ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠵᠠᠷᠯᠢᠭ | 261 ᠳ᠋ᠦ᠋ᠭᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠭᠡᠷᠡᠴᠢ | ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ 2023 ᠣᠨ ᠤ 10 ᠳ᠋ᠤᠭᠠᠷ ᠰᠠᠷ᠎ᠠ ᠶᠢᠨ 10 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2023 ᠣᠨ ᠤ 12 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2023 ᠣᠨ ᠤ 10 ᠳ᠋ᠤᠭᠠᠷ ᠰᠠᠷ᠎ᠠ ᠶᠢᠨ 23 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠭᠡᠷᠡᠴᠢ | ᠲᠡᠮᠳᠡᠭ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢ | ᠴᠢᠩᠭᠠᠳᠬᠠᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ | ᠬᠡᠷᠡᠭᠯᠡᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠭᠤᠶᠤᠴᠢᠯᠠᠨ | ᠠᠪᠬᠤ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ | ᠶᠣᠰᠣᠭᠠᠷ ᠭᠦᠢᠴᠡᠳᠭᠡᠨ᠎ᠡ᠃ | ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ | ᠲᠡᠮᠳᠡᠭ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ | ᠦᠢᠯᠡᠳᠦᠨ ᠲᠠᠷᠬᠠᠭᠠᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠯᠠᠭ᠎ᠠ ᠬᠡᠷᠡᠭᠵᠢᠭᠦᠯᠬᠦ ᠬᠢᠷᠢ ᠭᠡᠮ ᠪᠠᠶᠢᠬᠤ ᠶᠢ ᠭᠡᠷᠡᠴᠢᠯᠡᠬᠦ ᠭᠡᠷᠡᠴᠢ ᠲᠡᠮᠳᠡᠭ ᠢ ᠵᠢᠭᠠᠵᠤ ᠪᠣᠢ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ | ᠲᠡᠮᠳᠡᠭ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠪᠠᠭᠲᠠᠨ᠎ᠠ᠃ | ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ᠂ ᠬᠠᠤᠯᠢ | ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢᠶᠠᠨ ᠬᠡᠷᠡᠭᠵᠢᠭᠦᠯᠬᠦ ᠵᠠᠰᠠᠭ ᠵᠠᠬᠢᠷᠭᠠᠨ ᠤ | ᠪᠠᠶᠢᠭᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ | ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ᠂ ᠬᠠᠤᠯᠢ ᠶᠣᠰᠣᠭᠠᠷ ᠨᠠᠶᠢᠳᠠᠯᠭ᠎ᠠ | ᠬᠦᠯᠢᠶᠡᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ | ᠪᠠᠭᠲᠠᠨ᠎ᠠ᠃ | ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ | ᠣᠯᠣᠭᠰᠠᠨ ᠪᠠᠶᠢᠬᠤ ᠬᠡᠷᠡᠭᠲᠡᠢ᠃ | ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ | ᠨᠢᠭᠡᠳᠦᠯᠲᠡᠢ ᠵᠣᠬᠢᠶᠠᠨ ᠪᠠᠶᠢᠭᠤᠯᠬᠤ᠂ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠬᠤ᠂ ᠱᠠᠲᠤ ᠬᠤᠪᠢᠶᠠᠨ ᠬᠢᠨᠠᠯᠲᠠ | ᠲᠠᠯᠪᠢᠬᠤ ᠵᠠᠷᠴᠢᠮ ᠢ ᠪᠠᠷᠢᠮᠲᠠᠯᠠᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ | ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠦᠢᠯᠡᠳᠬᠦ ᠳᠤ ᠬᠡᠷᠡᠭᠰᠡᠬᠦ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠲᠤ | ᠣᠷᠣᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ᠂ ᠰᠢᠯᠭᠠᠯᠲᠠ | ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠬᠡᠷᠡᠭᠰᠡᠬᠦ ᠵᠠᠷᠤᠳᠠᠯ ᠢ | ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ | ᠲᠡᠮᠳᠡᠭ ᠤᠨ ᠬᠠᠮᠢᠶᠠᠷᠤᠯᠲᠠ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ | ᠭᠡᠷᠡᠴᠢᠯᠡᠬᠦ ᠪᠣᠯᠪᠠᠰᠤᠷᠠᠯ᠂ ᠰᠢᠯᠭᠠᠯᠲᠠ ᠪᠠ ᠪᠥᠬᠦ ᠣᠷᠣᠨ ᠤ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠭᠡᠷᠡᠴᠢ | ᠲᠡᠮᠳᠡᠭ ᠤᠨ ᠬᠠᠷᠭᠤᠭᠤᠯᠤᠨ ᠲᠠᠷᠬᠠᠭᠠᠬᠤ᠂ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ᠎ᠠ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠵᠢᠭᠠᠨ ᠵᠢᠯᠣᠭᠤᠳᠤᠯᠭ᠎ᠠ ᠬᠢᠬᠦ ᠪᠠ | ᠬᠢᠨᠠᠯᠲᠠ ᠲᠠᠯᠪᠢᠬᠤ ᠶᠢ ᠬᠠᠷᠢᠭᠤᠴᠠᠵᠤ᠂ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ | ᠭᠡᠷᠡᠴᠢᠯᠡᠬᠦ ᠪᠣᠯᠪᠠᠰᠤᠷᠠᠯ᠂ ᠰᠢᠯᠭᠠᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠠᠩᠬ᠎ᠠ | ᠬᠠᠷᠭᠤᠭᠤᠯᠬᠤ᠂ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ᠎ᠠ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠢᠷᠢ ᠭᠡᠮ ᠢ ᠭᠡᠷᠡᠴᠢᠯᠡᠬᠦ ᠪᠣᠯᠪᠠᠰᠤᠷᠠᠯ᠂ ᠰᠢᠯᠭᠠᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ | ᠲᠡᠮᠳᠡᠭ ᠤᠨ ᠠᠩᠬ᠎ᠠ ᠬᠠᠷᠭᠤᠭᠤᠯᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠲᠣᠰ ᠨᠢᠭᠡᠴᠢ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ | ᠭᠡᠮ ᠢ ᠬᠢᠨᠠᠨ ᠪᠠᠶᠢᠴᠠᠭᠠᠬᠤ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠭᠤᠶᠤᠴᠢᠯᠠᠨ | ᠠᠪᠬᠤ᠂ ᠲᠠᠷᠬᠠᠭᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠥᠬᠦ ᠣᠷᠣᠨ ᠤ ᠨᠢᠭᠡᠳᠦᠯᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠡᠷᠡᠴᠢ ᠲᠡᠮᠳᠡᠭ ᠤᠨ ᠪᠥᠬᠦ ᠴᠤᠪᠤᠷᠠᠯ ᠢᠶᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠦᠨ᠎ᠡ᠃ | | ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠷᠯᠠᠨ ᠨᠡᠶᠢᠲᠡᠯᠡᠬᠦ | ᠲᠠᠪᠴᠠᠩ ᠢᠶᠠᠷ ᠳᠠᠮᠵᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠮᠡᠳᠡᠭᠡ ᠵᠠᠩᠬᠢ ᠶᠢ ᠵᠠᠷᠯᠠᠨ | ᠨᠡᠶᠢᠲᠡᠯᠡᠵᠦ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠡᠢ᠃ ᠤᠯᠤᠰ ᠤᠨ ᠨᠢᠭᠤᠴᠠ ᠲᠠᠢ ᠬᠤᠯᠪᠣᠭᠳᠠᠬᠤ ᠮᠡᠳᠡᠭᠡ ᠵᠠᠩᠬᠢ ᠶᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠠᠮᠢᠶᠠᠷᠤᠨ᠎ᠠ᠃ | ᠠᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠭᠤᠶᠤᠴᠢᠯᠠᠨ ᠠᠪᠬᠤ | ᠠᠵᠢᠯᠲᠠᠨ ᠨᠢ ᠳᠣᠣᠷᠠᠬᠢ ᠨᠦᠭᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠦ᠂ ᠤᠯᠤᠰ ᠲᠥᠷᠥ ᠶᠢᠨ ᠬᠡᠪ | ᠴᠢᠨᠠᠷ ᠪᠠ ᠶᠣᠰᠣ ᠰᠤᠷᠲᠠᠬᠤᠨ ᠵᠠᠩ ᠮᠣᠷᠠᠯ ᠰᠠᠶᠢᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ | ᠠᠷᠢᠭᠤᠨ ᠴᠢᠭᠡᠴᠢ᠂ ᠲᠥᠪ ᠭᠤᠣᠯᠴᠢ ᠪᠠᠶᠢᠬᠤ ᠬᠡᠷᠡᠭᠲᠡᠢ︔ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠣᠷᠣᠨ ᠲᠤᠭ᠎ᠠ ᠠᠵᠢᠯ ᠤᠨ | ᠪᠠᠶᠢᠷᠢ ᠳᠤ ᠪᠠᠶᠢᠬᠤ ᠠᠵᠢᠯᠲᠠᠨ︔ | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ ᠢ ᠬᠦᠷᠲᠡᠭᠰᠡᠨ | ᠮᠥᠷᠲᠡᠭᠡᠨ ᠰᠢᠯᠭᠠᠯᠲᠠ ᠳᠤ ᠬᠢᠷᠢ ᠲᠡᠩᠴᠡᠭᠰᠡᠨ︔ | ︵ᠳᠥᠷᠪᠡ︶ ᠡᠭᠦᠷᠭᠡ ᠬᠠᠷᠢᠭᠤᠴᠠᠯᠭ᠎ᠠ ᠪᠠᠨ ᠬᠡᠪ ᠢᠶᠠᠷ ᠭᠦᠢᠴᠡᠳᠭᠡᠬᠦ ᠪᠡᠶ᠎ᠡ ᠮᠠᠬᠠᠪᠤᠳ ᠤᠨ ᠨᠦᠭᠦᠴᠡᠯ ᠲᠠᠢ | ᠪᠠᠶᠢᠬᠤ ᠬᠡᠷᠡᠭᠲᠡᠢ᠃ | ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠢ ᠣᠯᠣᠭᠰᠠᠨ ᠠᠵᠢᠯᠲᠠᠨ ᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠰᠢᠯᠭᠠᠯᠲᠠ ᠠᠴᠠ ᠬᠡᠯᠲᠦᠷᠢᠭᠦᠯᠵᠦ ᠪᠣᠯᠣᠨ᠎ᠠ᠃ | ᠠᠷᠪᠠᠨ ᠨᠢᠭᠡᠳᠦᠭᠡᠷ ᠵᠦᠢᠯ ᠳᠣᠣᠷᠠᠬᠢ ᠠᠵᠢᠯᠲᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ | ᠭᠡᠷᠡᠴᠢᠯᠡᠬᠦ ᠪᠣᠯᠪᠠᠰᠤᠷᠠᠯ ᠢ ᠥᠩᠭᠡᠷᠡᠭᠡᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠭᠡᠷᠡᠴᠢ ᠲᠡᠮᠳᠡᠭ ᠢ ᠭᠤᠶᠤᠴᠢᠯᠠᠨ ᠠᠪᠴᠤ ᠪᠣᠯᠣᠨ᠎ᠠ᠄ | ︵ᠨᠢᠭᠡ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ︔ | | ︵ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠬᠢᠵᠦ ᠪᠠᠶᠢᠭ᠎ᠠ ᠣᠷᠣᠨ ᠲᠤᠭ᠎ᠠ ᠠᠵᠢᠯ ᠤᠨ ᠪᠠᠶᠢᠷᠢ ᠳᠤ ᠪᠠᠶᠢᠬᠤ | ᠠᠵᠢᠯᠲᠠᠨ︔ | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠪᠠ ᠬᠠᠤᠯᠢ | ᠳᠦᠷᠢᠮ ᠤᠨ ᠠᠵᠢᠯ ᠢ ᠬᠢᠵᠦ ᠪᠠᠶᠢᠭ᠎ᠠ ᠣᠷᠣᠨ ᠲᠤᠭ᠎ᠠ ᠠᠵᠢᠯ ᠤᠨ ᠪᠠᠶᠢᠷᠢ ᠳᠤ ᠪᠠᠶᠢᠬᠤ ᠠᠵᠢᠯᠲᠠᠨ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠨ ᠠᠪᠴᠤ ᠪᠣᠯᠬᠤ ᠪᠤᠰᠤᠳ ᠠᠵᠢᠯᠲᠠᠨ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠬᠤ ᠪᠠᠷ ᠪᠠᠶᠢᠭ᠎ᠠ | ᠠᠵᠢᠯᠲᠠᠨ ᠵᠡᠷᠭᠡ ᠳᠤ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ ᠪᠠᠷ ᠭᠤᠶᠤᠴᠢᠯᠠᠵᠤ | ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ | ᠨᠢᠭᠡᠳᠦᠯᠲᠡᠢ ᠭᠤᠶᠤᠴᠢᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠠᠳᠠᠯᠢ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢᠨ ᠬᠠᠮᠲᠤ᠂ ᠮᠠᠲ᠋ᠧᠷᠢᠶᠠᠯ ᠤᠨ ᠦᠨᠡᠨ ᠪᠣᠳᠠᠲᠤ | ᠴᠢᠨᠠᠷ ᠲᠤ ᠬᠠᠷᠢᠭᠤᠴᠠᠬᠤ ᠬᠡᠷᠡᠭᠲᠡᠢ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ ᠪᠠᠷ ᠭᠤᠶᠤᠴᠢᠯᠬᠤ ᠳᠤ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠠᠷᠭ᠎ᠠ ᠶᠢᠨ ᠠᠷᠪᠠᠳᠤᠭᠠᠷ | ᠵᠦᠢᠯ ᠪᠠ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠶᠢᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠬᠠᠷᠭᠤᠭᠤᠯᠤᠨ | ᠲᠠᠷᠬᠠᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠲᠤ ᠳᠣᠣᠷᠠᠬᠢ ᠮᠡᠳᠡᠭᠡ | ᠵᠠᠩᠬᠢ ᠪᠠᠭᠲᠠᠬᠤ ᠬᠡᠷᠡᠭᠲᠡᠢ᠄ | ︵ᠨᠢᠭᠡ︶ ᠭᠡᠷᠡᠴᠢ ᠲᠡᠮᠳᠡᠭ ᠡᠵᠡᠮᠰᠢᠭᠴᠢ ᠶᠢᠨ ᠨᠡᠷ᠎ᠡ ᠠᠯᠳᠠᠷ᠂ ᠰᠡᠭᠦᠳᠡᠷ ᠪᠠ ᠬᠤᠶᠠᠷ ᠬᠡᠮᠵᠢᠯᠲᠦ ᠺᠣᠳ᠋︔ | ︵ᠬᠤᠶᠠᠷ︶ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠨᠡᠷᠡᠶᠢᠳᠦᠯ ᠪᠠ | ᠬᠠᠤᠯᠢ ᠬᠡᠷᠡᠭᠵᠢᠭᠦᠯᠬᠦ ᠲᠥᠷᠥᠯ ᠵᠦᠢᠯ︔ | ︵ᠭᠤᠷᠪᠠ︶ ᠨᠣᠮᠧᠷ ᠳ᠋ᠤᠭᠠᠷ᠂ ᠬᠦᠴᠦᠨ ᠲᠠᠢ ᠬᠤᠭᠤᠴᠠᠭ᠎ᠠ ᠪᠠ ᠦᠢᠯᠡᠳᠦᠨ ᠲᠠᠷᠬᠠᠭᠠᠭᠰᠠᠨ ᠪᠠᠶᠢᠭᠤᠯᠭ᠎ᠠ᠃ | ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠬᠡᠷᠡᠭᠵᠢᠭᠦᠯᠬᠦ ᠳᠤ᠂ ᠰᠠᠨᠠᠭᠠᠴᠢᠯᠠᠭ᠎ᠠ ᠠᠴᠠ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ | ᠭᠠᠷᠭᠠᠵᠤ ᠦᠵᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠭᠠᠷᠭᠠᠵᠤ | ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ᠂ ᠣᠷᠣᠨ ᠪᠦᠰᠡ ᠶᠢᠨ | ᠬᠡᠪᠴᠢᠶᠡᠨ ᠠᠴᠠ ᠪᠠᠨ ᠳᠠᠪᠠᠵᠤ ᠬᠠᠤᠯᠢ ᠬᠡᠷᠡᠭᠵᠢᠭᠦᠯᠪᠡᠯ᠂ ᠲᠤᠬᠠᠢ ᠶᠢᠨ ᠬᠥᠮᠥᠨ ᠲᠡᠭᠦᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠲᠡᠪᠴᠢᠬᠦ ᠡᠷᠬᠡ ᠲᠠᠢ᠃ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ | ᠬᠠᠮᠢᠶᠠᠷᠤᠯᠲᠠ ᠶᠢᠨ ᠲᠠᠪᠴᠠᠩ ᠳᠤ ᠪᠦᠷᠢᠯᠳᠦᠭᠰᠡᠨ ᠡᠯᠧᠺᠳ᠋ᠷᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ | ᠲᠡᠮᠳᠡᠭ ᠨᠢ ᠪᠣᠳᠠᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠯᠦᠭᠡ ᠠᠳᠠᠯᠢᠬᠠᠨ ᠦᠢᠯᠡᠳᠦᠯ | ᠬᠦᠴᠦᠨ ᠲᠠᠢ᠃ | ᠠᠷᠪᠠᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠡᠷᠡᠴᠢ ᠲᠡᠮᠳᠡᠭ ᠢ ᠪᠠᠯᠠᠯᠤᠨ ᠵᠠᠰᠠᠬᠤ᠂ ᠪᠤᠰᠤᠳ ᠲᠤ ᠵᠢᠭᠡᠯᠡᠭᠦᠯᠦᠨ ᠬᠡᠷᠡᠭᠯᠡᠭᠦᠯᠬᠦ᠂ ᠬᠠᠭᠤᠷᠮᠠᠭ ᠢᠶᠠᠷ | ᠵᠣᠬᠢᠶᠠᠬᠤ ᠪᠠ ᠬᠠᠤᠯᠢ ᠪᠤᠰᠤ ᠪᠠᠷ ᠳᠠᠷᠤᠮᠠᠯᠯᠠᠨ ᠦᠢᠯᠡᠳᠴᠦ ᠪᠣᠯᠬᠤ ᠦᠭᠡᠢ᠃ | ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠦᠴᠦᠨ ᠲᠠᠢ | ᠬᠤᠭᠤᠴᠠᠭ᠎ᠠ ᠨᠢ ᠵᠢᠷᠭᠤᠭᠠᠨ ᠵᠢᠯ ᠪᠣᠯᠣᠨ᠎ᠠ᠃ ᠬᠦᠴᠦᠨ ᠲᠠᠢ ᠬᠤᠭᠤᠴᠠᠭ᠎ᠠ ᠨᠢ ᠭᠦᠢᠴᠡᠬᠦ ᠠᠴᠠ ᠭᠤᠷᠪᠠᠨ | ᠰᠠᠷ᠎ᠠ ᠶᠢᠨ ᠡᠮᠦᠨ᠎ᠡ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ ᠥᠭᠭᠦᠭᠦᠯᠬᠦ ᠪᠠᠷ ᠭᠤᠶᠤᠴᠢᠯᠠᠨ᠎ᠠ᠃ | ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠦᠴᠦᠨ ᠲᠠᠢ | ᠬᠤᠭᠤᠴᠠᠭᠠᠨ ᠳᠣᠲᠣᠷ᠎ᠠ᠂ ᠭᠡᠷᠡᠴᠢ ᠲᠡᠮᠳᠡᠭ ᠡᠵᠡᠮᠰᠢᠭᠴᠢ ᠶᠢᠨ ᠠᠵᠢᠯ ᠤᠨ ᠪᠠᠶᠢᠷᠢ ᠰᠣᠯᠢᠭᠳᠠᠭᠰᠠᠨ ᠠᠴᠠ ᠪᠣᠯᠵᠤ | ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠬᠤᠪᠢᠷᠠᠯᠲᠠ ᠭᠠᠷᠤᠭᠰᠠᠨ ᠪᠣᠯ᠂ ᠠᠵᠢᠯ | ᠰᠢᠯᠵᠢᠵᠦ ᠣᠴᠢᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠬᠠᠤᠯᠢ ᠴᠠᠭᠠᠵᠠ ᠶᠢᠨ | ᠮᠡᠳᠡᠯᠭᠡ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠭᠰᠠᠨ ᠤ ᠳᠠᠷᠠᠭ᠎ᠠ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ ᠥᠭᠭᠦᠭᠦᠯᠬᠦ ᠪᠠᠷ ᠭᠤᠶᠤᠴᠢᠯᠠᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠲᠤ ᠲᠣᠳᠣᠷᠬᠠᠶᠢᠯᠠᠭᠰᠠᠨ ᠵᠦᠢᠯᠡᠰ ᠨᠢ ᠬᠤᠪᠢᠷᠠᠯᠲᠠ | ᠭᠠᠷᠬᠤ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠢ ᠬᠦᠨᠳᠦ ᠨᠣᠴᠢᠲᠠᠢ ᠡᠪᠳᠡᠭᠳᠡᠨ | ᠰᠦᠢᠳᠭᠡᠭᠳᠡᠭᠰᠡᠨ ᠪᠠᠶᠢᠪᠠᠯ᠂ ᠭᠡᠷᠡᠴᠢ ᠲᠡᠮᠳᠡᠭ ᠡᠵᠡᠮᠰᠢᠭᠴᠢ ᠶᠢᠨ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ ᠥᠭᠭᠦᠭᠦᠯᠬᠦ ᠪᠠᠷ | ᠭᠤᠶᠤᠴᠢᠯᠠᠨ᠎ᠠ᠃ | ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠢ ᠭᠡᠭᠡᠭᠳᠡᠭᠰᠡᠨ ᠪᠠᠶᠢᠪᠠᠯ | ᠂ ᠭᠡᠷᠡᠴᠢ ᠲᠡᠮᠳᠡᠭ ᠡᠵᠡᠮᠰᠢᠭᠴᠢ ᠴᠠᠭ ᠲᠤᠬᠠᠢ ᠳᠤ ᠨᠢ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠳᠤ ᠪᠠᠨ ᠮᠡᠳᠡᠭᠦᠯᠬᠦ ᠬᠡᠷᠡᠭᠲᠡᠢ᠃ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ | ᠲᠤᠬᠠᠢ ᠶᠢᠨ ᠭᠠᠵᠠᠷ ᠤᠨ ᠭᠤᠣᠯ ᠪᠣᠯᠬᠤ ᠰᠣᠨᠢᠨ ᠰᠡᠳᠭᠦᠯ᠂ ᠵᠠᠰᠠᠭ ᠤᠨ ᠣᠷᠳᠣᠨ ᠤ ᠰᠦᠯᠵᠢᠶᠡᠨ ᠥᠷᠳᠡᠭᠡ ᠪᠤᠶᠤ | ᠪᠤᠰᠤᠳ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠵᠠᠭᠤᠴᠢᠯᠠᠭᠤᠷ ᠢᠶᠠᠷ ᠬᠦᠴᠦᠨ ᠦᠭᠡᠢ ᠪᠣᠯᠣᠭᠰᠠᠨ ᠢ | ᠨᠡᠶᠢᠭᠡᠮ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠭᠤᠴᠢᠨ ᠡᠳᠦᠷ ᠪᠣᠯᠣᠨ᠎ᠠ᠃ ᠵᠠᠷᠯᠠᠨ | ᠨᠡᠶᠢᠲᠡᠯᠡᠬᠦ ᠬᠤᠭᠤᠴᠠᠭ᠎ᠠ ᠭᠦᠢᠴᠡᠭᠰᠡᠨ ᠤ ᠳᠠᠷᠠᠭ᠎ᠠ ᠵᠠᠷᠯᠠᠯ ᠢᠶᠠᠷ ᠪᠠᠷᠢᠮᠲᠠ ᠪᠣᠯᠭᠠᠵᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠡᠷᠡᠴᠢ ᠲᠡᠮᠳᠡᠭ ᠨᠥᠬᠦᠨ ᠠᠪᠬᠤ ᠪᠠᠷ ᠭᠤᠶᠤᠴᠢᠯᠠᠨ᠎ᠠ᠃ | ᠬᠤᠷᠢᠳᠤᠭᠠᠷ ᠵᠦᠢᠯ ᠭᠡᠷᠡᠴᠢ ᠲᠡᠮᠳᠡᠭ ᠡᠵᠡᠮᠰᠢᠭᠴᠢ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠲᠡᠭᠦᠨ ᠤ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠢᠴᠢᠭ ᠬᠠᠷ᠎ᠠ ᠶᠢ ᠵᠣᠬᠢᠶᠠᠨ ᠲᠠᠷᠬᠠᠭᠠᠵᠤ | ᠪᠣᠯᠣᠨ᠎ᠠ᠄ | ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭᠠᠨ ᠤ ᠳᠤᠮᠳᠠ ᠲᠣᠭᠲᠠᠭᠠᠯ ᠶᠣᠰᠣᠭᠠᠷ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠭᠠᠷᠭᠠᠵᠤ ᠦᠵᠡᠭᠦᠯᠦᠭᠰᠡᠨ ᠦᠭᠡᠢ ᠪᠤᠶᠤ ᠡᠭᠦᠷᠭᠡ | ᠬᠠᠷᠢᠭᠤᠴᠠᠯᠭ᠎ᠠ ᠡᠷᠬᠡ ᠶᠢᠨ ᠬᠢᠵᠠᠭᠠᠷ᠂ ᠣᠷᠣᠨ ᠪᠦᠰᠡ ᠶᠢᠨ ᠬᠡᠪᠴᠢᠶᠠᠨ ᠠᠴᠠ ᠪᠠᠨ ᠳᠠᠪᠠᠵᠤ ᠬᠠᠤᠯᠢ | ᠬᠡᠷᠡᠭᠵᠢᠭᠦᠯᠦᠭᠰᠡᠨ︔ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠭᠡᠭᠡᠭᠳᠡᠭᠦᠯᠦᠭᠡᠳ ᠴᠠᠭ | ᠲᠤᠬᠠᠢ ᠳᠤ ᠨᠢ ᠮᠡᠳᠡᠭᠦᠯᠦᠭᠰᠡᠨ ᠦᠭᠡᠢ ᠪᠤᠶᠤ ᠬᠦᠴᠦᠨ ᠦᠭᠡᠢ ᠪᠣᠯᠣᠭᠰᠠᠨ ᠢ ᠵᠠᠷᠯᠠᠨ ᠨᠡᠶᠢᠲᠡᠯᠡᠭᠰᠡᠨ ᠦᠭᠡᠢ ᠠᠴᠠ | ᠮᠠᠭᠤ ᠦᠷ᠎ᠡ ᠳ᠋ᠦᠩ ᠭᠠᠷᠤᠭᠰᠠᠨ︔ | ︵ᠭᠤᠷᠪᠠ︶ ᠪᠠᠯᠠᠯᠤᠨ ᠵᠠᠰᠠᠭᠰᠠᠨ᠂ ᠬᠠᠭᠤᠷᠮᠠᠭ ᠢᠶᠠᠷ ᠵᠣᠬᠢᠶᠠᠭᠰᠠᠨ ᠪᠠ ᠬᠠᠤᠯᠢ ᠪᠤᠰᠤ ᠪᠠᠷ ᠳᠠᠷᠤᠮᠠᠯᠯᠠᠨ | ᠵᠣᠬᠢᠶᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠬᠡᠷᠡᠭᠯᠡᠬᠦ ᠪᠤᠶᠤ ᠪᠤᠰᠤᠳ ᠲᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠵᠢᠭᠡᠯᠡᠭᠦᠯᠦᠨ ᠬᠡᠷᠡᠭᠯᠡᠭᠦᠯᠦᠭᠰᠡᠨ︔ | ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠪᠤᠰᠤᠳ | ᠲᠣᠭᠲᠠᠭᠠᠯ ᠢ ᠵᠥᠷᠢᠴᠡᠭᠰᠡᠨ ᠪᠠᠶᠢᠳᠠᠯ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠡᠷᠡᠴᠢ ᠲᠡᠮᠳᠡᠭ ᠡᠵᠡᠮᠰᠢᠭᠴᠢ ᠶᠢᠨ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠬᠤ ᠪᠤᠶᠤ ᠪᠤᠰᠤᠳ ᠬᠠᠤᠯᠢ ᠪᠤᠰᠤ ᠠᠷᠭ᠎ᠠ ᠪᠠᠷᠢᠯ ᠢᠶᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠡᠷᠡᠴᠢ ᠲᠡᠮᠳᠡᠭ ᠣᠯᠣᠭᠰᠠᠨ ᠢ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠵᠦ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠬᠦᠴᠦᠨ ᠦᠭᠡᠢ ᠪᠣᠯᠭᠠᠬᠤ ᠬᠡᠷᠡᠭᠲᠡᠢ᠄ | ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠦᠴᠦᠨ ᠲᠠᠢ ᠬᠤᠭᠤᠴᠠᠭ᠎ᠠ | ᠭᠦᠢᠴᠡᠭᠰᠡᠨ︔ | ︵ᠬᠤᠶᠠᠷ︶ ᠭᠡᠷᠡᠴᠢ ᠲᠡᠮᠳᠡᠭ ᠡᠵᠡᠮᠰᠢᠭᠴᠢ ᠶᠢᠨ ᠲᠤᠰᠢᠶᠠᠯ ᠠᠴᠠ ᠪᠠᠨ ᠪᠠᠭᠤᠬᠤ᠂ ᠠᠵᠢᠯ ᠠᠴᠠ ᠨᠢ ᠪᠠᠭᠤᠯᠭᠠᠬᠤ᠂ | ᠠᠵᠢᠯ ᠠᠴᠠ ᠪᠠᠨ ᠠᠮᠠᠷᠠᠬᠤ᠂ ᠦᠬᠦᠬᠦ᠂ ᠰᠢᠯᠵᠢᠭᠦᠯᠦᠨ ᠶᠠᠪᠤᠭᠤᠯᠬᠤ ᠪᠤᠶᠤ ᠪᠤᠰᠤᠳ ᠰᠢᠯᠲᠠᠭᠠᠨ ᠠᠴᠠ ᠪᠣᠯᠵᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠠᠴᠠ ᠰᠠᠯᠤᠭᠰᠠᠨ︔ | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠬᠠᠤᠯᠢ ᠶᠣᠰᠣᠭᠠᠷ ᠬᠦᠴᠦᠨ | ᠦᠭᠡᠢ ᠪᠣᠯᠭᠠᠭᠰᠠᠨ︔ | ︵ᠳᠥᠷᠪᠡ︶ ᠬᠠᠥᠯᠢ ᠶᠣᠰᠣᠭᠠᠷ ᠬᠦᠴᠦᠨ ᠦᠭᠡᠢ ᠪᠣᠯᠭᠠᠪᠠᠰᠤ ᠵᠣᠬᠢᠬᠤ ᠪᠤᠰᠤᠳ ᠪᠠᠶᠢᠳᠠᠯ᠃ | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ | ᠥᠭᠭᠦᠭᠰᠡᠨ᠂ ᠬᠦᠴᠦᠨ ᠦᠭᠡᠢ ᠪᠣᠯᠭᠠᠭᠰᠠᠨ ᠪᠠᠶᠢᠪᠠᠯ᠂ ᠭᠡᠷᠡᠴᠢ ᠲᠡᠮᠳᠡᠭ ᠡᠵᠡᠮᠰᠢᠭᠴᠢ ᠶᠢᠨ ᠪᠠᠶᠢᠭ᠎ᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠴᠠᠭ ᠲᠤᠬᠠᠢ ᠳᠤ ᠨᠢ ᠤᠤᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠡᠷᠡᠴᠢ ᠲᠡᠮᠳᠡᠭ ᠢ ᠬᠤᠷᠢᠶᠠᠨ ᠠᠪᠬᠤ ᠶᠢᠨ ᠬᠠᠮᠲᠤ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ | ᠭᠡᠷᠡᠴᠢ ᠲᠡᠮᠳᠡᠭ ᠢ ᠠᠪᠬᠤ ᠪᠠᠷ ᠭᠤᠶᠤᠴᠢᠯᠠᠭᠰᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠲᠤᠰᠢᠶᠠᠨ ᠤᠰᠠᠳᠬᠠᠯᠭᠠᠵᠤ᠂ ᠤᠰᠠᠳᠬᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ | ᠮᠡᠳᠡᠭᠦᠯᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠭᠡᠷᠡᠴᠢ ᠲᠡᠮᠳᠡᠭ ᠡᠵᠡᠮᠰᠢᠭᠴᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠡᠷᠡᠴᠢ ᠲᠡᠮᠳᠡᠭ ᠢᠶᠠᠨ ᠬᠦᠴᠦᠨ ᠦᠭᠡᠢ ᠪᠣᠯᠭᠠᠭᠳᠠᠭᠰᠠᠨ ᠪᠠ ᠬᠠᠰᠤᠭᠤᠯᠤᠭᠰᠠᠨ ᠶᠠᠪᠤᠳᠠᠯ ᠳᠤ ᠣᠨᠳᠣᠣ ᠰᠠᠨᠠᠯ ᠲᠠᠢ | ᠪᠠᠶᠢᠪᠠᠯ᠂ ᠰᠢᠢᠳᠪᠦᠷᠢᠯᠡᠭᠰᠡᠨ ᠳ᠋ᠦᠩ ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ ᠠᠴᠠ ᠡᠬᠢᠯᠡᠵᠦ ᠭᠤᠴᠢᠨ | ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠥᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠣᠨ᠎ᠠ᠃ | ᠬᠤᠷᠢᠨ ᠲᠠᠪᠤᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠣᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ | ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠠᠵᠢᠯᠲᠠᠨ ᠤ ᠪᠠᠶᠢᠭ᠎ᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠤᠶᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠢᠯᠡᠴᠢᠯᠡᠨ | ᠮᠡᠳᠡᠭᠦᠯᠵᠦ ᠪᠣᠯᠣᠨ᠎ᠠ᠃ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ | ᠭᠤᠴᠢᠨ ᠡᠳᠦᠷ ᠤᠨ ᠳᠣᠲᠣᠷ᠎ᠠ ᠰᠢᠢᠳᠪᠦᠷᠢᠯᠡᠬᠦ ᠲᠣᠭᠲᠠᠭᠠᠯ ᠭᠠᠷᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ | ᠬᠠᠷᠢᠭᠤ ᠥᠭᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ᠂ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠭᠡᠨ ᠲᠣᠷᠭᠠᠬᠤ | ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃ | ᠬᠤᠷᠢᠨ ᠳᠣᠯᠣᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠨᠢ ᠨᠦᠭᠦᠴᠡᠯ ᠳᠤ ᠨᠡᠶᠢᠴᠡᠬᠦ ᠦᠭᠡᠢ ᠠᠵᠢᠯᠲᠠᠨ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠡᠷᠡᠴᠢ ᠲᠡᠮᠳᠡᠭ ᠭᠤᠶᠤᠴᠢᠯᠠᠨ ᠥᠭᠭᠦᠭᠰᠡᠨ ᠪᠠᠶᠢᠪᠠᠯ᠂ ᠲᠡᠭᠦᠨ ᠤ ᠳᠡᠭᠡᠷ᠎ᠡ ᠱᠠᠲᠤᠨ ᠤ ᠭᠤᠣᠯᠴᠢᠯᠠᠨ | ᠬᠠᠮᠢᠶᠠᠷᠬᠤ ᠪᠠᠶᠢᠭᠤᠯᠭ᠎ᠠ ᠪᠤᠶᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ | ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ᠃ | ᠬᠤᠷᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ | ᠠᠵᠢᠯ ᠳᠤ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ | ᠬᠤᠪᠢ ᠶᠢᠨ ᠨᠡᠢᠷ ᠲᠠᠯ᠎ᠠ ᠬᠠᠷᠠᠵᠤ ᠬᠠᠥᠯᠢ ᠶᠣᠰᠣ ᠶᠢ ᠵᠥᠷᠢᠴᠡᠪᠡᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ | ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ | ᠶᠠᠯ᠎ᠠ ᠳᠤ ᠬᠥᠷᠥᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢ ᠶᠢᠰᠦᠳᠦᠭᠡᠷ ᠵᠦᠢᠯ ᠲᠣᠰ ᠠᠷᠭ᠎ᠠ ᠶᠢ 2023 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 2015 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ︵ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 216 ᠳ᠋ᠤᠭᠠᠷ | ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2023 ᠣᠨ ᠤ 10 ᠳ᠋ᠤᠭᠠᠷ ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ |