠵᠤ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯᠯᠠᠭᠤᠯᠤᠨ ᠲᠦᠷᠭᠡᠨ ᠲᠤᠰᠬᠠᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ ᠬᠦᠴᠦᠲᠡᠢ ᠪᠠᠲᠤᠯᠠᠬᠤ᠂ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠨ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ | 1.5 ᠪᠡᠯᠡᠳᠬᠡᠯ ᠲᠥᠰᠥᠯ ᠤᠨ ᠲᠣᠭᠲᠠᠯᠴᠠᠭ᠎ᠠ | ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠣᠯ ᠪᠥᠬᠦ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ | ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢᠨ | ᠶᠡᠷᠦᠩᠬᠡᠢ ᠬᠥᠲᠥᠯᠪᠦᠷᠢ ᠪᠣᠯᠣᠨ᠎ᠠ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ | ᠲᠣᠪᠴᠢᠶ᠎ᠠ ᠠᠴᠠ ᠲᠦᠷᠦᠭᠦᠯᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ︵ᠳᠣᠷᠣᠭᠰᠢ ᠰᠠᠭᠤᠷᠢ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠭᠡᠵᠦ ᠲᠣᠪᠴᠢᠯᠠᠨ᠎ᠠ︶ ᠤᠨ ᠴᠢᠮᠡᠭᠡ ᠬᠤᠯᠪᠣᠭᠠᠨ ᠤ ᠲᠣᠣᠷ | ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠵᠦᠢᠯ ᠤᠨ ᠪᠡᠯᠡᠳᠬᠡᠯ ᠲᠥᠰᠥᠯ ᠪᠣᠯ | ᠲᠣᠰ ᠠᠵᠤ ᠠᠬᠤᠶᠢᠯᠠᠯ ᠤᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢᠶᠠᠨ ᠰᠠᠶᠢᠲᠤᠷ ᠬᠢᠬᠦ ᠶᠢᠨ ᠲᠤᠰᠠᠳᠠ ᠲᠣᠭᠲᠠᠭᠠᠭᠰᠠᠨ ᠪᠡᠯᠡᠳᠬᠡᠯ ᠲᠥᠰᠥᠯ ᠪᠣᠯᠬᠤᠷ ᠥᠪᠥᠷ | ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ | ᠬᠡᠷᠡᠭᠲᠡᠢ᠃ | 2 ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ | ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠵᠢᠯᠤᠭᠤᠳᠬᠤ ᠭᠠᠵᠠᠷ ︵ᠳᠣᠷᠣᠭᠰᠢ ᠵᠢᠯᠤᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠦᠬᠦ | ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠪᠠᠲᠤᠯᠠᠨ | ᠰᠢᠢᠳᠪᠦᠷᠢᠯᠡᠬᠦ ᠶᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃ | ᠴᠢᠬᠤᠯᠠ ᠲᠠᠢ ᠦᠶ᠎ᠡ ᠳᠤ᠂ ᠵᠢᠯᠤᠭᠤᠳᠬᠤ ᠭᠠᠵᠠᠷ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ | ᠣᠷᠳᠣᠨ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ | ᠨᠢᠭᠡᠴᠢ ᠪᠠᠷ ᠭᠤᠣᠯ ᠪᠣᠯᠭᠠᠭᠰᠠᠨ ᠲᠦᠷ ᠴᠠᠭ ᠤᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ ᠲᠦᠷ ᠴᠠᠭ ᠤᠨ ᠲᠤᠬᠠᠢ ᠶᠢᠨ | ᠲᠠᠯᠠᠪᠤᠷ ᠤᠨ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠡᠷᠡᠭ ᠭᠠᠷᠤᠭᠰᠠᠨ ᠲᠤᠬᠠᠢ ᠶᠢᠨ | ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠪᠣᠳᠠᠲᠠᠢ | ᠬᠠᠷᠢᠭᠤᠴᠠᠨ᠎ᠠ᠃ | 2.1 ᠵᠢᠯᠤᠭᠤᠳᠬᠤ ᠭᠠᠵᠠᠷ ᠤᠨ ᠪᠦᠷᠢᠯᠳᠦᠯ | ᠵᠢᠯᠤᠭᠤᠳᠬᠤ ᠭᠠᠵᠠᠷ ᠤᠨ ᠵᠢᠯᠤᠭᠤᠳᠬᠤ ᠳᠠᠷᠤᠭ᠎ᠠ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ | ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠡᠭᠦᠷᠭᠡᠯᠡᠵᠦ᠂ ᠳᠡᠳ᠋ ᠵᠢᠯᠤᠭᠤᠳᠬᠤ ᠳᠠᠷᠤᠭ᠎ᠠ ᠶᠢᠨ | ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠠᠴᠠ | ᠡᠭᠦᠷᠭᠡᠯᠡᠨ᠎ᠡ᠃ | ᠭᠡᠰᠢᠭᠦᠨ᠄ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ | ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠥᠷ | ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ | ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ | ᠮᠣᠩᠭᠤᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠡᠷᠢᠭ ᠤᠨ | ᠲᠣᠭᠤᠷᠢᠭ ᠤᠨ ᠲᠡᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ | ᠥᠪᠥᠷ ᠮᠣᠩᠭᠤᠯ ᠤᠨ ᠶᠡᠷᠦᠩᠬᠡᠢ ᠠᠩᠭᠢ᠂ ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ᠂ ᠥᠪᠥᠷ ᠮᠣᠩᠭᠤᠯ ᠤᠨ ᠭᠠᠯ ᠰᠡᠷᠭᠡᠶᠢᠯᠡᠨ ᠤᠨᠲᠠᠷᠠᠭᠠᠵᠤ | ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠨ | ᠤᠨᠲᠠᠷᠠᠭᠠᠬᠤ ᠶᠡᠷᠦᠩᠬᠡᠢ ᠠᠩᠭᠢ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠵᠡᠷᠭᠡ ᠰᠠᠯᠠᠭ᠎ᠠ ᠮᠥᠴᠢᠷ | ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠃ | 2.2 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠯᠪᠠᠨ ᠭᠡᠷ ᠤᠨ ᠪᠦᠷᠢᠯᠳᠦᠯ | ᠵᠢᠯᠤᠭᠤᠳᠬᠤ ᠭᠠᠵᠠᠷ ᠤᠨ ᠳᠣᠣᠷᠠᠬᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠯᠪᠠᠨ ᠭᠡᠷ ︵ᠳᠣᠷᠣᠭᠰᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ | ᠭᠡᠷ ᠭᠡᠵᠦ ᠲᠣᠪᠴᠢᠯᠠᠨ᠎ᠠ︶ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ | ᠲᠣᠬᠢᠷᠠᠭᠤᠯᠵᠤ᠂ ᠵᠢᠯᠤᠭᠤᠳᠬᠤ ᠭᠠᠵᠠᠷ ᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃ ᠪᠠᠴᠢᠮ | ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ | ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠤ ᠳᠠᠷᠤᠭ᠎ᠠ ᠠᠴᠠ ᠬᠠᠪᠰᠤᠷᠭᠠᠨ ᠡᠭᠦᠷᠭᠡᠯᠡᠵᠦ᠂ | ᠳᠡᠳ᠋ ᠡᠷᠬᠢᠯᠡᠭᠴᠢ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ | ᠲᠣᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠪᠴᠢᠶᠠᠨ ᠳᠠᠷᠤᠭ᠎ᠠ ᠠᠴᠠ ᠡᠭᠦᠷᠭᠡᠯᠡᠨ᠎ᠡ᠃ | 2.3 ᠵᠢᠯᠤᠭᠤᠳᠬᠤ ᠲᠣᠭᠲᠠᠯᠴᠠᠭ᠎ᠠ ᠶᠢᠨ ᠡᠭᠦᠷᠭᠡ ᠬᠠᠷᠢᠭᠤᠴᠠᠯᠭ᠎ᠠ | 2.3.1 ᠵᠢᠯᠤᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ | ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠥᠬᠦ | ᠣᠷᠣᠨ ᠤ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠢᠯᠣᠭᠤᠳᠤᠨ | ᠵᠣᠬᠢᠴᠠᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠪᠠ ᠲᠣᠨᠤᠭ ᠲᠥᠬᠦᠭᠡᠷᠦᠮᠵᠢ ᠡᠳ᠋ ᠪᠠᠷᠠᠭ᠎ᠠ ᠶᠢ | ᠰᠢᠯᠵᠢᠭᠦᠯᠦᠨ ᠴᠤᠭᠯᠠᠭᠤᠯᠵᠤ᠂ ᠣᠷᠣᠨ ᠳᠤ ᠰᠠᠭᠤᠭ᠎ᠠ ᠡᠯ᠎ᠡ ᠱᠠᠲᠤᠨ ᠤ ᠴᠡᠷᠢᠭ ᠠᠩᠭᠢ ᠶᠢ ᠵᠣᠬᠢᠴᠠᠭᠤᠯᠵᠤ | ᠪᠠᠶᠢᠭᠠᠳ ᠣᠷᠣᠨ ᠨᠤᠲᠤᠭ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠥᠷᠨᠢᠭᠦᠯᠬᠦ ᠳᠤ ᠳᠡᠮᠵᠢᠯᠭᠡ | ᠦᠵᠡᠭᠦᠯᠦᠨ᠎ᠡ᠃ | 2.3.2 ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ | ︵1︶ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠳᠠᠭᠠᠭᠠᠨ ᠡᠭᠦᠷᠭᠡᠯᠡᠵᠦ᠂ ᠵᠢᠯᠤᠭᠤᠳᠬᠤ | ᠭᠠᠵᠠᠷ ᠤᠨ ᠪᠠᠭᠤᠯᠭᠠᠭᠰᠠᠨ ᠵᠠᠷᠯᠢᠭ ᠪᠠ ᠵᠢᠭᠠᠪᠤᠷᠢ ᠶᠣᠰᠣᠭᠠᠷ᠂ ᠮᠤᠵᠢ ︵ᠣᠷᠣᠨ᠂ ᠬᠤᠲᠠ︶ ᠠᠯᠤᠰᠯᠠᠭᠰᠠᠨ᠂ | ᠠᠵᠤ ᠠᠬᠤᠶᠢᠯᠠᠯ ᠠᠯᠤᠰᠯᠠᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠬᠤ᠂ | ᠵᠢᠯᠤᠭᠤᠳᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠵᠤ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠵᠤ | ᠴᠢᠮᠡᠭᠡ ᠬᠤᠯᠪᠣᠭ᠎ᠠ ᠶᠢ ᠪᠠᠲᠤᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠵᠣᠬᠢᠴᠠᠭᠤᠯᠤᠨ᠎ᠠ᠃ | ︵2︶ ᠪᠦᠷᠢᠯᠳᠦᠭᠦᠨ ᠨᠢᠭᠡᠴᠢ ᠶᠢᠨ ᠬᠤᠭᠤᠷᠣᠨᠳᠣᠬᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠣᠬᠢᠴᠠᠭᠤᠯᠬᠤ | ᠠᠵᠢᠯ ᠤᠨ ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ | ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ | ᠦᠨᠡᠯᠡᠨ ᠵᠢᠱᠢᠵᠦ᠂ ᠵᠢᠯᠤᠭᠤᠳᠬᠤ ᠭᠠᠵᠠᠷ ᠤᠨ ᠵᠥᠪᠯᠡᠨ ᠲᠣᠭᠲᠠᠭᠠᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ | ᠠᠵᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ | ᠠᠵᠢᠯ ᠢ ᠵᠢᠯᠣᠭᠤᠳᠤᠨ᠎ᠠ᠃ | ︵3︶ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠶᠢᠨ ᠵᠠᠳᠠᠯᠤᠯᠲᠠ ᠬᠢᠬᠦ᠂ ᠬᠤᠷᠢᠶᠠᠩᠭᠤᠶᠢᠯᠠᠨ | ᠡᠮᠬᠢᠳᠬᠡᠬᠦ ᠵᠡᠷᠭᠡ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠢᠢᠳᠪᠦᠷᠢᠯᠡᠬᠦ ᠲᠥᠰᠥᠯ ᠢ ᠵᠣᠬᠢᠶᠠᠨ | ᠪᠠᠶᠢᠭᠤᠯᠤᠨ ᠲᠣᠭᠲᠠᠭᠠᠵᠤ᠂ ᠵᠢᠯᠤᠭᠤᠳᠬᠤ ᠭᠠᠵᠠᠷ ᠲᠤ ᠴᠢᠬᠤᠯᠠ ᠶᠡᠭᠡ ᠠᠰᠠᠭᠤᠳᠠᠯ ᠢ ᠮᠡᠳᠡᠭᠦᠯᠬᠦ ᠶᠢᠨ ᠬᠠᠮᠲᠤ | ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ | ︵4︶ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ | ᠲᠠᠰ ᠢ ᠨᠡᠪᠲᠡᠷᠡᠭᠦᠯᠦᠨ ᠮᠡᠳᠡᠭᠡᠯᠡᠵᠦ ᠲᠣᠬᠢᠷᠠᠭᠤᠯᠤᠨ᠎ᠠ᠃ | 2.3.3 ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ | ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠄ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷᠠᠬᠢ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠢᠯᠤᠭᠤᠳᠬᠤ᠂ | ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠰᠠᠭᠤᠷᠢ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ ᠵᠡᠷᠭᠡ ᠨᠢᠭᠡᠴᠢ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠥᠷᠨᠢᠭᠦᠯᠬᠦ ᠶᠢ ᠨᠢ ᠵᠢᠯᠤᠭᠤᠳᠴᠤ᠂ ᠵᠢᠯᠤᠭᠤᠳᠬᠤ ᠭᠠᠵᠠᠷ ᠲᠤ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠠᠬᠢᠴᠠ ᠶᠢ ᠴᠠᠭ ᠲᠤᠬᠠᠢ ᠳᠤ ᠨᠢ ᠮᠡᠳᠡᠭᠦᠯᠦᠨ᠎ᠡ᠃ | | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠤᠯᠤᠰ ᠤᠨ ᠭᠠᠢ | ᠭᠠᠮᠰᠢᠭ ᠤᠨ ᠳᠠᠷᠠᠭ᠎ᠠ ᠳᠠᠬᠢᠨ ᠪᠠᠶᠢᠭᠤᠯᠬᠤ ᠲᠥᠪ ᠤᠨ ᠲᠥᠰᠥᠪ ᠤᠨ ᠳᠣᠲᠣᠷᠠᠬᠢ ᠲᠤᠰᠬᠠᠢ ᠪᠡᠯᠡ ᠮᠥᠩᠭᠦᠨ ᠤ | ᠲᠥᠷᠥᠯ ᠵᠦᠢᠯ ᠢ ᠴᠢᠷᠮᠠᠶᠢᠨ ᠣᠯᠵᠤ᠂ ᠪᠠᠴᠢᠮ ᠪᠠᠶᠢᠳᠠᠯ ᠢ ᠠᠷᠭᠠᠴᠠᠭᠠᠨ ᠬᠠᠩᠭᠠᠯᠭ᠎ᠠ ᠶᠢ ᠪᠠᠲᠤᠯᠠᠬᠤ ᠠᠷᠠᠳ ᠤᠨ | ᠠᠮᠢᠳᠤᠷᠠᠯ ᠤᠨ ᠴᠢᠬᠤᠯᠠ ᠲᠠᠸᠠᠷ ᠲᠤ ᠦᠨ᠎ᠡ ᠬᠠᠩᠰᠢ ᠶᠢᠨ ᠬᠢᠨᠠᠨ ᠰᠢᠨᠵᠢᠯᠲᠡ ᠬᠢᠨ᠎ᠡ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠄ ᠠᠶᠤᠯ | ᠭᠠᠮᠰᠢᠭ ᠠᠴᠠ ᠠᠪᠤᠷᠠᠬᠤ ᠳᠤ ᠬᠡᠷᠡᠭᠰᠡᠬᠦ ᠡᠮ ᠡᠮᠨᠡᠯᠭᠡ ᠪᠣᠯᠣᠨ ᠬᠠᠮᠠᠭᠠᠯᠠᠯᠲᠠ ᠶᠢᠨ ᠬᠡᠷᠡᠭᠰᠡᠯ ᠵᠡᠷᠭᠡ ᠡᠳ᠋ ᠪᠠᠷᠠᠭᠠᠨ ᠤ | ᠦᠢᠯᠡᠳᠪᠦᠷᠢᠯᠡᠯ ᠢ ᠬᠠᠷᠢᠭᠤᠴᠠᠨ ᠵᠣᠬᠢᠴᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠄ ᠨᠡᠶᠢᠭᠡᠮ ᠤᠨ ᠠᠮᠤᠷ ᠲᠦᠪᠰᠢᠨ ᠤ | ᠡᠮᠬᠢ ᠳᠢᠭᠯᠢᠮ ᠢ ᠬᠠᠷᠢᠭᠤᠴᠠᠨ ᠬᠠᠮᠠᠭᠠᠯᠠᠵᠤ᠂ ᠴᠤᠤᠷᠬᠠᠯ ᠲᠠᠯᠪᠢᠨ ᠣᠯᠠᠨ ᠢ ᠬᠠᠭᠤᠷᠬᠤ ᠪᠠ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠠᠷᠠᠭ᠎ᠠ ᠶᠢ ᠬᠤᠯᠠᠭᠠᠶᠢᠯᠠᠬᠤ᠂ ᠳᠦᠷᠭᠢᠯᠳᠦᠨ ᠪᠤᠯᠢᠶᠠᠬᠤ ᠵᠢᠴᠢ ᠴᠢᠮᠡᠭᠡ | ᠬᠤᠯᠪᠣᠭᠠᠨ ᠤ ᠪᠡᠯᠡᠳᠬᠡᠮᠵᠢ ᠶᠢ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠢᠮᠡᠭᠡ ᠬᠤᠯᠪᠣᠭ᠎ᠠ ᠲᠠᠰᠤᠷᠠᠭᠰᠠᠨ ᠠᠴᠠ | ᠪᠣᠯᠵᠤ ᠡᠭᠦᠰᠦᠭᠰᠡᠨ ᠪᠦᠯᠦᠭᠵᠢᠯ ᠤᠨ ᠴᠢᠨᠠᠷᠲᠠᠢ ᠠᠮᠤᠷ ᠢ ᠬᠠᠮᠠᠭᠠᠯᠠᠬᠤ ᠬᠡᠷᠡᠭ ᠢ ᠲᠣᠬᠢᠲᠠᠢ ᠰᠢᠢᠳᠪᠦᠷᠢᠯᠡᠨ᠎ᠡ︔ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯᠯᠠᠭᠠᠨ ᠳᠤ ᠵᠠᠮ ᠨᠡᠪᠲᠡᠷᠡᠯᠭᠡ ᠶᠢᠨ ᠪᠠᠲᠤᠯᠠᠭ᠎ᠠ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠄ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠬᠢᠨ ᠤ ᠴᠢᠬᠤᠯᠠ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠶᠢ | ᠰᠢᠢᠳᠪᠦᠷᠢᠯᠡᠬᠦ ᠪᠠ ᠬᠡᠷᠡᠭᠵᠢᠭᠦᠯᠬᠦ ᠳᠤ ᠴᠢᠬᠤᠯᠠ ᠪᠦᠬᠦᠢ ᠵᠠᠷᠤᠳᠠᠯ ᠤᠨ ᠳᠡᠮᠵᠢᠯᠭᠡ ᠬᠠᠩᠭᠠᠬᠤ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠄ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭ᠎ᠠ ᠶᠢᠨ ᠡᠳ᠋ ᠪᠠᠷᠠᠭᠠᠨ ᠤ ᠬᠠᠭᠤᠷᠠᠢ ᠵᠠᠮ᠂ ᠤᠰᠤᠨ ᠵᠠᠮ ᠳᠠᠬᠢ ᠪᠠᠴᠢᠮ ᠲᠡᠭᠡᠭᠡᠪᠦᠷᠢ | ᠪᠣᠯᠣᠨ ᠤᠷᠢᠳ ᠢᠶᠠᠷ ᠨᠡᠪᠲᠡᠷᠡᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠪᠠᠴᠢᠮ ᠪᠠᠶᠢᠳᠠᠯ ᠢ ᠠᠷᠭᠠᠴᠠᠭᠠᠬᠤ | ᠲᠡᠭᠡᠭᠡᠪᠦᠷᠢ ᠶᠢᠨ ᠲᠡᠷᠭᠡ ᠬᠥᠰᠬᠡ ᠶᠢ ᠬᠠᠪᠰᠤᠷᠤᠨ ᠲᠣᠬᠢᠷᠠᠭᠤᠯᠵᠤ᠂ ᠠᠶᠤᠯ ᠠᠴᠠ ᠠᠪᠤᠷᠠᠨ ᠲᠤᠰᠠᠯᠠᠬᠤ ᠬᠥᠮᠥᠰ᠂ | ᠡᠳ᠋ ᠪᠠᠷᠠᠭ᠎ᠠ ᠪᠣᠯᠣᠨ ᠬᠦᠴᠢᠷᠳᠡᠯ ᠳᠤ ᠲᠤᠯᠭᠠᠷᠠᠭᠰᠠᠨ ᠬᠥᠮᠥᠰ ᠢ ᠲᠠᠷᠬᠠᠭᠠᠨ ᠵᠠᠶᠢᠯᠠᠭᠤᠯᠬᠤ ᠠᠵᠢᠯ ᠢ ᠬᠠᠮᠵᠢᠯᠴᠠᠨ | ᠰᠠᠶᠢᠲᠤᠷ ᠬᠢᠨ᠎ᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠄ ᠦᠶᠡᠷ ᠤᠨ ᠪᠠᠶᠢᠳᠠᠯ᠂ ᠤᠰᠤᠨ | ᠵᠦᠢ ᠶᠢᠨ ᠭᠠᠩ ᠬᠠᠭᠰᠠᠷᠠᠭᠠᠨ ᠤ ᠬᠢᠨᠠᠨ ᠰᠢᠨᠵᠢᠯᠲᠡ ᠶᠢ ᠬᠠᠷᠢᠭᠤᠴᠠᠬᠤ ᠶᠢᠨ ᠬᠠᠮᠲᠤ᠂ ᠵᠢᠯᠤᠭᠤᠳᠬᠤ ᠭᠠᠵᠠᠷ ᠵᠢᠴᠢ | ᠪᠦᠷᠢᠯᠳᠦᠭᠦᠨ ᠨᠢᠭᠡᠴᠢ ᠳᠤ ᠤᠰᠤᠨ ᠠᠰᠢᠭᠯᠠᠯᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠪᠠ ᠬᠠᠮᠢᠶ᠎ᠠ | ᠪᠦᠬᠦᠢ ᠬᠢᠨᠠᠨ ᠰᠢᠨᠵᠢᠯᠲᠡ ᠬᠢᠭᠰᠡᠨ ᠮᠡᠳᠡᠭᠡ ᠵᠠᠩᠭᠢ ᠶᠢ ᠬᠠᠩᠭᠠᠨ᠎ᠠ᠃ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠄ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠬᠠᠪᠰᠤᠷᠤᠨ ᠲᠣᠬᠢᠷᠠᠭᠤᠯᠵᠤ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠴᠠᠬᠢᠯᠭᠠᠨ ᠬᠦᠴᠦᠨ᠂ ᠡᠨᠧᠷᠭᠢ ᠶᠢᠨ ᠠᠵᠤ ᠠᠬᠤᠶᠢᠯᠠᠯ ᠤᠳ ᠢ ᠵᠣᠬᠢᠴᠠᠭᠤᠯᠵᠤ ᠪᠠᠶᠢᠭᠠᠳ ᠴᠢᠮᠡᠭᠡ | ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠳᠤ ᠴᠢᠬᠤᠯᠠ ᠪᠦᠬᠦᠢ ᠴᠠᠬᠢᠯᠭᠠᠨ | ᠬᠦᠴᠦᠨ᠂ ᠲᠣᠰᠣᠯᠢᠭ ᠵᠦᠢᠯ ᠤᠨ ᠬᠠᠩᠭᠠᠯᠭ᠎ᠠ ᠶᠢ ᠡᠩ ᠲᠡᠷᠢᠭᠦᠨ ᠳᠤ ᠬᠠᠩᠭᠠᠨ᠎ᠠ᠃ | ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠄ ᠵᠢᠯᠤᠭᠤᠳᠬᠤ ᠭᠠᠵᠠᠷ ᠵᠢᠴᠢ ᠪᠦᠷᠢᠯᠳᠦᠭᠦᠨ | ᠨᠢᠭᠡᠴᠢ ᠳᠤ ᠴᠢᠮᠡᠭᠡ ᠬᠤᠯᠪᠣᠭ᠎ᠠ ᠶᠢ ᠲᠠᠰᠤᠯᠳᠠᠭᠤᠯᠵᠤ ᠮᠡᠳᠡᠬᠦ ᠬᠦᠨᠳᠦ ᠨᠣᠴᠢᠲᠠᠢ ᠭᠠᠵᠠᠷ ᠬᠥᠳᠡᠯᠦᠯᠲᠡ ᠶᠢ ᠬᠢᠨᠠᠨ | ᠰᠢᠨᠵᠢᠭᠰᠡᠨ ᠮᠡᠳᠡᠭᠡ ᠵᠠᠩᠭᠢ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠤᠭᠤᠴᠠᠭᠠᠨ ᠳᠠᠬᠢ ᠭᠠᠵᠠᠷ | ᠬᠥᠳᠡᠯᠦᠯᠲᠡ ᠶᠢᠨ ᠪᠠᠶᠢᠳᠠᠯ᠂ ᠬᠠᠨᠳᠤᠰᠢ ᠶᠢᠨ ᠮᠠᠭᠠᠳᠯᠠᠯᠲᠠ ᠵᠡᠷᠭᠡ ᠮᠡᠳᠡᠭᠡ ᠵᠠᠩᠭᠢ ᠶᠢ ᠬᠠᠩᠭᠠᠬᠤ ᠠᠵᠢᠯ ᠢ | ᠬᠠᠷᠢᠭᠤᠴᠠᠨ᠎ᠠ᠃ | ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠄ ᠴᠠᠭ ᠠᠭᠤᠷ ᠤᠨ ᠬᠢᠨᠠᠨ ᠠᠵᠢᠭᠯᠠᠯᠲᠠ ᠪᠠ | ᠤᠷᠢᠳᠴᠢᠯᠠᠨ ᠰᠢᠨᠵᠢᠨ ᠮᠡᠳᠡᠭᠡᠯᠡᠬᠦ ᠶᠢ ᠬᠠᠷᠢᠭᠤᠴᠠᠬᠤ ᠶᠢᠨ ᠬᠠᠮᠲᠤ ᠵᠢᠯᠤᠭᠤᠳᠬᠤ ᠭᠠᠵᠠᠷ ᠵᠢᠴᠢ ᠪᠦᠷᠢᠯᠳᠦᠭᠦᠨ | ᠨᠢᠭᠡᠴᠢ ᠳᠤ ᠬᠠᠮᠢᠶ᠎ᠠ ᠪᠦᠬᠦᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠩᠭᠠᠨ᠎ᠠ᠃ | ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ᠄ | ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠠᠷᠠᠭᠠᠨ ᠤ ᠲᠠᠯ᠎ᠠ ᠪᠠᠷ ᠲᠡᠮᠦᠷ ᠵᠠᠮ ᠤᠨ | ᠲᠡᠭᠡᠭᠡᠪᠦᠷᠢ ᠶᠢᠨ ᠳᠡᠮᠵᠢᠯᠭᠡ ᠵᠢᠴᠢ ᠲᠡᠭᠡᠭᠡᠪᠦᠷᠢ ᠨᠡᠪᠲᠡᠷᠡᠬᠦ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃ | ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠄ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠦᠭᠦᠷ ᠢ ᠵᠣᠬᠢᠴᠠᠭᠤᠯᠤᠨ | ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠣᠳᠠᠰ ᠢ ᠪᠠᠴᠢᠮ ᠵᠥᠭᠡᠭᠡᠪᠦᠷᠢᠯᠡᠨ ᠬᠦᠷᠭᠡᠬᠦ ᠶᠢ | ᠬᠠᠷᠢᠭᠤᠴᠠᠨ᠎ᠠ᠃ | ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠠᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠄ ᠬᠠᠷᠢᠶ᠎ᠠ ᠪᠦᠬᠦᠢ ᠡᠷᠥᠭᠡ ᠶᠢᠨ ᠴᠡᠷᠢᠭ ᠤᠨ ᠬᠦᠴᠦᠨ ᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ | ᠴᠢᠬᠤᠯᠠ ᠲᠠᠢ ᠦᠶ᠎ᠡ ᠳᠤ ᠣᠷᠣᠨ ᠳᠤ ᠰᠠᠭᠤᠭ᠎ᠠ ᠡᠯ᠎ᠡ ᠱᠠᠲᠤᠨ ᠤ ᠴᠡᠷᠢᠭ ᠠᠩᠭᠢ ᠶᠢ ᠵᠣᠬᠢᠴᠠᠭᠤᠯᠤᠨ ᠴᠢᠮᠡᠭᠡ | ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯᠯᠠᠭᠠᠨ ᠳᠤ ᠣᠷᠣᠯᠴᠠᠭᠤᠯᠤᠨ᠎ᠠ᠃ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠂ ᠥᠪᠥᠷ ᠮᠣᠩᠭᠤᠯ ᠤᠨ ᠬᠢᠯᠢ ᠪᠠᠷ | ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ᠂ ᠥᠪᠥᠷ ᠮᠣᠩᠭᠤᠯ ᠤᠨ ᠭᠠᠯ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ | ᠲᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ᠄ ᠬᠦᠴᠦᠨ ᠢᠶᠠᠨ ᠵᠣᠬᠢᠶᠠᠨ ᠪᠠᠶᠢᠭᠤᠯᠵᠤ ᠴᠢᠮᠡᠭᠡ | ᠬᠤᠯᠪᠣᠭᠠᠨ ᠤ ᠵᠠᠪᠳᠤᠨ ᠵᠠᠰᠠᠬᠤ ᠳᠤ ᠬᠠᠮᠵᠢᠨ ᠣᠷᠣᠯᠴᠠᠬᠤ ᠶᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠬᠠᠮᠵᠢᠯᠴᠠᠨ ᠲᠤᠬᠠᠢ ᠶᠢᠨ ᠭᠠᠵᠠᠷ ᠤᠨ ᠡᠮᠬᠢ ᠳᠢᠭᠯᠢᠮ ᠢ ᠬᠠᠮᠠᠭᠠᠯᠠᠵᠤ᠂ ᠴᠢᠬᠤᠯᠠ ᠬᠠᠷᠠᠯᠲᠠ ᠶᠢ | ᠬᠠᠮᠠᠭᠠᠯᠠᠨ᠎ᠠ᠃ | ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ᠄ ᠲᠣᠰ ᠠᠵᠤ ᠠᠬᠤᠶᠢᠯᠠᠯ ᠤᠨ ᠢᠶᠠᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠵᠢᠯᠤᠭᠤᠳᠬᠤ ᠭᠠᠵᠠᠷ | ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠲᠣᠰ ᠠᠵᠤ ᠠᠬᠤᠶᠢᠯᠠᠯ ᠤᠨ ᠢᠶᠠᠨ ᠴᠢᠮᠡᠭᠡ | ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ | ᠲᠤᠬᠠᠢ ᠳᠤ ᠨᠢ ᠮᠡᠳᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠦᠨᠳᠦᠰᠦᠯᠡᠨ᠂ ᠪᠤᠰᠤᠳ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠳᠤᠷᠠᠳᠤᠭᠰᠠᠨ ᠬᠡᠷᠡᠭᠴᠡᠭᠡ ᠱᠠᠭᠠᠷᠳᠠᠯᠭ᠎ᠠ ᠳᠤ ᠴᠠᠭ ᠲᠤᠬᠠᠢ ᠳᠤ ᠨᠢ | ᠳᠡᠮᠵᠢᠯᠭᠡ ᠦᠵᠡᠭᠦᠯᠦᠨ᠎ᠡ︔ ᠲᠤᠰ ᠠᠵᠤ ᠠᠬᠤᠶᠢᠯᠠᠯ ᠤᠨ ᠢᠶᠠᠨ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠵᠤ᠂ ᠵᠢᠯᠤᠭᠤᠳᠬᠤ ᠭᠠᠵᠠᠷ | ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠬᠤᠯᠪᠣᠭᠳᠠᠯ ᠪᠦᠬᠦᠢ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ | 2.4 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠳᠣᠣᠷ᠎ᠠ ᠲᠠᠯ᠎ᠠ ᠳᠤ ᠴᠢᠮᠡᠭᠡ ᠬᠤᠯᠪᠣᠭᠠᠨ ᠤ ᠲᠣᠣᠷ | ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ | ᠳᠤᠭᠤᠶᠢᠯᠠᠩ ︵ᠳᠣᠷᠣᠭᠰᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠤᠨ᠎ᠠ᠃ | ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠴᠢᠮᠡᠭᠡ ᠬᠤᠯᠪᠣᠭ᠎ᠠ ᠪᠠ ᠲᠣᠣᠷ ᠰᠦᠯᠵᠢᠶᠡᠨ ᠤ ᠠᠵᠢᠯᠯᠠᠭᠠᠨ ᠤ ᠠᠮᠤᠷ | ᠲᠦᠪᠰᠢᠨ ᠤ ᠮᠡᠷᠭᠡᠵᠢᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ | ᠲᠤᠷᠰᠢᠯᠭ᠎ᠠ ᠲᠠᠢ ᠬᠥᠮᠥᠰ ᠢᠶᠠᠷ ᠪᠦᠷᠢᠯᠳᠦᠵᠦ᠂ ᠭᠤᠣᠯ ᠡᠭᠦᠷᠭᠡ ᠬᠠᠷᠢᠭᠤᠴᠠᠯᠭ᠎ᠠ ᠨᠢ ᠪᠣᠯ᠄ ᠴᠢᠮᠡᠭᠡ ᠬᠤᠯᠪᠣᠭᠠᠨ ᠤ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠯᠠᠪᠯᠠᠭ᠎ᠠ ᠶᠢᠨ | ᠡᠭᠦᠷᠭᠡ ᠶᠢ ᠳᠠᠭᠠᠭᠠᠨ ᠡᠭᠦᠷᠭᠡᠯᠡᠬᠦ᠂ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠬᠤ᠂ ᠵᠢᠯᠤᠭᠤᠳᠬᠤ ᠭᠠᠵᠠᠷ ᠪᠠ ᠪᠠᠴᠢᠮ ᠪᠠᠶᠢᠳᠠᠯ ᠢ | ᠠᠷᠭᠠᠴᠠᠭᠠᠬᠤ ᠠᠯᠪᠠᠨ ᠭᠡᠷ ᠤᠨ ᠨᠠᠶᠢᠳᠠᠯᠭ᠎ᠠ ᠪᠠᠷ ᠬᠤᠯᠪᠣᠭᠳᠠᠯ ᠪᠦᠬᠦᠢ ᠰᠢᠢᠳᠪᠦᠷᠢᠯᠡᠬᠦ ᠲᠥᠰᠥᠯ ᠳᠤ | ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠵᠡᠷᠭᠡ ᠪᠣᠯᠣᠨ᠎ᠠ᠃ | 3 ᠤᠷᠢᠳᠴᠢᠯᠠᠨ ᠰᠡᠷᠭᠡᠶᠢᠯᠡᠬᠦ ᠬᠢᠭᠡᠳ ᠰᠡᠷᠡᠮᠵᠢᠯᠡᠭᠦᠯᠬᠦ | 3.1 ᠤᠷᠢᠳᠴᠢᠯᠠᠨ ᠰᠡᠷᠭᠡᠶᠢᠯᠡᠬᠦ ᠲᠣᠭᠲᠠᠴᠠ | ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ | ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠳᠤᠮᠳᠠ᠂ ᠲᠣᠣᠷ ᠰᠦᠯᠵᠢᠶᠡᠨ ᠤ ᠠᠵᠢᠯᠯᠠᠭᠠᠨ ᠤ ᠠᠮᠤᠷ | ᠲᠦᠪᠰᠢᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠣᠷ | ᠰᠦᠯᠵᠢᠶᠡᠨ ᠤ ᠠᠵᠢᠯᠯᠠᠭᠠᠨ ᠤ ᠠᠮᠤᠷ ᠲᠦᠪᠰᠢᠨ ᠤ ᠰᠡᠷᠭᠡᠶᠢᠯᠡᠯᠲᠡ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ | ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠲᠣᠣᠷ | ᠰᠦᠯᠵᠢᠶᠡᠨ ᠤ ᠡᠪᠳᠡᠯᠡᠭᠡ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠱᠠᠲᠤᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠴᠠᠭ ᠲᠤᠬᠠᠢ ᠳᠤ ᠨᠢ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠷᠢᠯᠲᠠ ᠬᠢᠵᠦ᠂ ᠤᠬᠠᠭᠤᠯᠭ᠎ᠠ | ᠬᠥᠮᠦᠵᠢᠯ ᠤᠨ ᠪᠣᠯᠪᠠᠰᠤᠷᠠᠯ ᠢ ᠴᠢᠩᠭᠠᠳᠬᠠᠨ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠨᠢ | ᠳᠡᠭᠡᠭᠰᠢᠯᠡᠭᠦᠯᠬᠦ ᠬᠡᠷᠡᠭᠲᠡᠢ᠃ | 3.2 ᠰᠡᠷᠡᠮᠵᠢᠯᠡᠭᠦᠯᠬᠦ ᠳᠡᠰ ᠬᠤᠪᠢᠶᠠᠬᠤ | ᠨᠥᠯᠥᠭᠡᠯᠡᠵᠦ ᠮᠡᠳᠡᠬᠦ ᠬᠡᠪᠴᠢᠶ᠎ᠡ ᠶᠢ ᠨᠢ ᠦᠨᠳᠦᠰᠦᠯᠡᠨ᠂ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ | ᠰᠡᠷᠡᠮᠵᠢᠯᠡᠭᠦᠯᠦᠯ ᠢ ᠳᠦᠷᠪᠡᠨ ᠳᠡᠰ ᠬᠤᠪᠢᠶᠠᠵᠤ᠂ ᠳᠡᠰ ᠳᠠᠷᠠᠭ᠎ᠠ ᠪᠠᠷ ᠨᠢ Ⅰ ᠳᠡᠰ ︵ᠣᠨᠴᠠᠭᠠᠶ ᠬᠦᠨᠳᠦ ᠨᠣᠴᠢᠲᠠᠢ | ︶᠂ Ⅱ ᠳᠡᠰ ︵ᠬᠦᠨᠳᠦ ᠨᠣᠴᠢᠲᠠᠢ︶᠂ Ⅲ ᠳᠡᠰ ︵ᠨᠡᠯᠢᠶᠡᠳ ᠬᠦᠨᠳᠦ ᠨᠣᠴᠢᠲᠠᠢ︶ ᠪᠠ Ⅳ ᠳᠡᠰ ︵ᠡᠩ ᠤᠨ︶ | ᠭᠡᠬᠦ ᠳᠦᠷᠪᠡᠨ ᠳᠡᠰ ᠬᠤᠪᠢᠶᠠᠪᠠ᠃ | Ⅰ ᠳᠡᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ | ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 2 ᠵᠢᠴᠢ | ᠲᠡᠭᠦᠨ ᠠᠴᠠ ᠳᠡᠭᠡᠭᠰᠢᠬᠢ ᠮᠤᠵᠢ ︵ᠣᠷᠣᠨ᠂ ᠬᠤᠲᠠ︶ ᠶᠢᠨ ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ | ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃ | Ⅱ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ | ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 1 ᠮᠤᠵᠢ ︵ | ᠣᠷᠣᠨ᠂ ᠬᠤᠲᠠ︶ ᠶᠢᠨ ᠳᠣᠲᠣᠷᠠᠬᠢ 2 ᠵᠢᠴᠢ ᠲᠡᠭᠦᠨ ᠠᠴᠠ ᠳᠡᠭᠡᠭᠰᠢᠬᠢ ᠠᠶᠢᠮᠠᠭ ᠬᠤᠲᠠ ᠶᠢᠨ ᠴᠢᠮᠡᠭᠡ | ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃ | Ⅲ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ | ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 1 ᠠᠶᠢᠮᠠᠭ | ᠬᠤᠲᠠ ᠶᠢᠨ ᠳᠣᠲᠣᠷᠠᠬᠢ 2 ᠵᠢᠴᠢ ᠲᠡᠭᠦᠨ ᠠᠴᠠ ᠳᠡᠭᠡᠭᠰᠢᠬᠢ ᠬᠤᠰᠢᠭᠤ ᠰᠢᠶᠠᠨ ︵ᠬᠤᠲᠠ᠂ ᠲᠣᠭᠤᠷᠢᠭ︶ ᠤ | ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃ | Ⅳ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ | ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠡᠮᠵᠢᠨ 1 ᠬᠤᠰᠢᠭᠤ | ᠰᠢᠶᠠᠨ ︵ᠬᠤᠲᠠ᠂ ᠲᠣᠭᠤᠷᠢᠭ︶ ᠤ ᠴᠢᠮᠡᠭᠡ ᠬᠤᠯᠪᠣᠭ᠎ᠠ ᠶᠢ ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃ | ᠣᠨᠴᠠᠭᠠᠢ ᠪᠠᠶᠢᠳᠠᠯ ᠭᠠᠷᠪᠠᠯ᠂ ᠪᠣᠳᠠᠲᠠᠢ ᠲᠠᠢ ᠪᠠᠨ ᠤᠶᠠᠯᠳᠤᠭᠤᠯᠤᠨ᠂ ᠰᠡᠷᠡᠮᠵᠢᠯᠡᠭᠦᠯᠬᠦ ᠶᠢ ᠳᠠᠭᠠᠬᠤ ᠲᠠᠰ ᠲᠤ | ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ᠃ | 3.3 ᠰᠡᠷᠡᠮᠵᠢᠯᠡᠭᠦᠯᠬᠦ ᠬᠢᠨᠠᠨ ᠰᠢᠨᠵᠢᠯᠲᠡ | ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠴᠠᠭ ᠠᠭᠤᠷ᠂ ᠤᠰᠤᠨ | ᠠᠰᠢᠭᠯᠠᠯᠲᠠ᠂ ᠭᠠᠵᠠᠷ ᠬᠥᠳᠡᠯᠦᠯᠲᠡ ᠵᠡᠷᠭᠡ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠯᠦᠭᠡ ᠨᠢᠭᠲᠠ | ᠬᠠᠮᠵᠢᠯᠴᠠᠨ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ᠂ ᠤᠰᠤᠨ ᠤ | ᠪᠠᠶᠢᠳᠠᠯ᠂ ᠲᠦᠭᠰᠢᠭᠦᠷᠢᠲᠦ ᠪᠠᠶᠢᠳᠠᠯ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠭᠠᠢ ᠭᠠᠮᠰᠢᠭ ᠢ ᠬᠢᠨᠠᠨ ᠰᠢᠨᠵᠢᠵᠦ | ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠶᠢᠯᠠᠭᠠᠨ ᠮᠡᠳᠡᠵᠦ᠂ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠡᠮᠬᠢᠳᠬᠡᠨ ᠬᠤᠷᠢᠶᠠᠩᠭᠤᠶᠢᠯᠠᠬᠤ ᠶᠢᠨ ᠬᠠᠮᠲᠤ ᠵᠢᠯᠤᠭᠤᠳᠬᠤ ᠭᠠᠵᠠᠷ ᠲᠤ ᠨᠡᠪᠲᠡᠷᠡᠭᠦᠯᠦᠨ ᠮᠡᠳᠡᠭᠡᠯᠡᠨ᠎ᠡ᠃ | ᠴᠢᠬᠤᠯᠠ ᠲᠠᠢ ᠦᠶ᠎ᠡ ᠳᠤ ᠵᠢᠯᠤᠭᠤᠳᠬᠤ ᠭᠠᠵᠠᠷ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ | ᠵᠥᠪᠳᠡᠯᠴᠡᠵᠦ ᠪᠠᠶᠢᠭᠠᠳ ᠰᠤᠳᠤᠯᠤᠨ ᠮᠠᠭᠠᠳᠯᠠᠬᠤ ᠪᠠ ᠲᠦᠭᠰᠢᠭᠦᠷᠢ ᠶᠢᠨ ᠦᠨᠡᠯᠡᠨ ᠵᠢᠱᠢᠯᠲᠡ ᠬᠢᠨ᠎ᠡ᠃ | ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠭᠤᠯᠭ᠎ᠠ ᠳᠤ᠄ ᠬᠢᠨᠠᠨ ᠰᠢᠨᠵᠢᠭᠰᠡᠨ ᠮᠡᠳᠡᠭᠡ ᠵᠠᠩᠭᠢ ᠶᠢᠨ | ᠦᠨᠳᠦᠰᠦᠨ ᠪᠠᠶᠢᠳᠠᠯ ᠤᠨ ᠳᠦᠷᠰᠦᠯᠡᠯ᠂ ᠤᠴᠠᠷᠠᠭᠤᠯᠵᠤ ᠮᠡᠳᠡᠬᠦ ᠬᠤᠣᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ | ᠮᠡᠳᠡᠬᠦ ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠰᠠᠨᠠᠭᠤᠯᠭ᠎ᠠ ᠪᠠ ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ | ᠪᠠᠭᠲᠠᠨ᠎ᠠ᠃ | 3.4 ᠰᠡᠷᠡᠮᠵᠢᠯᠡᠭᠦᠯᠬᠦ ᠨᠡᠪᠲᠡᠷᠡᠭᠦᠯᠭᠡ | ᠴᠢᠮᠡᠭᠡ ᠬᠤᠯᠪᠣᠭᠠᠨ ᠤ ᠰᠡᠷᠡᠮᠵᠢᠯᠡᠭᠦᠯᠦᠯ ᠢ ᠵᠢᠯᠤᠭᠤᠳᠬᠤ ᠭᠠᠵᠠᠷ ᠠᠴᠠ ᠨᠤᠲᠠᠯᠠᠬᠤ ᠶᠢᠨ ᠬᠠᠮᠲᠤ ᠨᠡᠪᠲᠡᠷᠡᠭᠦᠯᠦᠨ | ᠮᠡᠳᠡᠭᠡᠯᠡᠨ᠎ᠡ᠃ ᠰᠡᠷᠡᠮᠵᠢᠯᠡᠭᠦᠯᠬᠦ ᠨᠡᠪᠲᠡᠷᠡᠭᠦᠯᠭᠡ ᠨᠢ ᠪᠢᠴᠢᠭ ᠮᠠᠲ᠋ᠧᠷᠢᠶᠠᠯ ᠤᠨ ᠳᠦᠷᠰᠦᠲᠦ ᠴᠠᠬᠢᠯᠭᠠᠨ ᠤ ᠬᠡᠯᠪᠡᠷᠢ ᠶᠢ | ᠬᠡᠷᠡᠭᠯᠡᠵᠦ᠂ ᠪᠠᠴᠢᠮ ᠪᠠᠶᠢᠳᠠᠯ ᠲᠣᠬᠢᠶᠠᠯᠳᠤᠪᠠᠯ ᠤᠲᠠᠰᠤᠳᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ ᠪᠣᠯᠣᠨ᠎ᠠ᠂ | ᠬᠡᠷᠡᠭ ᠤᠨ ᠲᠠᠷᠠᠭ᠎ᠠ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠨᠥᠬᠦᠵᠦ ᠮᠡᠳᠡᠭᠦᠯᠦᠨ᠎ᠡ᠃ | 3.5 ᠰᠡᠷᠡᠮᠵᠢᠯᠡᠭᠦᠯᠬᠦ ᠶᠢ ᠳᠠᠭᠠᠬᠤ | ︵1︶ Ⅳ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ ᠰᠠᠭᠤᠷᠢ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ ᠤᠳ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠰᠡᠷᠡᠮᠵᠢᠯᠡᠭᠦᠯᠬᠦ ᠣᠷᠣᠨ | ᠪᠦᠰᠡ ᠶᠢᠨ ᠳᠣᠲᠣᠷᠠᠬᠢ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠬᠦ ᠪᠠ ᠪᠡᠯᠡᠳᠬᠡᠮᠵᠢ ᠶᠢ | ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠬᠤᠯᠪᠣᠭᠳᠠᠯ | ᠪᠦᠬᠦᠢ ᠪᠠᠶᠢᠳᠠᠯ ᠢ ᠡᠳᠦᠷ ᠪᠦᠷᠢ ᠮᠡᠳᠡᠭᠦᠯᠦᠨ᠎ᠡ᠃ | ︵2︶ Ⅲ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ Ⅳ ᠳᠡᠰ ᠤᠨ ᠰᠡᠷᠡᠮᠵᠢᠯᠡᠭᠦᠯᠬᠦ ᠶᠢ ᠳᠠᠭᠠᠭᠰᠠᠨ | ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠪᠣᠯᠣᠨ ᠰᠠᠭᠤᠷᠢ ᠴᠠᠬᠢᠯᠭᠠᠨ ᠬᠤᠯᠪᠣᠭᠠᠨ ᠤ | ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠬᠡᠷᠡᠭᠵᠢᠭᠦᠯᠵᠦ᠂ ᠳᠠᠭᠠᠭᠤᠯᠢ ᠤᠳᠤᠨ ᠤ ᠤᠲᠠᠰᠤ᠂ | ᠶᠠᠷᠢᠯᠴᠠᠭᠤᠷ ᠵᠡᠷᠭᠡ ᠲᠣᠨᠤᠭ ᠲᠥᠬᠦᠭᠡᠷᠦᠮᠵᠢ ᠶᠢ ᠠᠪᠴᠤ ᠭᠤᠣᠯᠳᠠᠯᠭ᠎ᠠ ᠲᠠᠢ ᠪᠠᠲᠤᠯᠠᠭ᠎ᠠ ᠶᠢᠨ ᠣᠷᠣᠨ ᠪᠦᠰᠡ ᠳᠤ | ᠤᠷᠢᠳᠴᠢᠯᠠᠨ ᠪᠠᠶᠢᠷᠢᠯᠠᠭᠤᠯᠤᠨ᠎ᠠ᠃ ᠰᠡᠷᠡᠮᠵᠢᠯᠡᠭᠦᠯᠬᠦ ᠣᠷᠣᠨ ᠪᠦᠰᠡ ᠶᠢᠨ ᠪᠠᠲᠤᠯᠠᠭ᠎ᠠ ᠶᠢᠨ ᠡᠩᠨᠡᠭᠡ᠂ ᠲᠣᠨᠤᠭ | ᠲᠥᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠲᠣᠬᠢᠷᠠᠭᠤᠯᠬᠤ ᠲᠥᠰᠥᠯ ᠢᠶᠠᠨ ᠲᠣᠭᠲᠠᠭᠠᠨ᠎ᠠ᠃ | | ︵3︶ Ⅱ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ Ⅲ ᠲᠠᠰ ᠤᠨ ᠰᠡᠷᠡᠮᠵᠢᠯᠡᠭᠦᠯᠬᠦ ᠶᠢ ᠳᠠᠭᠠᠭᠰᠠᠨ | ᠰᠠᠭᠤᠷᠢᠨ ᠳᠡᠭᠡᠷ᠎ᠡ᠂ ᠵᠢᠯᠤᠭᠤᠳᠬᠤ ᠭᠠᠵᠠᠷ 24 ᠴᠠᠭ ᠢᠶᠠᠷ ᠠᠵᠢᠯ ᠤᠨ ᠪᠠᠶᠢᠷᠢ ᠳᠤ ᠪᠠᠨ ᠵᠢᠵᠢᠭᠦᠷᠯᠡᠬᠦ ᠶᠢ | ᠬᠡᠷᠡᠭᠵᠢᠭᠦᠯᠵᠦ᠂ ᠠᠶᠢᠮᠠᠭ ᠬᠤᠲᠠ ᠠᠯᠤᠰᠯᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠡᠩᠨᠡᠭᠡ ᠪᠠ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠠᠵᠢᠯ ᠤᠨ ᠲᠥᠰᠥᠯ ᠢ ᠲᠣᠭᠲᠠᠭᠠᠬᠤ ᠶᠢᠨ | ᠬᠠᠮᠲᠤ᠂ ᠳᠡᠮᠵᠢᠨ ᠲᠤᠰᠠᠯᠠᠬᠤ ᠪᠡᠯᠡᠳᠬᠡᠯ ᠢ ᠰᠠᠶᠢᠲᠤᠷ ᠬᠢᠨ᠎ᠡ᠃ | ︵4︶ Ⅰ ᠳᠡᠰ ᠤᠨ ᠰᠡᠷᠡᠮᠵᠢᠯᠡᠭᠦᠯᠬᠦ ᠶᠢ ᠳᠠᠭᠠᠬᠤ᠃ ᠬᠤᠯᠪᠣᠭᠳᠠᠯ ᠪᠦᠬᠦᠢ ᠪᠠᠶᠢᠳᠠᠯ ᠢ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠳᠠᠷᠦ᠋ᠢᠬᠠᠨ ᠮᠡᠳᠡᠭᠦᠯᠦᠨ ᠬᠦᠷᠭᠡᠨ᠎ᠡ᠃ Ⅱ ᠲᠠᠰ ᠤᠨ ᠰᠡᠷᠡᠮᠵᠢᠯᠡᠭᠦᠯᠬᠦ ᠶᠢ ᠳᠠᠭᠠᠭᠰᠠᠨ ᠰᠠᠭᠤᠷᠢᠨ ᠳᠡᠭᠡᠷ᠎ᠡ᠂ | ᠵᠢᠯᠤᠭᠤᠳᠬᠤ ᠭᠠᠵᠠᠷ ᠠᠴᠠ ᠵᠣᠬᠢᠶᠠᠨ ᠪᠠᠶᠢᠭᠤᠯᠵᠤ ᠪᠠᠶᠢᠭᠠᠳ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠵᠤ᠂ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠷᠭ᠎ᠠ ᠬᠡᠮᠵᠢᠶ᠎ᠡ ᠪᠠ | ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠡᠬᠢ ᠪᠠᠶᠠᠯᠢᠭ ᠢ ᠲᠣᠬᠢᠷᠠᠭᠤᠯᠬᠤ᠂ ᠵᠣᠬᠢᠶᠠᠨ ᠪᠠᠶᠢᠭᠤᠯᠵᠤ | ᠳᠠᠶᠢᠴᠢᠯᠠᠬᠤ ᠪᠠ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ | ᠪᠠᠴᠢᠮ ᠪᠠᠶᠢᠷᠢᠯᠠᠭᠤᠯᠵᠤ᠂ ᠬᠠᠮᠵᠢᠯᠴᠠᠨ ᠠᠷᠭᠠᠴᠠᠭᠠᠨ᠎ᠠ᠃ | 4 ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ | 4.1 ᠠᠵᠢᠯ ᠤᠨ ᠲᠣᠭᠲᠠᠴᠠ | 4.1.1 ᠳᠡᠰ ᠬᠤᠪᠢᠶᠠᠨ ᠤᠷᠢᠶᠠᠯᠠᠨ ᠳᠠᠭᠠᠬᠤ | ᠭᠡᠨᠡᠳᠲᠡ ᠶᠢᠨ ᠬᠡᠷᠡᠭ ᠤᠨ ᠨᠥᠯᠥᠭᠡᠯᠡᠬᠦ ᠬᠡᠪᠴᠢᠶ᠎ᠡ᠂ ᠬᠥᠨᠥᠭᠡᠯ ᠤᠨ ᠬᠡᠮᠵᠢᠶ᠎ᠡ ᠵᠢᠴᠢ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠡᠭᠦᠷᠭᠡ ᠶᠢᠨ ᠴᠢᠬᠤᠯᠠ ᠴᠢᠨᠠᠷ ᠵᠡᠷᠭᠡ ᠬᠦᠴᠦᠨ ᠵᠦᠢᠯ ᠢ ᠦᠨᠳᠦᠰᠦᠯᠡᠨ᠂ ᠥᠨᠳᠥᠷ ᠠᠴᠠ ᠳᠣᠣᠷ᠎ᠠ | ᠲᠡᠶᠢᠰᠢ Ⅰ ︵ᠣᠨᠴᠠ ᠬᠦᠨᠳᠦ ᠨᠣᠴᠢᠲᠠᠢ︶᠂ Ⅱ ︵ᠬᠦᠨᠳᠦ ᠨᠣᠴᠢᠲᠠᠢ︶᠂ Ⅲ ︵ᠨᠡᠯᠢᠶᠡᠳ ᠬᠦᠨᠳᠦ | ᠨᠣᠴᠢᠲᠠᠢ︶᠂ Ⅳ ︵ᠡᠩ ᠤᠨ︶ ᠳᠥᠷᠪᠡᠨ ᠳᠡᠰ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ | ᠳᠠᠭᠠᠬᠤ ᠵᠡᠷᠭᠡ ᠲᠠᠰ ᠢ ᠲᠣᠭᠲᠠᠭᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ | ᠳᠡᠰ ᠲᠤ ᠪᠣᠳᠠᠲᠤ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠣᠨ᠎ᠠ᠃ | 4.1.2 ᠵᠢᠯᠤᠭᠤᠳᠴᠤ ᠬᠤᠯᠪᠤᠭᠠᠯᠠᠨ ᠬᠥᠳᠡᠯᠦᠯᠴᠡᠬᠦ | ᠵᠢᠯᠤᠭᠤᠳᠬᠤ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠠᠶᠢᠮᠠᠭ ᠬᠤᠲᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠡᠬᠢ | ᠪᠠᠶᠠᠯᠢᠭ ᠤᠨ ᠲᠣᠬᠢᠷᠠᠭᠤᠯᠤᠯᠲᠠ᠂ ᠳᠡᠮᠵᠢᠨ ᠲᠤᠰᠠᠯᠠᠬᠤ ᠪᠠᠲᠤᠯᠠᠭ᠎ᠠ ᠵᠡᠷᠭᠡ ᠵᠣᠬᠢᠶᠠᠨ ᠪᠠᠶᠢᠭᠤᠯᠵᠤ ᠵᠣᠬᠢᠴᠠᠭᠤᠯᠬᠤ | ᠠᠵᠢᠯ ᠢ ᠬᠠᠷᠢᠭᠤᠴᠠᠨ᠎ᠠ᠃ | ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠨᠢ ᠵᠢᠯᠤᠭᠤᠳᠬᠤ ᠭᠠᠵᠠᠷ ᠤᠨ ᠨᠢᠭᠡᠳᠦᠯᠲᠡᠢ | ᠵᠢᠯᠣᠭᠤᠳᠤᠨ ᠲᠣᠬᠢᠷᠠᠭᠤᠯᠬᠤ ᠳᠣᠣᠷ᠎ᠠ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠥᠳᠡᠯᠦᠩᠭᠦᠢ ᠡᠩᠨᠡᠭᠡ ᠶᠢ | ᠪᠠᠶᠢᠭᠤᠯᠤᠨ᠎ᠠ᠃ ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠪᠠᠶᠢᠭᠤᠯᠤᠭᠳᠠᠭᠰᠠᠨ ᠤ | ᠳᠠᠷᠠᠭ᠎ᠠ᠂ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠡᠯ᠎ᠡ ᠡᠩᠨᠡᠭᠡ ᠵᠢᠴᠢ ᠡᠳ᠋ ᠪᠠᠷᠠᠭ᠎ᠠ ᠵᠡᠷᠭᠡ ᠨᠢ ᠲᠤᠬᠠᠢ ᠶᠢᠨ ᠲᠠᠯᠠᠪᠤᠷ ᠤᠨ ᠲᠦᠷ ᠴᠠᠭ ᠤᠨ | ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠵᠢᠯᠣᠭᠤᠳᠤᠯᠭ᠎ᠠ ᠪᠠ ᠲᠣᠬᠢᠷᠠᠭᠤᠯᠤᠯᠲᠠ ᠶᠢ ᠬᠦᠯᠢᠶᠡᠨ᠎ᠡ᠃ | 4.1.3 ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠢ ᠦᠨᠳᠦᠰᠦᠯᠡᠨ ᠮᠡᠳᠡᠭᠡ ᠵᠠᠩᠭᠢ | ᠮᠡᠳᠡᠭᠦᠯᠦᠨ ᠬᠦᠷᠭᠡᠬᠦ ᠳᠦᠷᠢᠮ ᠢ ᠡᠬᠢᠯᠡᠭᠦᠯᠦᠨ᠎ᠡ᠃ | ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠬᠠᠮᠢᠶ᠎ᠠ ᠪᠦᠬᠦᠢ ᠠᠭᠤᠯᠭ᠎ᠠ᠂ ᠴᠠᠭ ᠤᠨ ᠬᠢᠵᠠᠭᠠᠷ᠂ | ᠳᠠᠪᠲᠠᠮᠵᠢ ᠤᠳᠠᠭ᠎ᠠ ᠵᠡᠷᠭᠡ ᠱᠠᠭᠠᠷᠳᠠᠯᠭ᠎ᠠ ᠶᠢ ᠦᠨᠳᠦᠰᠦᠯᠡᠨ ᠴᠢᠮᠡᠭᠡ ᠬᠤᠯᠪᠣᠭᠠᠨ ᠤ ᠬᠤᠬᠢᠷᠠᠯ ᠵᠢᠴᠢ ᠪᠠᠲᠤᠯᠠᠭ᠎ᠠ᠂ | ᠰᠡᠷᠭᠦᠭᠡᠯᠲᠡ ᠵᠡᠷᠭᠡ ᠪᠠᠶᠢᠳᠠᠯ ᠢᠶᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠤᠨ | ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠬᠦ ᠬᠡᠷᠡᠭᠲᠡᠢ᠃ ᠠᠭᠤᠯᠭ᠎ᠠ ᠳᠤ᠄ ᠬᠡᠷᠡᠭ ᠶᠠᠪᠤᠳᠠᠯ ᠤᠨ ᠦᠨᠳᠦᠰᠦᠨ | ᠪᠠᠶᠢᠳᠠᠯ ᠤᠨ ᠳᠦᠷᠰᠦᠯᠡᠯ᠂ ᠠᠩᠬ᠎ᠠ ᠠᠯᠬᠤᠮ ᠵᠢᠱᠢᠭᠰᠡᠨ ᠬᠤᠣᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ | ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠠᠷᠭᠠᠴᠠᠭᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠵᠡᠷᠭᠡ ᠶᠢ ᠪᠠᠭᠲᠠᠭᠠᠬᠤ | ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠴᠢᠮᠡᠭᠡ ᠬᠤᠯᠪᠣᠭᠠᠨ ᠤ ᠬᠤᠬᠢᠷᠠᠯ ᠬᠢᠭᠡᠳ ᠪᠠᠲᠤᠯᠠᠭ᠎ᠠ ᠶᠢᠨ | ᠰᠡᠷᠭᠦᠭᠡᠯᠲᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠡᠮᠬᠢᠳᠬᠡᠨ ᠬᠤᠷᠢᠶᠠᠩᠭᠤᠶᠢᠯᠠᠬᠤ ᠶᠢ | ᠬᠠᠷᠢᠭᠤᠴᠠᠵᠤ᠂ ᠵᠢᠯᠤᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠨ᠎ᠠ᠃ | 4.1.4 ᠴᠡᠷᠢᠭ ᠠᠩᠭᠢ ᠪᠠ ᠣᠷᠣᠨ ᠨᠤᠲᠤᠭ ᠬᠤᠯᠪᠤᠭᠠᠯᠠᠨ ᠪᠠᠲᠤᠯᠠᠬᠤ | ᠭᠡᠨᠡᠳᠲᠡ ᠶᠢᠨ ᠬᠡᠷᠡᠭ ᠠᠴᠠ ᠪᠣᠯᠵᠤ ᠴᠡᠷᠢᠭ ᠠᠩᠭᠢ ᠪᠠ ᠣᠷᠣᠨ ᠨᠤᠲᠤᠭ ᠤᠨ ᠠᠯᠢ ᠨᠢᠭᠡ ᠲᠠᠯ᠎ᠠ ᠳᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠳᠠᠯ ᠭᠠᠷᠪᠠᠯ᠂ ᠨᠦᠬᠦᠭᠡ ᠲᠠᠯ᠎ᠠ ᠨᠢ ᠪᠠᠴᠢᠮ | ᠲᠤᠰᠠᠯᠠᠮᠵᠢ ᠦᠵᠡᠭᠦᠯᠦᠨ᠎ᠡ᠃ | ᠴᠢᠬᠤᠯᠠ ᠲᠠᠢ ᠦᠶ᠎ᠡ ᠳᠤ᠂ ᠵᠢᠯᠤᠭᠤᠳᠬᠤ ᠭᠠᠵᠠᠷ ᠠᠴᠠ ᠴᠡᠷᠢᠭ ᠠᠩᠭᠢ ᠪᠠ ᠣᠷᠣᠨ ᠨᠤᠲᠤᠭ ᠤᠨ | ᠬᠤᠯᠪᠤᠭᠠᠯᠠᠨ ᠪᠠᠲᠤᠯᠠᠬᠤ ᠲᠣᠭᠲᠠᠴᠠ ᠶᠢ ᠡᠬᠢᠯᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠴᠢᠮᠡᠭᠡ | ᠬᠤᠯᠪᠣᠭᠠᠨ ᠤ ᠡᠬᠢ ᠪᠠᠶᠠᠯᠢᠭ ᠪᠣᠯᠣᠨ ᠪᠠᠲᠤᠯᠠᠭ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠴᠡᠷᠢᠭ | ᠠᠩᠭᠢ ᠪᠠ ᠣᠷᠣᠨ ᠨᠤᠲᠤᠭ ᠤᠨ ᠴᠢᠬᠤᠯᠠ ᠬᠡᠷᠡᠭᠯᠡᠭᠴᠢᠳ ᠤᠨ ᠴᠢᠮᠡᠭᠡ ᠬᠤᠯᠪᠣᠭ᠎ᠠ ᠶᠢ ᠪᠠᠲᠤᠯᠠᠬᠤ ᠪᠠ ᠵᠠᠮ | ᠱᠤᠭᠤᠮ᠂ ᠪᠡᠯᠡᠳᠬᠡᠮᠵᠢ ᠶᠢ ᠵᠠᠪᠳᠤᠨ ᠵᠠᠰᠠᠵᠤ ᠰᠡᠷᠭᠦᠭᠡᠬᠦ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠤᠨ᠎ᠠ︔ | ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠨᠢ ᠵᠢᠯᠤᠭᠤᠳᠬᠤ ᠭᠠᠵᠠᠷ ᠤᠨ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠬᠤᠯᠠ ᠴᠢᠮᠡᠭᠡ ᠬᠤᠯᠪᠣᠭᠠᠨ ᠤ ᠪᠠᠲᠤᠯᠠᠭ᠎ᠠ ᠶᠢᠨ | ᠳᠤᠮᠳᠠ ᠲᠤᠯᠭᠠᠷᠠᠭᠰᠠᠨ ᠪᠣᠳᠠᠲᠠᠢ ᠠᠰᠠᠭᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠰᠢᠢᠳᠪᠦᠷᠢᠯᠡᠨ᠎ᠡ᠃ | 4.2 ᠤᠷᠢᠳ ᠢᠶᠠᠷ ᠰᠢᠢᠳᠪᠦᠷᠢᠯᠡᠬᠦ ᠪᠠ ᠮᠡᠳᠡᠭᠡ ᠵᠠᠩᠭᠢ ᠶᠢ ᠠᠩᠬ᠎ᠠ ᠮᠡᠳᠡᠭᠦᠯᠬᠦ | ᠭᠡᠨᠡᠳᠲᠡ ᠶᠢᠨ ᠬᠡᠷᠡᠭ ᠡᠭᠦᠰᠦᠭᠰᠡᠨ ᠤ ᠲᠠᠷᠠᠭ᠎ᠠ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ ᠨᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ ᠢ ᠳᠠᠷᠦ᠋ᠢᠬᠠᠨ ᠣᠶᠢᠯᠠᠭᠠᠵᠤ᠂ | ᠴᠠᠭ ᠲᠤᠬᠠᠢ ᠳᠤ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠡᠨᠡᠳᠲᠡ ᠶᠢᠨ ᠬᠡᠷᠡᠭ ᠠᠴᠠ ᠴᠢᠮᠡᠭᠡ | ᠬᠤᠯᠪᠣᠭᠠᠨ ᠤ ᠲᠣᠣᠷ ᠰᠦᠯᠵᠢᠶ᠎ᠡ ᠳᠤ ᠦᠵᠡᠭᠦᠯᠬᠦ ᠨᠥᠯᠥᠭᠡᠯᠡᠯ ᠤᠨ ᠬᠡᠪᠴᠢᠶ᠎ᠡ ᠶᠢ ᠬᠢᠵᠠᠭᠠᠷᠯᠠᠬᠤ ᠬᠡᠷᠡᠭᠲᠡᠢ︔ 30 | ᠮᠢᠨᠦ᠋ᠲ ᠤᠨ ᠳᠣᠲᠣᠷ᠎ᠠ ᠬᠡᠷᠡᠭ ᠶᠠᠪᠤᠳᠠᠯ ᠤᠨ ᠮᠡᠳᠡᠭᠡ ᠵᠠᠩᠭᠢ ᠶᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ | ᠮᠡᠳᠡᠭᠦᠯᠦᠨ ᠬᠦᠷᠭᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠬᠡᠷᠡᠭ ᠶᠠᠪᠤᠳᠠᠯ ᠤᠨ | ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤ ᠨᠢ ᠬᠢᠨᠠᠨ ᠬᠠᠷᠭᠤᠭᠤᠯᠬᠤ ᠶᠢᠨ ᠬᠠᠮᠲᠤ 1 ᠴᠠᠭ ᠤᠨ | ᠳᠣᠲᠣᠷ᠎ᠠ ᠬᠠᠮᠢᠶ᠎ᠠ ᠪᠦᠬᠦᠢ ᠮᠡᠳᠡᠭᠡ ᠵᠠᠩᠭᠢ ᠶᠢ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃ | 4.3 Ⅰ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ | 4.3.1 ᠡᠬᠢᠯᠡᠭᠦᠯᠬᠦ ᠨᠥᠬᠦᠴᠡᠯ | ᠳᠣᠣᠷᠠᠬᠢ ᠪᠠᠶᠢᠳᠠᠯ ᠤᠨ ᠨᠢᠭᠡ ᠨᠢ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ Ⅰ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ ᠠᠵᠢᠯᠯᠠᠭ᠎ᠠ ᠶᠢ | ᠡᠬᠢᠯᠡᠭᠦᠯᠦᠨ᠎ᠡ᠄ | ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠮᠤᠵᠢ ᠶᠢᠨ ᠬᠤᠭᠤᠷᠣᠨᠳᠣᠬᠢ | ᠨᠢᠷᠤᠭᠤᠪᠴᠢ ᠲᠣᠣᠷ ᠰᠦᠯᠵᠢᠶ᠎ᠡ ᠲᠠᠰᠤᠯᠳᠠᠭᠰᠠᠨ᠂ ᠴᠢᠬᠤᠯᠠ ᠴᠢᠮᠡᠭᠡ ᠬᠤᠯᠪᠣᠭᠠᠨ ᠤ ᠬᠦᠢᠰᠦ ᠵᠠᠩᠭᠢᠯᠠᠭ᠎ᠠ ᠶᠢᠨ | ᠠᠰᠠᠷ ᠡᠪᠳᠡᠭᠳᠡᠭᠰᠡᠨ ᠵᠡᠷᠭᠡ ᠠᠴᠠ ᠪᠣᠯᠵᠤ᠂ ᠡᠭᠦᠨ ᠤ ᠬᠠᠮᠲᠤ 2 ᠵᠢᠴᠢ ᠲᠡᠭᠦᠨ ᠠᠴᠠ ᠳᠡᠭᠡᠭᠰᠢᠬᠢ ᠮᠤᠵᠢ ︵ᠣᠷᠣᠨ | ᠂ ᠬᠤᠳᠠ︶ ᠶᠢᠨ ᠬᠤᠭᠤᠷᠣᠨᠳᠣᠬᠢ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠭᠰᠠᠨ᠃ | ︵2︶ ︽ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠳᠠᠬᠢ ᠣᠨᠴᠠ ᠬᠦᠨᠳᠦ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃ | ︵3︶ ᠤᠯᠤᠰ ᠠᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅰ | ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠭᠰᠡᠨ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃ | 4.3.2 Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ | ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠵᠤ᠂ ᠵᠢᠯᠤᠭᠤᠳᠬᠤ ᠭᠠᠵᠠᠷ ᠲᠤ Ⅰ ᠲᠠᠰ ᠤᠨ ᠤᠷᠢᠶᠠᠯᠠᠨ | ᠳᠠᠭᠠᠬᠤ ᠠᠵᠢᠯᠯᠠᠭ᠎ᠠ ᠶᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃ | ᠵᠢᠯᠤᠭᠤᠳᠬᠤ ᠭᠠᠵᠠᠷ ᠠᠴᠠ Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠵᠤ᠂ | ᠵᠢᠯᠤᠭᠤᠳᠬᠤ ᠳᠠᠷᠤᠭ᠎ᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠦᠰᠦᠭ | ᠵᠢᠷᠤᠵᠤ ᠶᠠᠪᠤᠭᠤᠯᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃ | 4.3.3Ⅰ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | ᠵᠢᠯᠤᠭᠤᠳᠬᠤ ᠭᠠᠵᠠᠷ᠂ ᠬᠠᠮᠢᠶ᠎ᠠ ᠪᠦᠬᠦᠢ ᠮᠤᠵᠢ ︵ᠣᠷᠣᠨ᠂ ᠬᠤᠲᠠ︶ ᠶᠢᠨ ᠪᠠᠴᠢᠮ ᠪᠠᠶᠢᠳᠠᠯ ᠢ ᠠᠷᠭᠠᠴᠠᠭᠠᠬᠤ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠢᠯᠤᠭᠤᠳᠬᠤ ᠪᠠᠶᠢᠭᠤᠯᠤᠮᠵᠢ᠂ ᠬᠠᠮᠢᠶ᠎ᠠ ᠪᠦᠬᠦᠢ ᠰᠠᠭᠤᠷᠢ ᠴᠠᠬᠢᠯᠭᠠᠨ | ᠬᠤᠯᠪᠣᠭᠠᠨ ᠤ ᠠᠵᠤ ᠠᠬᠤᠶᠢᠯᠠᠯ ᠨᠢ 24 ᠴᠠᠭ ᠢᠶᠠᠷ ᠵᠢᠵᠢᠭᠦᠷᠯᠡᠬᠦ ᠠᠵᠢᠯ ᠢ ᠡᠬᠢᠯᠡᠭᠦᠯᠦᠨ᠎ᠡ᠃ | ᠵᠢᠯᠤᠭᠤᠳᠬᠤ ᠭᠠᠵᠠᠷ ᠠᠴᠠ ᠲᠡᠷᠡ ᠳᠠᠷᠤᠢ ᠳᠤ ᠨᠢ ᠵᠣᠬᠢᠶᠠᠨ ᠪᠠᠶᠢᠭᠤᠯᠤᠨ ᠵᠥᠪᠳᠡᠯᠴᠡᠵᠦ᠂ ᠬᠤᠯᠪᠣᠭᠳᠠᠯ | ᠪᠦᠬᠦᠢ ᠪᠠᠶᠢᠳᠠᠯ ᠢ ᠣᠶᠢᠯᠠᠭᠠᠨ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠷᠠᠯᠲᠠ ᠪᠠ ᠲᠥᠰᠥᠯ ᠢ | ᠲᠣᠭᠲᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠶᠢᠯᠠᠯ | ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠵᠢᠴᠢ ᠪᠠᠴᠢᠮ | ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ | ᠬᠠᠷᠢᠯᠴᠠᠭ᠎ᠠ ᠲᠡᠭᠡᠭᠡᠪᠦᠷᠢ᠂ ᠡᠨᠧᠷᠭᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ | ᠴᠢᠩᠭᠠᠳᠬᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠵᠠᠮ | ᠬᠠᠷᠢᠯᠴᠠᠭ᠎ᠠ᠂ ᠡᠨᠧᠷᠭᠢ ᠶᠢᠨ ᠬᠠᠩᠭᠠᠯᠭ᠎ᠠ ᠶᠢ ᠡᠩ ᠲᠡᠷᠢᠭᠦᠨ ᠳᠤ ᠪᠠᠲᠤᠯᠠᠬᠤ ᠶᠢ ᠵᠣᠬᠢᠴᠠᠭᠤᠯᠬᠤ ᠬᠡᠷᠡᠭᠲᠡᠢ᠃ ᠴᠡᠷᠢᠭ | ᠠᠩᠭᠢ ᠪᠠ ᠣᠷᠣᠨ ᠨᠤᠲᠤᠭ ᠬᠤᠯᠪᠤᠭᠠᠯᠠᠨ ᠪᠠᠲᠤᠯᠠᠬᠤ ᠲᠣᠭᠲᠠᠴᠠ ᠶᠢ ᠡᠬᠢᠯᠡᠭᠦᠯᠦᠨ᠎ᠡ᠃ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠤᠬᠠᠭᠤᠯᠭ᠎ᠠ ᠶᠢᠨ ᠲᠥᠷᠥᠯᠵᠢᠯ ᠤᠨ ᠠᠭᠤᠯᠭ᠎ᠠ ᠶᠢ ᠨᠡᠶᠢᠲᠡᠯᠡᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠲᠥᠰᠥᠯ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ | ᠵᠢᠯᠤᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠭᠤᠷᠢ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ | ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ | ᠲᠣᠨᠤᠭ ᠲᠥᠬᠦᠭᠡᠷᠦᠮᠵᠢ᠂ ᠴᠢᠮᠡᠭᠡ ᠬᠤᠯᠪᠣᠭᠠᠨ ᠤ ᠱᠤᠭᠤᠮ ᠵᠡᠷᠭᠡ ᠡᠬᠢ ᠪᠠᠶᠠᠯᠢᠭ ᠢ ᠬᠠᠮᠲᠤ ᠪᠠᠷ ᠭᠥᠷᠳᠡᠬᠦ ᠪᠠ | ᠠᠵᠤ ᠠᠬᠤᠶᠢᠯᠠᠯ ᠠᠯᠤᠰᠯᠠᠭᠰᠠᠨ ᠳᠡᠮᠵᠢᠨ ᠲᠤᠰᠠᠯᠠᠬᠤ ᠲᠥᠰᠥᠯ ᠢ ᠰᠤᠳᠤᠯᠤᠨ ᠳᠤᠷᠠᠳᠴᠤ᠂ ᠵᠢᠯᠤᠭᠤᠳᠬᠤ | ᠭᠠᠵᠠᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠵᠢᠯᠤᠭᠤᠳᠬᠤ ᠭᠠᠵᠠᠷ ᠤᠨ ᠱᠠᠭᠠᠷᠳᠠᠯᠭ᠎ᠠ | ᠶᠣᠰᠣᠭᠠᠷ ᠪᠠᠲᠤᠯᠠᠭ᠎ᠠ ᠶᠢᠨ ᠡᠩᠨᠡᠭᠡ ᠲᠣᠮᠢᠯᠠᠵᠤ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠨ᠎ᠠ᠃ 2 ᠴᠠᠭ | ᠠᠯᠤᠰᠯᠠᠬᠤ ᠪᠦᠷᠢ ᠵᠢᠯᠤᠭᠤᠳᠬᠤ ᠭᠠᠵᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃ | ᠵᠢᠯᠤᠭᠤᠳᠬᠤ ᠭᠠᠵᠠᠷ ᠨᠢ ᠭᠡᠨᠡᠳᠡᠯ ᠤᠨ ᠬᠠᠮᠢᠶ᠎ᠠ ᠪᠦᠬᠦᠢ ᠮᠤᠵᠢ ︵ᠣᠷᠣᠨ᠂ ᠬᠤᠲᠠ︶ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠡᠪᠲᠡᠷᠡᠯᠴᠡᠨ ᠬᠠᠷᠢᠯᠴᠠᠵᠤ᠂ ᠬᠥᠷᠰᠢ ᠵᠡᠷᠭᠡᠯᠡᠳᠡᠭᠡ | ᠮᠤᠵᠢ ︵ᠣᠷᠣᠨ᠂ ᠬᠤᠲᠠ︶ ᠶᠢ ᠵᠣᠬᠢᠴᠠᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠬᠤ ᠪᠠ ᠲᠣᠨᠤᠭ | ᠲᠥᠬᠦᠭᠡᠷᠦᠮᠵᠢ ᠶᠢ ᠴᠤᠭᠯᠠᠷᠠᠭᠤᠯᠤᠨ ᠵᠠᠷᠯᠢᠭ ᠬᠦᠯᠢᠶᠡᠯᠭᠡᠵᠦ᠂ ᠴᠢᠮᠡᠭᠡ ᠬᠤᠯᠪᠣᠭᠠᠨ ᠤ ᠵᠠᠪᠳᠤᠨ ᠵᠠᠰᠠᠬᠤ ᠶᠢ | ᠪᠠᠲᠤᠯᠠᠬᠤ ᠪᠠ ᠮᠤᠵᠢ ︵ᠣᠷᠣᠨ᠂ ᠬᠤᠲᠠ︶ ᠠᠯᠤᠰᠯᠠᠨ ᠳᠡᠮᠵᠢᠨ ᠲᠤᠰᠠᠯᠠᠬᠤ ᠳᠤ ᠬᠠᠮᠵᠢᠯᠴᠠᠬᠤ ᠪᠠᠷ ᠪᠡᠯᠡᠳᠬᠡᠨ᠎ᠡ᠃ | | ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ᠎ᠠ᠄ | ︵1︶ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠲᠥᠰᠥᠯ ᠢ | ᠰᠤᠳᠤᠯᠤᠨ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦᠨ᠂ ᠡᠨᠧᠷᠭᠢ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠯᠦᠭᠡ ᠶᠢᠨ ᠵᠣᠬᠢᠴᠠᠭᠤᠯᠤᠨ ᠬᠤᠯᠪᠤᠭᠠᠯᠠᠨ | ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠬᠡᠷᠡᠭ ᠶᠠᠪᠤᠳᠠᠯ ᠭᠠᠷᠤᠭᠰᠠᠨ ᠲᠤᠬᠠᠢ ᠶᠢᠨ ᠲᠠᠯᠠᠪᠤᠷ ᠤᠨ ᠴᠢᠬᠤᠯᠠ | ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃ | ︵2︶ ᠠᠵᠤ ᠠᠬᠤᠶᠢᠯᠠᠯ ᠠᠯᠤᠰᠯᠠᠭᠰᠠᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠢᠯᠤᠭᠤᠳᠴᠤ ᠵᠣᠬᠢᠶᠠᠨ ᠪᠠᠶᠢᠭᠤᠯᠵᠤ ᠵᠣᠬᠢᠴᠠᠭᠤᠯᠤᠨ᠂ | ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠪᠠ ᠡᠬᠢ ᠪᠠᠶᠠᠯᠢᠭ ᠢ | ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ | ︵3︶ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠮᠢᠶ᠎ᠠ ᠪᠦᠬᠦᠢ | ᠪᠠᠶᠢᠳᠠᠯ ᠢ ᠴᠠᠭ ᠲᠤᠬᠠᠢ ᠳᠤ ᠨᠢ ᠴᠤᠭᠯᠠᠭᠤᠯᠤᠨ ᠬᠤᠷᠢᠶᠠᠩᠭᠤᠶᠢᠯᠠᠬᠤ ᠶᠢᠨ ᠬᠠᠮᠲᠤ ᠵᠢᠯᠤᠭᠤᠳᠬᠤ ᠭᠠᠵᠠᠷ ᠲᠤ | ᠮᠡᠳᠡᠭᠦᠯᠦᠨ ᠬᠦᠷᠭᠡᠨ᠎ᠡ᠃ | ︵4︶ ᠬᠡᠷᠡᠭ ᠶᠠᠪᠤᠳᠠᠯ ᠤᠨ ᠬᠥᠭᠵᠢᠯᠲᠡ ᠪᠠ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ ᠪᠠᠶᠢᠳᠠᠯ ᠢ ᠦᠨᠳᠦᠰᠦᠯᠡᠨ᠂ ᠵᠢᠯᠤᠭᠤᠳᠬᠤ ᠭᠠᠵᠠᠷ ᠲᠤ ᠴᠡᠷᠢᠭ ᠠᠩᠭᠢ ᠶᠢᠨ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ | ᠳᠤᠷᠠᠳᠤᠨ ᠭᠠᠷᠭᠠᠨ᠎ᠠ᠃ | 4.4 Ⅱ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ | 4.4.1 ᠡᠬᠢᠯᠡᠭᠦᠯᠬᠦ ᠨᠥᠬᠦᠴᠡᠯ | ᠳᠣᠣᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ Ⅱ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄ | ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠥᠪᠡᠷᠲᠡᠭᠡᠨ ᠵᠠᠰᠠᠬᠤ ᠣᠷᠣᠨ ᠤ | ᠳᠣᠲᠣᠷᠠᠬᠢ ᠭᠤᠣᠯ ᠵᠠᠮ ᠱᠤᠭᠤᠮ ᠤᠨ ᠲᠣᠣᠷ ᠰᠦᠯᠵᠢᠶ᠎ᠡ ᠲᠠᠰᠤᠯᠳᠠᠭᠰᠠᠨ᠂ ᠮᠤᠵᠢ ᠶᠢᠨ ᠳᠡᠰ ᠤᠨ ᠴᠢᠬᠤᠯᠠ | ᠴᠢᠮᠡᠭᠡ ᠬᠤᠯᠪᠣᠭᠠᠨ ᠤ ᠭᠤᠣᠯ ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠠᠴᠠ ᠪᠣᠯᠵᠤ᠂ ᠥᠪᠡᠷᠲᠡᠭᠡᠨ ᠵᠠᠰᠠᠬᠤ | ᠣᠷᠣᠨ ᠤ ᠳᠣᠲᠣᠷᠠᠬᠢ 2 ᠵᠢᠴᠢ ᠲᠡᠭᠦᠨ ᠠᠴᠠ ᠳᠡᠭᠡᠭᠰᠢᠬᠢ ᠠᠶᠢᠮᠠᠭ ᠬᠤᠲᠠ ᠶᠢᠨ ᠴᠢᠮᠡᠭᠡ ᠬᠤᠯᠪᠣᠭ᠎ᠠ ᠨᠢ ᠶᠡᠭᠡ | ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃ | ︵2︶ ︽ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠳᠠᠬᠢ ᠬᠦᠨᠳᠦ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃ | ︵3︶ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠨᠢ Ⅱ ᠳᠡᠰ ᠤᠨ | ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃ | 4.4.2 Ⅱ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ | ᠪᠠᠷᠢᠮᠵᠢᠶ᠎ᠠ ᠳᠤ ᠬᠦᠷᠦᠭᠰᠡᠨ ᠢᠶᠠᠷ ᠮᠠᠭᠠᠳᠯᠠᠨ ᠲᠣᠭᠲᠠᠭᠠᠵᠤ᠂ ᠵᠢᠯᠤᠭᠤᠳᠬᠤ ᠭᠠᠵᠠᠷ ᠲᠤ Ⅱ ᠲᠠᠰ ᠤᠨ ᠤᠷᠢᠶᠠᠯᠠᠨ | ᠳᠠᠭᠠᠬᠤ ᠶᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃ | ᠵᠢᠯᠤᠭᠤᠳᠬᠤ ᠭᠠᠵᠠᠷ ᠠᠴᠠ Ⅱ ᠲᠠᠰ ᠤᠨ ᠤᠷᠢᠶᠠᠯᠠᠨ ᠳᠠᠭᠠᠬᠤ ᠶᠢ ᠡᠬᠢᠯᠡᠭᠦᠯᠬᠦ ᠪᠠᠷ ᠲᠣᠭᠲᠠᠵᠤ᠂ ᠳᠡᠳ᠋ | ᠵᠢᠯᠤᠭᠤᠳᠬᠤ ᠳᠠᠷᠤᠭ᠎ᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ | ᠵᠢᠷᠤᠵᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃ | 4.4.3 Ⅱ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | ᠵᠢᠯᠤᠭᠤᠳᠬᠤ ᠭᠠᠵᠠᠷ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 | ᠴᠠᠭ ᠢᠶᠠᠷ ᠵᠢᠵᠢᠭᠦᠷᠯᠡᠬᠦ ᠶᠢ ᠡᠬᠢᠯᠡᠭᠦᠯᠦᠨ᠎ᠡ᠃ | ᠵᠢᠯᠤᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠵᠥᠪᠳᠡᠯᠴᠡᠵᠦ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ | ᠠᠵᠢᠯ ᠤᠨ ᠬᠠᠷᠠᠯᠲᠠ ᠪᠣᠯᠣᠨ ᠲᠥᠰᠥᠯ ᠢ ᠲᠣᠭᠲᠠᠭᠠᠨ᠎ᠠ᠃ ᠠᠶᠢᠮᠠᠭ ᠬᠤᠲᠠ ᠠᠯᠤᠰᠯᠠᠭᠰᠠᠨ᠂ ᠠᠵᠤ ᠠᠬᠤᠶᠢᠯᠠᠯ | ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠡᠩᠨᠡᠭᠡ ᠵᠢᠴᠢ ᠪᠠᠴᠢᠮ | ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠰᠤᠨ ᠠᠰᠢᠭᠯᠠᠯᠲᠠ᠂ ᠭᠠᠵᠠᠷ | ᠬᠥᠳᠡᠯᠦᠯᠲᠡ᠂ ᠴᠠᠭ ᠠᠭᠤᠷ᠂ ᠳᠣᠲᠣᠭᠠᠳᠤ ᠶᠢ ᠬᠠᠮᠠᠭᠠᠯᠠᠬᠤ᠂ ᠵᠡᠪᠰᠡᠭᠲᠦ ᠴᠠᠭᠳᠠᠭ᠎ᠠ᠂ ᠵᠠᠮ ᠬᠠᠷᠢᠯᠴᠠᠭ᠎ᠠ | ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ | ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠬᠠᠭᠤᠯᠭ᠎ᠠ ᠶᠢᠨ ᠲᠥᠷᠥᠯᠵᠢᠯ ᠢ ᠨᠡᠶᠢᠲᠡᠯᠡᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠵᠢᠯᠤᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ | ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠬᠦ ᠶᠢᠨ ᠬᠠᠮᠲᠤ ᠵᠢᠯᠤᠭᠤᠳᠬᠤ ᠭᠠᠵᠠᠷ ᠤᠨ ᠱᠠᠭᠠᠷᠳᠠᠯᠭ᠎ᠠ | ᠶᠣᠰᠣᠭᠠᠷ᠂ ᠪᠠᠲᠤᠯᠠᠭ᠎ᠠ ᠶᠢᠨ ᠡᠩᠨᠡᠭᠡ ᠲᠣᠮᠢᠯᠠᠨ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠨ᠎ᠠ᠃ ᠬᠠᠮᠢᠶ᠎ᠠ | ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ 4 ᠴᠠᠭ ᠠᠯᠤᠰᠯᠠᠬᠤ ᠪᠦᠷᠢ ᠵᠢᠯᠤᠭᠤᠳᠬᠤ ᠭᠠᠵᠠᠷ | ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ | ᠮᠡᠳᠡᠭᠦᠯᠦᠨ᠎ᠡ᠃ | ᠴᠢᠬᠤᠯᠠ ᠲᠠᠢ ᠦᠶ᠎ᠡ ᠳᠤ᠂ ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠴᠢᠮᠡᠭᠡ ᠬᠤᠯᠪᠣᠭᠠᠨ ᠤ ᠲᠤᠬᠠᠢ ᠶᠢᠨ ᠲᠠᠯᠠᠪᠤᠷ ᠤᠨ ᠪᠠᠲᠤᠯᠠᠭ᠎ᠠ ᠶᠢᠨ ᠵᠣᠬᠢᠶᠠᠨ ᠪᠠᠶᠢᠭᠤᠯᠬᠤ᠂ | ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃ | 4. 5 Ⅲ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ | 4.5.1 ᠡᠬᠢᠯᠡᠭᠦᠯᠬᠦ ᠨᠥᠬᠦᠴᠡᠯ | ᠳᠣᠣᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄ | ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠠᠶᠢᠮᠠᠭ ᠬᠤᠲᠠ ᠶᠢᠨ ᠳᠡᠰ ᠤᠨ ᠲᠣᠣᠷ | ᠰᠦᠯᠵᠢᠶ᠎ᠡ ᠲᠠᠰᠤᠯᠳᠠᠭᠰᠠᠨ᠂ ᠠᠶᠢᠮᠠᠭ ᠬᠤᠲᠠ ᠶᠢᠨ ᠳᠡᠰ ᠤᠨ ᠴᠢᠬᠤᠯᠠ ᠴᠢᠮᠡᠭᠡ ᠬᠤᠯᠪᠣᠭᠠᠨ ᠤ ᠭᠤᠣᠯ | ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠠᠴᠠ ᠪᠣᠯᠵᠤ᠂ ᠲᠣᠰ ᠭᠠᠵᠠᠷ ᠣᠷᠣᠨ ᠤ ᠴᠢᠮᠡᠭᠡ ᠬᠤᠯᠪᠣᠭ᠎ᠠ ᠶᠡᠭᠡ | ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃ | ︵2︶ ︽ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠳᠠᠬᠢ ᠨᠡᠯᠢᠶᠡᠳ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃ | ︵3︶ ᠤᠯᠤᠰ ᠠᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅲ | ᠳᠡᠰ ᠤᠨ ᠪᠠᠴᠢᠮ ᠪᠠᠶᠢᠳᠠᠯ ᠤᠨ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃ | 4.5.2 Ⅲ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ | ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ Ⅲ ᠲᠠᠰ ᠤᠨ ᠤᠷᠢᠶᠠᠯᠠᠨ ᠳᠠᠭᠠᠬᠤ ᠶᠢ | ᠡᠬᠢᠯᠡᠭᠦᠯᠬᠦ ᠪᠠᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠷᠬᠢᠯᠡᠭᠴᠢ ᠠᠴᠠ ᠪᠠᠴᠢᠮ | ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠡᠯ᠎ᠡ | ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃ | 4.5.3 Ⅲ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠡᠬᠢᠯᠡᠭᠦᠯᠦᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠲᠥᠰᠥᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ | ᠵᠢᠯᠤᠭᠤᠳᠬᠤ ᠭᠠᠵᠠᠷ ᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠵᠦ᠂ ᠥᠪᠡᠷᠲᠡᠭᠡᠨ | ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠤᠬᠠᠭᠤᠯᠭ᠎ᠠ ᠶᠢᠨ | ᠲᠥᠷᠥᠯᠵᠢᠯ ᠢ ᠨᠡᠶᠢᠲᠡᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠬᠠᠮᠢᠶ᠎ᠠ ᠪᠦᠬᠦᠢ ᠰᠠᠭᠤᠷᠢ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ | ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ᠬᠡᠷᠡᠭ ᠶᠠᠪᠤᠳᠠᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠲᠤᠬᠠᠢ ᠶᠢᠨ ᠭᠠᠵᠠᠷ ᠤᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ᠂ | ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ᠂ ᠲᠤᠨᠤᠭ ᠲᠥᠬᠦᠭᠡᠷᠦᠮᠵᠢ ᠵᠡᠷᠭᠡ | ᠡᠬᠢ ᠪᠠᠶᠠᠯᠢᠭ ᠪᠣᠯᠣᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠴᠠᠭ ᠲᠤᠬᠠᠢ ᠳᠤ ᠨᠢ ᠣᠶᠢᠯᠠᠭᠠᠵᠤ᠂ ᠬᠠᠪᠰᠤᠷᠤᠯᠭ᠎ᠠ ᠳᠡᠮᠵᠢᠯᠭᠡ ᠦᠵᠡᠭᠦᠯᠦᠨ᠎ᠡ᠃ ᠬᠠᠮᠢᠶ᠎ᠠ ᠪᠦᠬᠦᠢ | ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠠᠴᠢᠮ ᠪᠠᠶᠢᠳᠠᠯ ᠢ | ᠠᠷᠭᠠᠴᠠᠭᠠᠬᠤ ᠲᠣᠭᠲᠠᠴᠠ ᠶᠢ ᠡᠬᠢᠯᠡᠭᠦᠯᠬᠦ ᠶᠢᠨ ᠬᠠᠮᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ ᠠᠵᠤ | ᠠᠬᠤᠶᠢᠯᠠᠯ ᠠᠯᠤᠰᠯᠠᠨ ᠳᠡᠮᠵᠢᠨ ᠲᠤᠰᠠᠯᠠᠬᠤ ᠪᠡᠯᠡᠳᠬᠡᠯ ᠢ ᠰᠠᠶᠢᠲᠤᠷ ᠬᠢᠨ᠎ᠡ᠃ ᠬᠠᠮᠢᠶ᠎ᠠ ᠪᠦᠬᠦᠢ ᠰᠠᠭᠤᠷᠢ ᠴᠠᠬᠢᠯᠭᠠᠨ | ᠬᠤᠯᠪᠣᠭᠠᠨ ᠤ ᠠᠵᠤ ᠠᠬᠤᠶᠢᠯᠠᠯ ᠨᠢ ᠡᠳᠦᠷ ᠪᠦᠷᠢ 2 ᠤᠳᠠᠭ᠎ᠠ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃ | 4.6 Ⅳ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ | 4.6.1 ᠡᠬᠢᠯᠡᠭᠦᠯᠬᠦ ᠨᠥᠬᠦᠴᠡᠯ | ᠳᠣᠣᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ Ⅳ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄ | ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠬᠤᠰᠢᠭᠤ ᠰᠢᠶᠠᠨ ᠤ ᠳᠡᠰ ᠤᠨ ᠲᠣᠣᠷ | ᠰᠦᠯᠵᠢᠶ᠎ᠡ ᠲᠠᠰᠤᠯᠳᠠᠭᠰᠠᠨ ᠠᠴᠠ ᠪᠣᠯᠵᠤ ᠪᠥᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠴᠢᠮᠡᠭᠡ | ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃ | ︵2︶ ︽ᠴᠠᠬᠢᠯᠭᠠᠨ ᠬᠤᠯᠪᠣᠭ᠎ᠠ ᠶᠢᠨ ᠲᠣᠣᠷ ᠰᠦᠯᠵᠢᠶᠡᠨ ᠤ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠳᠠᠬᠢ ᠡᠩ ᠤᠨ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃ | ︵3︶ ᠤᠯᠤᠰ ᠠᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅳ | ᠳᠡᠰ ᠤᠨ ᠪᠠᠴᠢᠮ ᠪᠠᠶᠢᠳᠠᠯ ᠤᠨ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃ | 4.6.2 Ⅳ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ | ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ Ⅳ ᠲᠠᠰ ᠤᠨ ᠤᠷᠢᠶᠠᠯᠠᠨ ᠳᠠᠭᠠᠬᠤ | ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠳᠡᠳ᠋ | ᠡᠷᠬᠢᠯᠡᠭᠴᠢ ᠠᠴᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ | ᠵᠢᠷᠤᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃ | 4.6.3 Ⅳ ᠳᠡᠰ ᠤᠨ ᠤᠷᠢᠶᠠᠯᠠᠨ ᠳᠠᠭᠠᠬᠤ ᠠᠵᠢᠯᠯᠠᠭᠠᠨ | ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ | ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠮᠡᠳᠡᠭᠡ | ᠵᠠᠩᠭᠢ ᠶᠢ ᠴᠠᠭ ᠲᠤᠬᠠᠢ ᠳᠤ ᠨᠢ ᠮᠡᠳᠡᠭᠦᠯᠦᠨ᠎ᠡ᠃ ᠬᠡᠷᠡᠭ ᠶᠠᠪᠤᠳᠠᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ | ᠠᠵᠤ ᠠᠬᠤᠶᠢᠯᠠᠯ ᠨᠢ ᠲᠤᠬᠠᠢ ᠶᠢᠨ ᠭᠠᠵᠠᠷ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ | ᠵᠢᠯᠣᠭᠤᠳᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢ ᠰᠠᠶᠢᠲᠤᠷ ᠬᠢᠯᠭᠡᠨ᠎ᠡ᠃ | ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠡᠳᠦᠷ ᠪᠦᠷᠢ ᠪᠠᠴᠢᠮ ᠪᠠᠶᠢᠳᠠᠯ ᠢ | ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃ | 4.7 ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠵᠠᠷᠴᠢᠮ | ᠡᠯ᠎ᠡ ᠰᠠᠯᠠᠭ᠎ᠠ ᠮᠥᠴᠢᠷ ᠨᠢᠭᠡᠴᠢ ᠨᠢ ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ | ᠠᠵᠢᠯ ᠢ ᠭᠦᠢᠴᠡᠳᠬᠡᠬᠦ ᠳᠤ ᠪᠠᠨ ᠬᠥᠮᠥᠨ ᠤ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ | ᠳᠣᠣᠷ᠎ᠠ᠂ ᠤᠷᠢᠳ ᠢᠶᠠᠷ ᠲᠥᠪ ᠬᠤᠷᠢᠶ᠎ᠠ ᠳᠠᠷᠠᠭ᠎ᠠ ᠨᠢ ᠣᠷᠣᠨ ᠨᠤᠲᠤᠭ᠂ ᠤᠷᠢᠳ ᠢᠶᠠᠷ ᠭᠤᠣᠯᠳᠠᠯᠭ᠎ᠠ ᠲᠠᠢ ᠶᠢ ᠨᠢ | ᠲᠠᠷᠠᠭ᠎ᠠ ᠨᠢ ᠡᠩ ᠤᠨ ᠬᠢ ᠶᠢ᠂ ᠤᠷᠢᠳ ᠢᠶᠠᠷ ᠵᠠᠪᠳᠤᠨ ᠨᠠᠪᠲᠠᠷᠡᠭᠦᠯᠵᠦ ᠲᠠᠷᠠᠭ᠎ᠠ ᠨᠢ ᠵᠠᠰᠠᠵᠤ ᠰᠡᠷᠭᠦᠭᠡᠬᠦ ᠵᠠᠷᠴᠢᠮ | ᠶᠣᠰᠣᠭᠠᠷ ᠶᠠᠪᠤᠭᠳᠠᠭᠤᠯᠬᠤ ᠬᠡᠷᠡᠭᠲᠡᠢ᠃ | 4.8 ᠲᠣᠣᠷ ᠰᠦᠯᠵᠢᠶᠡᠨ ᠤ ᠲᠦᠭᠵᠢᠷᠡᠯ ᠢ ᠰᠢᠢᠳᠪᠦᠷᠢᠯᠡᠬᠦ | ᠭᠡᠨᠡᠳᠲᠡ ᠶᠢᠨ ᠬᠡᠷᠡᠭ ᠶᠠᠪᠤᠳᠠᠯ ᠭᠠᠷᠤᠭᠰᠠᠨ ᠦᠶ᠎ᠡ ᠳᠤ᠂ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ | ᠲᠤᠬᠠᠶᠢᠯᠠᠭᠰᠠᠨ ᠠᠵᠢᠯ ᠤᠨ ᠬᠡᠮᠵᠢᠶ᠎ᠡ ᠦᠷᠭᠦᠯᠵᠢᠯᠡᠨ ᠶᠡᠭᠡ ᠬᠡᠮᠵᠢᠶ᠎ᠡ ᠪᠠᠷ ᠲᠦᠷᠭᠡᠨ ᠨᠡᠮᠡᠭᠳᠡᠭᠰᠡᠨ ᠠᠴᠠ ᠪᠣᠯᠵᠤ | ᠲᠣᠣᠷ ᠰᠦᠯᠵᠢᠶ᠎ᠡ ᠲᠦᠭᠵᠢᠷᠡᠬᠦ ᠪᠠᠶᠢᠳᠠᠯ ᠳᠤ ᠴᠢᠭᠯᠡᠭᠦᠯᠦᠨ᠂ ᠰᠠᠭᠤᠷᠢ ᠴᠠᠬᠢᠯᠭᠠᠨ ᠬᠤᠯᠪᠣᠭ᠎ᠠ ᠶᠢᠨ ᠠᠵᠤ | ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠡᠯᠡᠳᠬᠡᠯ ᠲᠥᠰᠥᠯ ᠳᠤ ᠲᠤᠬᠠᠶᠢᠯᠠᠭᠰᠠᠨ ᠠᠵᠢᠯ ᠤᠨ ᠵᠠᠯᠠᠵᠤ | ᠵᠢᠯᠤᠭᠤᠳᠬᠤ ᠲᠥᠰᠥᠯ ᠲᠣᠭᠲᠠᠭᠠᠬᠤ ᠶᠢᠨ ᠬᠠᠮᠲᠤ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠰᠠᠭᠤᠷᠢ ᠴᠠᠬᠢᠯᠭᠠᠨ | ᠬᠤᠯᠪᠣᠭᠠᠨ ᠤ ᠠᠵᠤ ᠠᠬᠤᠶᠢᠯᠠᠯ ᠤᠳ ᠵᠠᠪᠳᠤᠨ ᠵᠠᠰᠠᠵᠤ ᠪᠠᠶᠢᠭ᠎ᠠ ᠬᠤᠭᠤᠴᠠᠭᠠᠨ ᠳᠤ ᠪᠠ ᠵᠠᠪᠳᠤᠨ ᠵᠠᠰᠠᠵᠤ | ᠳᠠᠭᠤᠰᠤᠭᠰᠠᠨ ᠤ ᠲᠠᠷᠠᠭ᠎ᠠ᠂ ᠲᠣᠣᠷ ᠰᠦᠯᠵᠢᠶᠡᠨ ᠤ ᠳᠠᠭᠠᠭᠠᠴᠠ ᠶᠢᠨ ᠪᠠᠶᠢᠳᠠᠯ ᠢ ᠴᠠᠭ ᠲᠤᠬᠠᠢ ᠳᠤ ᠨᠢ ᠬᠢᠨᠠᠨ | ᠡᠵᠡᠮᠳᠡᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠲᠣᠣᠷ ᠰᠦᠯᠵᠢᠶᠡᠨ ᠤ ᠬᠤᠷᠣᠮᠬᠠᠨ | ᠵᠠᠭᠤᠷ᠎ᠠ ᠳᠠᠪᠬᠤᠷᠯᠠᠬᠤ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠵᠠᠯᠠᠵᠤ ᠵᠢᠯᠣᠭᠤᠳᠤᠨ᠂ ᠲᠤᠬᠠᠶᠢᠯᠠᠭᠰᠠᠨ | ᠠᠵᠢᠯ ᠤᠨ ᠦᠷᠭᠦᠯᠵᠢᠯᠡᠨ ᠬᠡᠪ ᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠭᠡᠨᠡᠳᠲᠡ ᠶᠢᠨ ᠬᠡᠷᠡᠭ ᠶᠠᠪᠤᠳᠠᠯ ᠠᠴᠠ ᠪᠣᠯᠵᠤ ᠲᠣᠣᠷ ᠰᠦᠯᠵᠢᠶ᠎ᠡ ᠲᠦᠭᠵᠢᠷᠡᠬᠦ ᠦᠶ᠎ᠡ ᠳᠤ᠂ ᠬᠠᠮᠢᠶ᠎ᠠ ᠪᠦᠬᠦᠢ | ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠳᠠᠷᠦ᠋ᠢᠬᠠᠨ ᠪᠡᠯᠡᠳᠬᠡᠯ ᠲᠥᠰᠥᠯ ᠢᠶᠠᠨ ᠡᠬᠢᠯᠡᠭᠦᠯᠬᠦ ᠶᠢᠨ | ᠬᠠᠮᠲᠤ᠂ 30 ᠮᠢᠨᠦ᠋ᠲ ᠤᠨ ᠳᠣᠲᠣᠷ᠎ᠠ ᠬᠤᠯᠪᠣᠭᠳᠠᠯ ᠪᠦᠬᠦᠢ ᠪᠠᠶᠢᠳᠠᠯ ᠢᠶᠠᠨ ᠥᠪᠥᠷ ᠮᠣᠩᠭᠤᠯ ᠤᠨ ᠴᠢᠮᠡᠭᠡ | ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ | 4.9 ᠮᠡᠳᠡᠭᠡ ᠵᠠᠩᠭᠢ ᠶᠢ ᠨᠡᠪᠲᠡᠷᠡᠭᠦᠯᠦᠨ ᠮᠡᠳᠡᠭᠡᠯᠡᠬᠦ ᠪᠠ ᠨᠡᠶᠢᠲᠡᠯᠡᠬᠦ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ | ᠭᠡᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠡᠷᠡᠭ | ᠶᠠᠪᠤᠳᠠᠯ ᠤᠨ ᠬᠤᠪᠢᠷᠠᠯᠲᠠ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠢ ᠴᠠᠭ | ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠶᠢᠨ ᠬᠠᠮᠲᠤ᠂ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ | ᠪᠠᠶᠢᠭᠤᠯᠤᠨ ᠨᠡᠶᠢᠭᠡᠮ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠨ᠎ᠡ᠃ | 4.10 ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠠᠭᠤᠰᠬᠤ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ | ᠰᠡᠷᠭᠦᠭᠡᠯᠲᠡ ᠶᠢᠨ ᠪᠠᠶᠢᠳᠠᠯ ᠢ ᠦᠨᠳᠦᠰᠦᠯᠡᠨ᠂ ᠴᠠᠭ ᠲᠤ ᠨᠢ ᠲᠣᠬᠢᠷᠠᠭᠤᠯᠤᠨ ᠵᠢᠯᠤᠭᠤᠳᠬᠤ ᠭᠠᠵᠠᠷ ᠲᠤ ᠪᠠᠴᠢᠮ | ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠳᠠᠭᠤᠰᠬᠠᠬᠤ ᠰᠠᠨᠠᠭᠤᠯᠭ᠎ᠠ ᠳᠤᠷᠠᠳᠤᠨ᠎ᠠ᠃ | ᠵᠢᠯᠤᠭᠤᠳᠬᠤ ᠭᠠᠵᠠᠷ ᠠᠴᠠ ᠰᠤᠳᠤᠯᠤᠨ ᠨᠤᠲᠠᠯᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠶᠢ | ᠤᠷᠢᠶᠠᠯᠠᠨ ᠳᠠᠭᠠᠬᠤ ᠠᠵᠢᠯᠯᠠᠭ᠎ᠠ ᠳᠠᠭᠤᠰᠤᠭᠰᠠᠨ ᠢ ᠨᠡᠶᠢᠲᠡᠯᠡᠬᠦ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ | ᠮᠡᠳᠡᠭᠳᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ | ᠳᠠᠭᠠᠬᠤ ᠠᠵᠢᠯᠯᠠᠭ᠎ᠠ ᠪᠠᠨ ᠵᠣᠭᠰᠣᠭᠠᠨ᠎ᠠ᠃ | 5 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ | 5.1 ᠳ᠋ᠦᠩᠨᠡᠯᠲᠡ ᠬᠢᠵᠦ ᠦᠨᠡᠯᠡᠨ ᠵᠢᠱᠢᠬᠦ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠲᠠᠷᠠᠭ᠎ᠠ᠂ | ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠨᠦᠭᠦᠳ ᠭᠡᠨᠡᠳᠲᠡ ᠶᠢᠨ ᠬᠡᠷᠡᠭ ᠶᠠᠪᠤᠳᠠᠯ ᠳᠠᠬᠢ ᠨᠡᠶᠢᠲᠡ ᠣᠯᠠᠨ ᠤ | ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠪᠡᠯᠡᠳᠬᠡᠮᠵᠢ ᠶᠢᠨ ᠬᠤᠬᠢᠷᠠᠯ ᠤᠨ ᠪᠠᠶᠢᠳᠠᠯ ᠢ ᠪᠦᠷᠢᠳᠬᠡᠬᠦ᠂ | ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠵᠦ᠂ ᠪᠠᠲᠤᠯᠠᠭ᠎ᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ | ᠪᠥᠬᠦ ᠲᠠᠯ᠎ᠠ ᠪᠠᠷ ᠭᠦᠨᠵᠡᠭᠡᠢ ᠪᠥᠭᠡᠳ ᠪᠤᠰᠤᠳᠴᠢ ᠲᠥᠪ ᠭᠤᠣᠯᠴᠢ ᠪᠠᠷ ᠪᠠᠶᠢᠴᠠᠭᠠᠯᠲᠠ ᠪᠠ ᠦᠨᠡᠯᠡᠨ ᠵᠢᠱᠢᠯᠲᠡ | ᠬᠢᠵᠦ᠂ ᠳ᠋ᠦᠩᠨᠡᠯᠲᠡ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃ | 5.2 ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ | ︵1︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠶᠠᠪᠤᠳᠠᠯ ᠤᠨ | ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾ ᠤᠨ | ᠱᠠᠭᠠᠷᠳᠠᠯᠭ᠎ᠠ ᠶᠢ ᠬᠡᠷᠡᠭᠵᠢᠭᠦᠯᠦᠨ᠎ᠡ᠃ | ︵2︶ ᠲᠣᠣᠷ ᠰᠦᠯᠵᠢᠶᠡᠨ ᠤ ᠲᠤᠰ ᠪᠡᠶ᠎ᠡ ᠶᠢᠨ ᠰᠠᠭᠠᠳ᠂ ᠵᠣᠷᠢᠭᠤᠳᠠ ᠶᠢᠨ ᠬᠦᠴᠦᠨ ᠵᠦᠢᠯ ᠠᠴᠠ | ᠪᠣᠯᠤᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠰᠢᠢᠳᠪᠦᠷᠢᠯᠡᠯᠲᠡ ᠶᠢᠨ ᠵᠠᠷᠤᠳᠠᠯ ᠢ ᠰᠠᠭᠤᠷᠢ ᠴᠠᠬᠢᠯᠭᠠᠨ | ᠬᠤᠯᠪᠣᠭᠠᠨ ᠤ ᠠᠵᠤ ᠠᠬᠤᠶᠢᠯᠠᠯ ᠠᠴᠠ ᠳᠠᠭᠠᠭᠠᠨ ᠡᠭᠦᠷᠭᠡᠯᠡᠨ᠎ᠡ᠂ ᠬᠡᠷᠪᠡ ᠭᠤᠷᠪᠠᠳᠠᠭᠢ ᠡᠲᠡᠭᠡᠳ ᠤᠨ | ᠬᠠᠷᠢᠭᠤᠴᠠᠯᠭ᠎ᠠ ᠠᠴᠠ ᠪᠣᠯᠤᠭᠰᠠᠨ ᠪᠠᠶᠢᠪᠠᠯ᠂ ᠭᠤᠷᠪᠠᠳᠠᠭᠢ ᠡᠲᠡᠭᠡᠳ ᠠᠴᠠ ᠬᠠᠮᠢᠶ᠎ᠠ ᠪᠦᠬᠦᠢ ᠵᠠᠷᠤᠳᠠᠯ ᠢ ᠳᠠᠭᠠᠭᠠᠨ | ᠡᠭᠦᠷᠭᠡᠯᠡᠬᠦ ᠬᠡᠷᠡᠭᠲᠡᠢ︔ ᠭᠡᠨᠡᠳᠲᠡ ᠶᠢᠨ ᠬᠡᠷᠡᠭ ᠶᠠᠪᠤᠳᠠᠯ ︵ᠵᠢᠱᠢᠶᠡᠯᠡᠪᠡᠯ ᠦᠶᠡᠷ᠂ ᠭᠠᠵᠠᠷ ᠬᠥᠳᠡᠯᠦᠯᠲᠡ ᠵᠡᠷᠭᠡ | ᠭᠠᠢ ᠭᠠᠮᠰᠢᠭ︶ ᠢ ᠰᠢᠢᠳᠪᠦᠷᠢᠯᠡᠭᠰᠡᠨ ᠠᠴᠠ ᠡᠭᠦᠰᠦᠭᠰᠡᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠠᠷᠤᠳᠠᠯ ᠢ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ | ᠃ | ︵3︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠢ | ᠦᠨᠳᠦᠰᠦᠯᠡᠨ᠂ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢ ᠰᠢᠯᠭᠠᠨ | ᠬᠢᠨᠠᠬᠤ ᠳᠤ ᠪᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠰᠲᠠᠢ ᠪᠠᠷ ᠬᠠᠷᠭᠤᠭᠤᠯᠤᠨ ᠬᠠᠰᠤᠨ᠎ᠠ᠃ | 5.3 ᠰᠡᠷᠭᠦᠭᠡᠬᠦ ᠪᠠ ᠲᠠᠬᠢᠨ ᠪᠠᠶᠢᠭᠤᠯᠬᠤ | ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠠᠭᠤᠰᠤᠭᠰᠠᠨ ᠤ | ᠳᠠᠷᠠᠭ᠎ᠠ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠨᠦᠭᠦᠳ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠲᠠᠢ ᠬᠠᠮᠵᠢᠯᠴᠠᠵᠤ ᠪᠠᠶᠢᠭᠠᠳ ᠰᠡᠷᠭᠦᠭᠡᠵᠦ ᠳᠠᠬᠢᠨ | ᠪᠠᠶᠢᠭᠤᠯᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠢ᠃ | ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠵᠢᠴᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ | ᠭᠠᠮᠰᠢᠭ ᠤᠨ ᠳᠠᠷᠠᠭᠠᠬᠢ ᠪᠠᠶᠢᠴᠠᠭᠠᠨ ᠰᠤᠳᠤᠯᠤᠯᠲᠠ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ᠂ ᠴᠢᠮᠡᠭᠡ | ᠬᠤᠯᠪᠣᠭᠠᠨ ᠤ ᠪᠡᠯᠡᠳᠬᠡᠮᠵᠢ ᠶᠢᠨ ᠭᠠᠮᠰᠢᠭ ᠲᠤ ᠳᠠᠭᠠᠷᠢᠭᠳᠠᠵᠤ ᠬᠤᠬᠢᠷᠠᠭᠰᠠᠨ ᠪᠠᠶᠢᠳᠠᠯ ᠳᠤ ᠦᠨᠡᠯᠡᠨ ᠵᠢᠱᠢᠯᠲᠡ | ᠬᠢᠬᠦ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃ | 5.4 ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠨᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠣᠨ ᠬᠤᠪᠢ | ᠬᠥᠮᠥᠨ ᠢ ᠱᠠᠩᠨᠠᠬᠤ ᠬᠡᠷᠡᠭᠲᠡᠢ᠃ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠭᠠᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠤᠬᠠᠢ ᠶᠢᠨ | ᠬᠥᠮᠥᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | 6 ᠪᠠᠲᠤᠯᠠᠭ᠎ᠠ ᠶᠢᠨ ᠠᠷᠭ᠎ᠠ ᠬᠡᠮᠵᠢᠶ᠎ᠡ | 6.1 ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠤᠨ ᠪᠠᠲᠤᠯᠠᠭ᠎ᠠ | ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭᠠᠨ ᠤ ᠵᠢᠯᠣᠭᠤᠳᠤᠨ ᠲᠣᠬᠢᠷᠠᠭᠤᠯᠬᠤ ᠲᠥᠪ ᠨᠢ ᠪᠠᠴᠢᠮ ᠪᠠᠶᠢᠳᠠᠯ ᠢ ᠠᠷᠭᠠᠴᠠᠭᠠᠬᠤ | ᠴᠢᠮᠡᠭᠡ ᠬᠤᠯᠪᠣᠭᠠᠨ ᠤ ᠵᠢᠯᠤᠭᠤᠳᠬᠤ ᠰᠢᠰᠲ᠋ᠧᠮ ᠢ ᠠᠵᠢᠯᠯᠠᠭᠤᠯᠵᠤ ᠪᠠᠲᠤᠯᠠᠬᠤ ᠶᠢ ᠬᠠᠷᠢᠭᠤᠴᠠᠵᠤ᠂ ᠰᠠᠭᠤᠷᠢ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠬᠦᠴᠦᠨ ᠵᠦᠢᠯ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠵᠢᠵᠢᠭᠦᠷᠯᠡᠨ | ᠰᠠᠬᠢᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠪᠠᠴᠢᠮ ᠪᠠᠶᠢᠳᠠᠯ ᠢ ᠠᠷᠭᠠᠴᠠᠭᠠᠨ ᠵᠥᠪᠳᠡᠯᠴᠡᠬᠦ ᠪᠠ ᠵᠢᠯᠣᠭᠤᠳᠤᠨ | ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠵᠠᠳᠠᠯᠤᠯᠲᠠ ᠬᠢᠵᠦ | ᠰᠤᠳᠤᠯᠤᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠦᠴᠦᠨ ᠴᠢᠳᠠᠪᠤᠷᠢ ᠪᠠᠨ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠤᠯᠭᠠᠭᠤᠷᠢᠯᠠᠬᠤ | ᠦᠢᠯᠡᠴᠢᠯᠡᠭᠡ ᠬᠠᠩᠭᠠᠨ᠎ᠠ᠃ | 6.2 ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠶᠢᠨ ᠪᠠᠲᠤᠯᠠᠭ᠎ᠠ | ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠪᠠᠴᠢᠮ ᠪᠠᠶᠢᠳᠠᠯ ᠢ ᠠᠷᠭᠠᠴᠠᠭᠠᠬᠤ | ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭ ᠶᠠᠪᠤᠳᠠᠯ ᠪᠠᠶᠢᠷᠢᠰᠢᠯ ᠳᠤ ᠴᠢᠭᠯᠡᠭᠦᠯᠦᠭᠰᠡᠨ ᠵᠦᠢ | ᠵᠣᠬᠢᠰᠲᠠᠢ ᠲᠣᠬᠢᠷᠠᠭᠤᠯᠤᠯᠲᠠ ᠬᠢᠬᠦ ᠶᠢᠨ ᠬᠠᠮᠲᠤ᠂ ᠵᠣᠬᠢᠬᠤ ᠪᠣᠯᠪᠠᠰᠤᠷᠠᠯ᠂ ᠰᠣᠷᠢᠯᠲᠠ ᠵᠢᠴᠢ ᠬᠢᠨᠠᠨ ᠰᠢᠯᠭᠠᠯᠲᠠ ᠶᠢ | ᠥᠷᠨᠢᠭᠦᠯᠵᠦ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ | ᠪᠣᠯᠣᠨ ᠪᠣᠳᠠᠲᠠᠢ ᠦᠢᠯᠡᠳᠦᠯᠭᠡ ᠶᠢᠨ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠲᠣᠰ ᠤᠨ ᠢᠶᠠᠨ ᠲᠤᠰᠬᠠᠢ ᠮᠡᠷᠭᠡᠵᠢᠯ ᠤᠨ ᠪᠠᠴᠢᠮ | ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ᠂ ᠨᠡᠶᠢᠲᠡ ᠶᠢᠨ ᠬᠡᠷᠡᠭᠯᠡᠭᠡᠨ ᠤ ᠴᠢᠮᠡᠭᠡ | ᠬᠤᠯᠪᠣᠭᠠᠨ ᠤ ᠰᠦᠯᠵᠢᠶ᠎ᠡ ᠶᠢ ᠠᠵᠢᠯᠯᠠᠭᠤᠯᠵᠤ ᠪᠠᠲᠤᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠦᠯᠬᠦᠮ ᠨᠡᠶᠢᠲᠡ | ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠂ | ᠡᠭᠦᠨ ᠳᠤ ᠤᠯᠤᠰ ᠤᠨ ᠨᠢᠭᠡᠳᠦᠭᠡᠷ ᠲᠥᠷᠥᠯ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ | ᠪᠠᠶᠢᠭᠤᠯᠤᠯᠲᠠ ᠶᠢ ᠪᠣᠯ ᠤᠯᠤᠰ ᠤᠨ ᠨᠢᠭᠡᠳᠦᠭᠡᠷ ᠲᠥᠷᠥᠯ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ | 6.3 ᠰᠠᠭᠤᠷᠢ ᠪᠡᠯᠡᠳᠬᠡᠮᠵᠢ ᠵᠢᠴᠢ ᠡᠳ᠋ ᠪᠠᠷᠠᠭᠠᠨ ᠤ ᠪᠠᠲᠤᠯᠠᠭ᠎ᠠ | ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠭᠠᠵᠠᠷ ᠣᠷᠣᠨ ᠤ ᠣᠨᠴᠠᠯᠢᠭ ᠪᠣᠯᠣᠨ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ | ᠴᠢᠮᠡᠭᠡ ᠬᠤᠯᠪᠣᠭᠠᠨ ᠤ ᠪᠠᠲᠤᠯᠠᠭ᠎ᠠ ᠶᠢ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠨ | ᠣᠷᠣᠭᠤᠯᠵᠤ᠂ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠭᠲᠠᠴᠠ | ᠪᠠᠶᠢᠭᠤᠯᠬᠤ ᠶᠢ ᠬᠠᠷᠢᠭᠤᠴᠠᠨ᠎ᠠ᠃ | ᠦᠨᠳᠦᠰᠦᠨ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠪᠠᠭᠲᠠᠭᠠᠭᠰᠠᠨ ᠴᠢᠬᠤᠯᠠ ᠪᠦᠬᠦᠢ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠬᠠᠨᠳᠤᠯᠭᠠᠲᠤ | ᠴᠢᠨᠠᠷ ᠲᠠᠢ ᠪᠠᠷ ᠲᠣᠬᠢᠷᠠᠭᠤᠯᠵᠤ᠂ ᠵᠢᠵᠢᠭ ᠬᠡᠯᠪᠡᠷᠢ ᠶᠢᠨ᠂ ᠳᠥᠭᠦᠮ ᠠᠪᠰᠠᠷ᠂ ᠪᠡᠶ᠎ᠡ ᠪᠠᠨ ᠳᠠᠭᠠᠭᠠᠵᠤ ᠡᠵᠡᠮᠳᠡᠵᠦ | ᠪᠣᠯᠬᠤᠶᠢᠴᠠ ᠳᠠᠭᠠᠭᠤᠯᠢ ᠣᠳᠣᠨ ᠤ ᠴᠢᠮᠡᠭᠡ ᠬᠤᠯᠪᠣᠭᠠᠨ ᠤ ᠲᠥᠬᠦᠭᠡᠷᠦᠮᠵᠢ ᠵᠡᠷᠭᠡ ᠵᠣᠬᠢᠴᠠᠬᠤ ᠴᠢᠨᠠᠷ ᠢᠶᠠᠷ ᠴᠢᠩᠭ᠎ᠠ | ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠲᠣᠬᠢᠷᠠᠭᠤᠯᠬᠤ ᠪᠠᠨ | ᠴᠢᠩᠭᠠᠳᠬᠠᠵᠤ᠂ ᠠᠷᠭ᠎ᠠ ᠪᠠᠷᠢᠯ ᠨᠢ ᠣᠯᠠᠨ ᠶᠠᠩᠵᠤ ᠶᠢᠨ᠂ ᠰᠠᠨᠰᠠᠷ᠂ ᠣᠭᠲᠠᠷᠭᠤᠢ᠂ ᠭᠠᠵᠠᠷ ᠢ ᠨᠢᠭᠡ | ᠴᠣᠭᠴᠠᠵᠢᠭᠤᠯᠤᠭᠰᠠᠨ᠂ ᠲᠦᠷᠭᠡᠨ ᠪᠥᠭᠡᠳ ᠪᠡᠶ᠎ᠡ ᠪᠠᠨ ᠳᠠᠭᠠᠭᠠᠨ ᠲᠣᠣᠷ ᠰᠦᠯᠵᠢᠶᠡᠵᠢᠭᠦᠯᠵᠦ ᠳᠡᠶᠢᠯᠬᠦ ᠪᠠᠴᠢᠮ | ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠰᠢᠷᠢᠰ ᠢ | ᠪᠣᠶ ᠪᠣᠯᠭᠠᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ᠂ | ᠬᠠᠮᠠᠭᠠᠯᠠᠯᠲᠠ ᠪᠠ ᠠᠷᠠᠴᠢᠯᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ | ᠲᠣᠨᠤᠭ ᠲᠥᠬᠦᠭᠡᠷᠦᠮᠵᠢ ᠶᠢ ᠬᠤᠳᠠᠯᠳᠤᠨ ᠠᠪᠬᠤ᠂ ᠰᠢᠯᠵᠢᠭᠦᠯᠦᠨ ᠬᠡᠷᠡᠭᠯᠡᠬᠦ᠂ ᠨᠥᠬᠦᠪᠦᠷᠢᠯᠡᠬᠦ᠂ ᠬᠡᠷᠡᠭᠯᠡᠭᠡᠨ ᠠᠴᠠ | ᠭᠠᠷᠭᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | 6.4 ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ | ᠬᠠᠮᠠᠭᠠᠯᠠᠬᠤ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠤᠰᠬᠠᠢ ᠬᠡᠷᠡᠭᠯᠡᠬᠦ | ᠲᠡᠷᠭᠡ ᠬᠥᠰᠬᠡ ᠳᠤ ᠣᠨᠴᠠ ᠵᠥᠪᠰᠢᠶᠡᠷᠡᠯ ᠤᠨ ᠨᠡᠪᠲᠡᠷᠡᠬᠦ ᠦᠨᠡᠮᠯᠡᠯ ᠲᠣᠬᠢᠷᠠᠭᠤᠯᠤᠨ ᠥᠭᠴᠦ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠲᠡᠷᠭᠡ ᠬᠥᠰᠬᠡ ᠪᠣᠯᠣᠨ ᠣᠩᠭᠤᠴᠠ ᠰᠠᠯ ᠤᠨ ᠤᠷᠢᠳ ᠢᠶᠠᠷ ᠨᠡᠪᠲᠡᠷᠡᠬᠦ ᠶᠢ | ᠪᠠᠲᠤᠯᠠᠬᠤ ᠬᠡᠷᠡᠭᠲᠡᠢ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠢ ᠨᠦᠭᠦᠳ ᠴᠢᠬᠤᠯᠠ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠳᠤ ᠴᠢᠬᠤᠯᠠ ᠪᠦᠬᠦᠢ ᠵᠠᠮ ᠬᠠᠷᠢᠯᠴᠠᠭᠠᠨ ᠤ | ᠨᠡᠪᠲᠡᠷᠡᠯᠭᠡ ᠶᠢᠨ ᠪᠠᠲᠤᠯᠠᠭ᠎ᠠ ᠶᠢ ᠬᠠᠩᠭᠠᠬᠤ ᠶᠢᠨ ᠬᠠᠮᠲᠤ ᠬᠠᠮᠢᠶ᠎ᠠ ᠪᠦᠬᠦᠢ ᠵᠠᠮ ᠬᠠᠷᠢᠯᠴᠠᠭᠠᠨ ᠤ ᠨᠡᠪᠲᠡᠷᠡᠯᠭᠡ ᠶᠢᠨ | ᠵᠠᠷᠤᠳᠠᠯ ᠢ ᠨᠢ ᠬᠠᠰᠤᠵᠤ ᠬᠡᠯᠲᠦᠷᠢᠭᠦᠯᠦᠨ᠎ᠡ᠃ | 6.5 ᠴᠠᠬᠢᠯᠭᠠᠨ ᠬᠦᠴᠦᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ | ᠭᠡᠨᠡᠳᠲᠡ ᠶᠢᠨ ᠬᠡᠷᠡᠭ ᠶᠠᠪᠤᠳᠠᠯ ᠭᠠᠷᠬᠤ ᠦᠶ᠎ᠡ ᠳᠤ᠂ ᠡᠯ᠎ᠡ ᠱᠠᠲᠤᠨ ᠤ ᠡᠨᠧᠷᠭᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠴᠠᠬᠢᠯᠭᠠᠨ ᠬᠦᠴᠦᠨ᠂ ᠲᠣᠰᠣᠯᠢᠭ ᠵᠦᠢᠯ ᠵᠡᠷᠭᠡ ᠦᠢᠯᠡᠳᠪᠦᠷᠢᠯᠡᠯ ᠬᠠᠩᠭᠠᠯᠭ᠎ᠠ ᠶᠢᠨ ᠠᠵᠤ | ᠠᠬᠤᠶᠢᠯᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠶᠢᠭᠠᠳ ᠴᠢᠮᠡᠭᠡ ᠬᠤᠯᠪᠣᠭᠠᠨ ᠤ ᠪᠡᠯᠡᠳᠬᠡᠮᠵᠢ ᠶᠢᠨ | ᠴᠠᠬᠢᠯᠭᠠᠨ ᠬᠠᠩᠭᠠᠬᠤ ᠲᠣᠰᠣ ᠬᠠᠩᠭᠠᠬᠤ ᠵᠡᠷᠭᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ | ᠪᠠᠲᠤᠯᠠᠵᠤ᠂ ᠴᠠᠬᠢᠯᠭᠠᠨ ᠬᠦᠴᠦᠨ᠂ ᠲᠣᠰᠣᠯᠢᠭ ᠵᠦᠢᠯ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠬᠠᠮᠢᠶ᠎ᠠ ᠪᠦᠬᠦᠢ | ᠦᠢᠯᠡᠳᠪᠦᠷᠢᠯᠡᠯ᠂ ᠬᠠᠩᠭᠠᠯᠭ᠎ᠠ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ | ᠬᠤᠯᠪᠣᠭᠠᠨ ᠤ ᠪᠡᠯᠡᠳᠬᠡᠮᠵᠢ ᠶᠢᠨ ᠴᠠᠬᠢᠯᠭᠠᠨ ᠬᠡᠷᠡᠭᠯᠡᠬᠦ᠂ ᠲᠣᠰᠣ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠵᠡᠷᠭᠡ | ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠠᠲᠤᠯᠠᠬᠤ ᠶᠢ ᠬᠠᠷᠢᠭᠤᠴᠠᠵᠤ᠂ ᠴᠢᠮᠡᠭᠡ ᠬᠤᠯᠪᠣᠭᠠᠨ ᠤ ᠭᠤᠣᠯ | ᠵᠠᠩᠭᠢᠯᠠᠭ᠎ᠠ᠂ ᠴᠢᠬᠤᠯᠠ ᠲᠣᠪᠴᠢᠶ᠎ᠠ ᠭᠠᠵᠠᠷ᠂ ᠴᠢᠮᠡᠭᠡ ᠬᠤᠯᠪᠣᠭᠠᠨ ᠤ ᠰᠠᠭᠤᠷᠢ ᠥᠷᠳᠡᠭᠡ ᠵᠡᠷᠭᠡ ᠴᠢᠮᠡᠭᠡ | ᠬᠤᠯᠪᠣᠭᠠᠨ ᠤ ᠪᠡᠯᠡᠳᠬᠡᠮᠵᠢ ᠶᠢᠨ ᠡᠨᠧᠷᠭᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃ | 6.6 ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠯᠭᠡ ᠶᠢᠨ ᠪᠠᠲᠤᠯᠠᠭ᠎ᠠ | ᠬᠡᠷᠡᠭ ᠶᠠᠪᠤᠳᠠᠯ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠢ ᠶᠢᠨ ᠭᠠᠵᠠᠷ ᠤᠨ | ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ | ᠵᠡᠷᠭᠡ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠷᠢᠭᠤᠴᠠᠨ ᠵᠣᠬᠢᠴᠠᠭᠤᠯᠵᠤ᠂ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠲᠠᠯ᠎ᠠ ᠪᠠᠷ ᠬᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ᠂ ᠪᠠᠭᠠᠵᠢ ᠬᠡᠷᠡᠭᠰᠡᠯ | ᠂ ᠠᠵᠢᠯᠲᠠᠨ ᠢ ᠴᠠᠭ ᠲᠤᠬᠠᠢ ᠳᠤ ᠨᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠲᠤᠬᠠᠢ ᠶᠢᠨ ᠲᠠᠯᠠᠪᠤᠷ ᠤᠨ | ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠰᠢᠰᠲ᠋ᠧᠮ ᠤᠨ ᠴᠠᠬᠢᠯᠭᠠᠨ ᠬᠦᠴᠦᠨ᠂ ᠲᠣᠰᠣᠯᠢᠭ | ᠵᠦᠢᠯ ᠤᠨ ᠬᠠᠩᠭᠠᠯᠭ᠎ᠠ ᠶᠢ ᠪᠠᠲᠤᠯᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠲᠤᠬᠠᠢ ᠶᠢᠨ ᠲᠠᠯᠠᠪᠤᠷ ᠲᠤ ᠰᠢᠢᠳᠪᠦᠷᠢᠯᠡᠨ ᠲᠣᠬᠢᠷᠠᠭᠤᠯᠬᠤ ᠠᠵᠢᠯᠲᠠᠨ ᠵᠢᠴᠢ ᠥᠪᠡᠰᠦᠪᠡᠨ ᠪᠡᠯᠡᠳᠬᠡᠭᠰᠡᠨ ᠡᠳ᠋ | ᠪᠠᠷᠠᠭ᠎ᠠ ᠬᠦᠷᠦᠯᠴᠡᠬᠦ ᠦᠭᠡᠢ ᠦᠶ᠎ᠡ ᠳᠤ ᠴᠢᠬᠤᠯᠠ ᠪᠦᠬᠦᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ | ᠬᠠᠩᠭᠠᠬᠤ ᠶᠢ ᠬᠠᠷᠢᠭᠤᠴᠠᠨ᠎ᠠ᠃ | 6.7 ᠪᠡᠯᠡ ᠮᠥᠩᠭᠦ ᠶᠢᠨ ᠪᠠᠲᠤᠯᠠᠭ᠎ᠠ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠴᠢᠮᠡᠭᠡ | ᠬᠤᠯᠪᠣᠭᠠᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰᠬᠠᠢ | ᠵᠦᠢᠯ ᠤᠨ ᠪᠡᠯᠡ ᠮᠥᠩᠭᠦ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠵᠠᠷᠤᠳᠠᠯ ᠤᠨ | ᠪᠠᠲᠤᠯᠠᠭ᠎ᠠ ᠬᠠᠩᠭᠠᠬᠤ ᠬᠡᠷᠡᠭᠲᠡᠢ᠃ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠳ ᠪᠡᠯᠡ ᠮᠥᠩᠭᠦ ᠶᠢ | ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ | ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | 7 ᠳᠠᠭᠠᠯᠳᠤᠭᠤᠯᠤᠯ ᠳᠦᠷᠢᠮ | 7.1 ᠲᠠᠶᠢᠯᠪᠤᠷᠢ ᠬᠢᠭᠡᠳ ᠲᠣᠳᠣᠷᠬᠠᠶᠢᠯᠠᠯᠲᠠ | ︵1︶ ᠥᠪᠡᠷᠲᠡᠭᠡᠨ ᠵᠠᠰᠠᠬᠤ ᠣᠷᠣᠨ ᠤ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠭᠡᠳᠡᠭ ᠨᠢ | ᠳᠤᠮᠳᠠᠳᠤ ᠤᠯᠤᠰ ᠤᠨ ᠬᠠᠮᠲᠤᠷᠠᠭᠰᠠᠨ ᠲᠣᠣᠷ ᠰᠦᠯᠵᠢᠶᠡᠨ ᠤ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ | ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ | ᠴᠠᠬᠢᠯᠭᠠᠨ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ | ᠳᠤᠮᠳᠠᠳᠤ ᠤᠯᠤᠰ ᠤᠨ ᠲᠢᠶᠧ ᠲᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠲᠣᠣᠷ ᠰᠦᠯᠵᠢᠶᠡᠨ ᠤ | ᠬᠢᠵᠠᠭᠠᠷᠲᠤ ᠺᠣᠮᠫᠠᠨᠢ ᠶᠢ ᠵᠢᠭᠠᠵᠤ ᠪᠤᠢ᠃ | ︵2︶ ᠣᠨᠴᠠ ᠬᠦᠨᠳᠦ ᠶᠡᠭᠡ ᠭᠡᠨᠡᠳᠡᠯ ᠭᠡᠵᠦ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ | ᠨᠡᠶᠢᠴᠡᠭᠰᠡᠨ ᠪᠠᠶᠢᠳᠠᠯ ᠢ ᠵᠢᠭᠠᠵᠤ ᠪᠠᠶᠢᠨ᠎ᠠ᠄ | ① 3 ᠠᠴᠠ ᠳᠡᠭᠡᠭᠰᠢᠬᠢ ᠤᠯᠤᠰ ᠤᠨ ᠬᠤᠭᠤᠷᠣᠨᠳᠣᠬᠢ ᠴᠢᠮᠡᠭᠡ ᠬᠤᠯᠪᠣᠭᠠᠨ ᠤ ᠬᠠᠭᠤᠷᠠᠢ ᠲᠡᠯᠡᠢ ᠶᠢᠨ | ᠭᠡᠷᠡᠯᠯᠢᠭ ︵ᠴᠠᠬᠢᠯᠭᠠᠨ︶ ᠳᠡᠭᠡᠰᠦ ᠲᠠᠰᠤᠷᠠᠭᠰᠠᠨ᠂ ᠡᠰᠡᠬᠦᠯ᠎ᠡ ᠶᠠᠮᠠᠷ ᠨᠢᠭᠡᠨ ᠤᠯᠤᠰ ᠲᠤ ᠨᠡᠪᠲᠡᠷᠡᠬᠦ ᠤᠯᠤᠰ ᠤᠨ | ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 1 | ᠴᠠᠭ ᠠᠴᠠ ᠬᠡᠲᠦᠷᠡᠭᠰᠡᠨ︔ | ② 5 ᠠᠴᠠ ᠳᠡᠭᠡᠭᠰᠢᠬᠢ ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ | ᠦᠷᠭᠦᠯᠵᠢᠯᠡᠨ 1 ᠴᠠᠭ ᠠᠴᠠ ᠬᠡᠲᠦᠷᠡᠭᠰᠡᠨ︔ | ③ ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ | ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ | ᠦᠷᠭᠦᠯᠵᠢᠯᠡᠨ 5 ᠴᠠᠭ ᠠᠴᠠ ᠬᠡᠲᠦᠷᠡᠭᠰᠡᠨ︔ | ④ ᠮᠤᠵᠢ ᠶᠢᠨ ᠬᠤᠭᠤᠷᠣᠨᠳᠣᠬᠢ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠪᠠᠶᠢᠷᠢ ᠨᠢ | ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 2 ᠴᠠᠭ ᠠᠴᠠ ᠬᠡᠲᠦᠷᠡᠭᠰᠡᠨ︔ | ⑤ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 50 ᠲᠦᠮᠡ ᠠᠴᠠ ᠳᠠᠪᠠᠭᠰᠠᠨ | ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔ | ⑥ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 50 ᠲᠦᠮᠡ ᠠᠴᠠ ᠳᠠᠪᠠᠭᠰᠠᠨ | ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔ | ⑦ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ | ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 5 | ᠴᠠᠭ ᠠᠴᠠ ᠬᠡᠲᠦᠷᠡᠭᠰᠡᠨ︔ | ⑧ ᠮᠤᠵᠢ ᠶᠢᠨ ᠱᠠᠲᠤᠨ ᠠᠴᠠ ᠳᠡᠭᠡᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ ᠤᠯᠤᠰ ᠤᠨ | ᠠᠵᠤ ᠠᠬᠤᠢ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠲᠠᠢ ᠰᠢᠭᠤᠳ ᠬᠤᠯᠪᠣᠭᠳᠠᠬᠤ | ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠴᠢᠮᠡᠭᠡ ᠬᠤᠯᠪᠣᠭ᠎ᠠ ᠲᠠᠰᠤᠷᠠᠭᠰᠠᠨ᠃ | | ︵3︶ ᠬᠦᠨᠳᠦ ᠶᠡᠭᠡ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ | ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄ | ①1 ᠠᠴᠠ ᠳᠡᠭᠡᠭᠰᠢᠬᠢ ᠤᠯᠤᠰ ᠤᠨ ᠬᠤᠭᠤᠷᠣᠨᠳᠣᠬᠢ ᠴᠢᠮᠡᠭᠡ ᠬᠤᠯᠪᠣᠭᠠᠨ ᠤ ᠬᠠᠭᠤᠷᠠᠢ ᠲᠡᠯᠡᠢ ᠶᠢᠨ ᠭᠡᠷᠡᠯᠯᠢᠭ | ︵ᠴᠠᠬᠢᠯᠭᠠᠨ︶ ᠲᠠᠲᠠᠯᠭ᠎ᠠ ᠲᠠᠰᠤᠷᠠᠭᠰᠠᠨ︔ | ② ᠨᠢᠭᠡ ᠠᠴᠠ ᠳᠡᠭᠡᠭᠰᠢᠬᠢ ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ | ᠦᠷᠭᠦᠯᠵᠢᠯᠡᠨ 1 ᠴᠠᠭ ᠠᠴᠠ ᠬᠡᠲᠦᠷᠡᠭᠰᠡᠨ︔ | ③ ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ | ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ | ᠦᠷᠭᠦᠯᠵᠢᠯᠡᠨ 2 ᠴᠠᠭ ᠠᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ ᠨᠢ 5 ᠲᠦᠮᠡ ︵ᠬᠡᠷᠡᠭᠯᠡᠭᠴᠢ | × × ᠴᠠᠭ︶ ᠠᠴᠠ ᠳᠡᠭᠡᠭᠰᠢ ᠪᠣᠯᠤᠭᠰᠠᠨ︔ | ④ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠠᠳ 1 | ᠴᠠᠭ ᠠᠴᠠ ᠬᠡᠲᠦᠷᠡᠭᠰᠡᠨ︔ | ⑤ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 10 ᠲᠦᠮᠡ ᠠᠴᠠ ᠳᠠᠪᠠᠭᠰᠠᠨ | ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔ | ⑥ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 10 ᠲᠦᠮᠡ ᠠᠴᠠ ᠳᠠᠪᠠᠭᠰᠠᠨ | ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔ | ⑦ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ | ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 1 | ᠴᠠᠭ ᠠᠴᠠ ᠬᠡᠲᠦᠷᠡᠭᠰᠡᠨ︔ | ⑧ ᠠᠶᠢᠮᠠᠭ ᠬᠤᠲᠠ ᠶᠢᠨ ᠱᠠᠲᠤᠨ ᠠᠴᠠ ᠳᠡᠭᠡᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ | ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠳᠤ ᠰᠢᠭᠤᠳ | ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠴᠢᠮᠡᠭᠡ ᠬᠤᠯᠪᠣᠭ᠎ᠠ | ᠲᠠᠰᠤᠷᠠᠭᠰᠠᠨ︔ | ⑨ ᠴᠢᠬᠤᠯᠠ ᠶᠡᠭᠡ ᠨᠥᠯᠥᠭᠡ ᠲᠠᠢ ᠬᠤᠷᠠᠯ ᠪᠣᠯᠣᠨ ᠠᠵᠢᠯᠯᠠᠭ᠎ᠠ ᠶᠢᠨ ᠬᠤᠭᠤᠴᠠᠭᠠᠨ ᠳᠤ ᠬᠠᠮᠢᠶ᠎ᠠ ᠪᠦᠬᠦᠢ | ᠴᠢᠮᠡᠭᠡ ᠬᠤᠯᠪᠣᠭ᠎ᠠ ᠲᠠᠰᠤᠷᠠᠭᠰᠠᠨ᠃ | ︵4︶ ᠨᠡᠯᠢᠶᠡᠳ ᠶᠡᠭᠡ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ | ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ᠂ ᠬᠦᠨᠳᠦ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄ | ① ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ 20 ᠮᠢᠨᠦ᠋ᠲ ᠠᠴᠠ | ᠬᠡᠲᠦᠷᠡᠭᠰᠡᠨ︔ | ② ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ | ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ | 20 ᠮᠢᠨᠦ᠋ᠲ ᠠᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ ᠨᠢ 1 ᠲᠦᠮᠡ ︵ᠬᠡᠷᠡᠭᠯᠡᠭᠴᠢ × × | ᠴᠠᠭ︶ ᠠᠴᠠ ᠳᠡᠭᠡᠭᠰᠢ ᠪᠣᠯᠤᠭᠰᠠᠨ︔ | ③ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠠᠳ | ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ︔ | ④ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 3 ᠲᠦᠮᠡ ᠠᠴᠠ ᠳᠠᠪᠠᠭᠰᠠᠨ ᠡᠷᠦᠬᠡ ᠶᠢ | ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ︔ | ⑤ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 3 ᠲᠦᠮᠡ ᠠᠴᠠ ᠳᠠᠪᠠᠭᠰᠠᠨ ᠡᠷᠦᠬᠡ ᠶᠢ | ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ︔ | ⑥ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ | ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 20 | ᠮᠢᠨᠦ᠋ᠲ ᠠᠴᠠ ᠬᠡᠲᠦᠷᠡᠭᠰᠡᠨ︔ | ⑦ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ | ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠳᠤ ᠰᠢᠭᠤᠳ | ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠴᠢᠮᠡᠭᠡ ᠬᠤᠯᠪᠣᠭ᠎ᠠ | ᠲᠠᠰᠤᠷᠠᠭᠰᠠᠨ᠃ | ︵5︶ ᠡᠩ ᠤᠨ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ | ᠮᠥᠷᠲᠡᠭᠡᠨ ᠣᠨᠴᠠ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ | ᠄ | ① ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠬᠤᠯᠪᠣᠭ᠎ᠠ ᠲᠠᠰᠤᠷᠠᠭᠰᠠᠨ︔ | ② ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ | ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠪᠦᠬᠦᠨ ᠢᠶᠠᠷ ᠢᠶᠠᠨ ᠲᠠᠰᠤᠷᠠᠭᠰᠠᠨ︔ | ③ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠰᠠᠨ︔ | ④ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠤᠨ ᠨᠥᠯᠥᠭᠡ ᠨᠢ ᠲᠦᠮᠡᠨ ᠡᠷᠦᠬᠡ ᠠᠴᠠ | ᠬᠡᠲᠦᠷᠡᠭᠰᠡᠨ︔ | ⑤ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠤᠨ ᠨᠥᠯᠥᠭᠡ ᠨᠢ ᠲᠦᠮᠡᠨ ᠡᠷᠦᠬᠡ ᠠᠴᠠ | ᠬᠡᠲᠦᠷᠡᠭᠰᠡᠨ︔ | ⑥ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ | ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ᠃ | ︽ᠣᠨᠴᠠ ᠬᠦᠨᠳᠦ ᠶᠡᠭᠡ ᠭᠡᠨᠡᠳᠡᠯ᠂ ᠬᠦᠨᠳᠦ ᠶᠡᠭᠡ ᠭᠡᠨᠡᠳᠡᠯ᠂ ᠨᠡᠯᠢᠶᠡᠳ ᠶᠡᠭᠡ ᠭᠡᠨᠡᠳᠡᠯ᠂ ᠡᠩ ᠤᠨ ᠭᠡᠨᠡᠳᠡᠯ︾ | ᠢ ᠲᠣᠭᠲᠠᠭᠠᠬᠤ ᠪᠠᠷᠢᠮᠵᠢᠶ᠎ᠠ ᠶᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠠᠴᠠ | ᠬᠤᠪᠢᠶᠠᠷᠢᠯᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠬᠢᠷᠠᠭᠤᠯᠤᠨ᠎ᠠ᠂ ᠡᠭᠦᠨ ᠳᠤ ᠬᠡᠯᠡᠵᠦ | ᠪᠠᠶᠢᠭ᠎ᠠ ︽ᠳᠡᠭᠡᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠨ᠎ᠠ᠂ ᠬᠡᠯᠡᠵᠦ ᠪᠠᠶᠢᠭ᠎ᠠ ︽ᠳᠣᠷᠣᠭᠰᠢ︾ | ᠭᠡᠳᠡᠭ ᠲᠤ ᠲᠤᠰ ᠲᠤᠭ᠎ᠠ ᠶᠢ ᠪᠠᠭᠲᠠᠭᠠᠬᠤ ᠦᠭᠡᠢ᠃ | 7.2 ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ | ᠲᠣᠰ ᠪᠡᠯᠡᠳᠬᠡᠯ ᠲᠥᠰᠥᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ | ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠲᠠᠢ | ᠬᠠᠮᠲᠤᠷᠠᠨ ᠴᠠᠭ ᠲᠤ ᠨᠢ ᠲᠣᠬᠢᠷᠠᠭᠤᠯᠤᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ | 7.3 ᠤᠬᠠᠭᠤᠯᠬᠤ᠂ ᠪᠣᠯᠪᠠᠰᠤᠷᠠᠯ ᠬᠦᠷᠲᠡᠭᠡᠬᠦ ᠪᠠ ᠰᠣᠷᠢᠯᠲᠠ ᠬᠢᠬᠦ | ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭ᠎ᠠ ᠪᠠᠨ | ᠴᠢᠩᠭᠠᠷᠠᠭᠤᠯᠵᠤ᠂ ᠵᠢᠩᠬᠢᠨᠢ ᠪᠠᠶᠢᠯᠳᠤᠭᠠᠨ ᠳᠤ ᠰᠠᠭᠤᠷᠢᠯᠠᠨ᠂ ᠴᠢᠮᠡᠭᠡ ᠬᠤᠯᠪᠣᠭᠠᠨ ᠤ ᠭᠡᠨᠡᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠶᠢ 3 ᠵᠢᠯ ᠳᠤ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠵᠣᠬᠢᠶᠠᠨ ᠪᠠᠶᠢᠭᠤᠯᠤᠨ | ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠶᠢ ᠰᠠᠶᠢᠨ ᠮᠡᠳᠡᠵᠦ᠂ ᠪᠠᠴᠢᠮ ᠪᠠᠶᠢᠳᠠᠯ ᠢ ᠠᠷᠭᠠᠴᠠᠭᠠᠬᠤ | ᠲᠣᠭᠲᠠᠴᠠ ᠶᠢ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠪᠠᠨ ᠳᠠᠪᠲᠠᠨ | ᠪᠣᠯᠪᠠᠰᠤᠷᠠᠭᠤᠯᠵᠤ᠂ ᠤᠷᠢᠶᠠᠯᠠᠨ ᠳᠠᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠬᠠᠮᠲᠤ ᠪᠡᠯᠡᠳᠬᠡᠯ | ᠲᠥᠰᠥᠯ ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠳᠤ ᠦᠨᠳᠦᠰᠦᠯᠡᠯ ᠬᠠᠩᠭᠠᠬᠤ ᠬᠡᠷᠡᠭᠲᠡᠢ᠃ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠴᠢᠮᠡᠭᠡ ᠬᠤᠯᠪᠣᠭᠠᠨ ᠤ ᠰᠠᠭᠤᠷᠢ | ᠪᠡᠯᠡᠳᠬᠡᠮᠵᠢ ᠶᠢᠨ ᠬᠠᠮᠠᠭᠠᠯᠠᠯᠲᠠ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠥᠬᠦ | ᠠᠵᠢᠯᠲᠠᠨ ᠤ ᠪᠠᠨ ᠠᠮᠤᠷ ᠲᠦᠪᠰᠢᠨ ᠤ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠪᠠᠴᠢᠮ ᠪᠠᠶᠢᠳᠠᠯ ᠢ | ᠠᠷᠭᠠᠴᠠᠭᠠᠬᠤ ᠡᠩᠨᠡᠭᠡ ᠶᠢᠨ ᠪᠣᠯᠪᠠᠰᠤᠷᠠᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | 7.4 ᠪᠡᠯᠡᠳᠬᠡᠯ ᠲᠥᠰᠥᠯ ᠢ ᠬᠡᠷᠡᠭᠵᠢᠭᠦᠯᠬᠦ | ᠲᠤᠰ ᠪᠡᠯᠡᠳᠬᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |