3 ᠰᠠᠷ᠎ᠠ ᠶᠢᠨ 12 ᠤᠨ ᠡᠳᠦᠷ᠂ ᠬᠠᠷᠠᠲᠤᠬᠤᠢ ᠪᠠᠯᠭᠠᠰᠤ 2023 ᠣᠨ ᠤ ᠲᠣᠰᠬᠤᠨ ᠤ ᠲᠠᠰ ᠤᠨ ᠬᠠᠷᠠᠯᠲᠠ | ᠬᠠᠮᠢᠶᠠᠷᠤᠯᠲᠠ ᠶᠢᠨ ᠬᠢᠨᠠᠨ ᠰᠢᠯᠭᠠᠵᠤ ᠳ᠋ᠦᠩᠨᠡᠵᠦ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠪᠠ᠃ | ᠬᠤᠷᠠᠯ ᠠᠴᠠ ᠪᠣᠳᠠᠲᠤ ᠠᠮᠵᠢᠯᠲᠠ ᠪᠠᠷ ᠲᠣᠪᠤᠶᠢᠮ᠎ᠠ ᠸᠠᠩ ᠵᠢᠶᠠ ᠳ᠋ᠢ ᠲᠣᠰᠬᠤᠨ ᠵᠡᠷᠭᠡ 5 ᠲᠣᠰᠬᠤᠨ ᠤ | ᠳᠡᠰ ᠤᠨ ᠪᠠᠭ ᠲᠤ ᠱᠠᠩᠨᠠᠯ ᠤᠨ ᠮᠥᠩᠭᠦ ᠪᠠ ᠱᠠᠩᠨᠠᠯ ᠤᠨ ᠪᠢᠴᠢᠭ ᠣᠯᠭᠤᠵᠤ᠂ ᠸᠠᠢ ᠪᠦ᠋ ᠽᠢ ᠵᠢᠩ ᠲᠣᠰᠬᠤᠨ | ᠵᠡᠷᠭᠡ 3 ᠲᠣᠰᠬᠤᠨ ᠳᠤ ᠬᠦᠷᠢᠶᠡᠨ ᠤ ᠠᠵᠤ ᠠᠬᠤᠶ ᠶᠢᠨ ᠬᠥᠭᠵᠢᠯᠲᠡ ᠶᠢᠨ ᠲᠡᠷᠢᠭᠦᠨ ᠤ ᠬᠠᠮᠲᠤ ᠨᠡᠶᠢᠲᠡ ᠶᠢᠨ | ᠱᠠᠩᠨᠠᠯ ᠣᠯᠭᠤᠵᠤ᠂ ᠪᠥᠸᠧ ᠯᠦᠸᠧ ᠾᠧ ᠱᠥᠸᠧ ᠲᠣᠰᠬᠤᠨ᠂ ᠯᠠᠩ ᠵᠢᠶᠦ᠋ᠨ ᠬᠠᠷ᠎ᠠ ᠲᠣᠰᠬᠤᠨ ᠳᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠲᠡ ᠶᠢᠨ ᠱᠠᠩᠨᠠᠯ ᠣᠯᠭᠤᠵᠤ᠂ ᠴᠤᠸᠠᠨ ᠪᠦᠦ ᠳ᠋ᠢ ᠵᠡᠷᠭᠡ | 4 ᠲᠣᠰᠬᠤᠨ ᠳᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠡᠷᠢᠭᠦᠨ ᠤ ᠬᠠᠮᠲᠤ ᠨᠡᠶᠢᠲᠡ ᠶᠢᠨ ᠱᠠᠩᠨᠠᠯ | ᠣᠯᠭᠤᠵᠤ᠂ ᠳ᠋ᠧᠩ ᠬᠤᠸᠠᠨ ᠴᠢᠩ ᠵᠡᠷᠭᠡ 100 ᠡᠷᠦᠬᠡ ᠳᠤ ︽ᠦᠵᠡᠰᠬᠦᠯᠡᠩᠲᠦ ᠰᠠᠶᠢᠬᠠᠨ ᠬᠦᠷᠢᠶ᠎ᠡ︾ ᠬᠡᠮᠡᠷᠯᠢᠭ | ᠲᠤᠭ ᠵᠢᠴᠢ ᠱᠠᠩᠨᠠᠯ ᠤᠨ ᠮᠥᠩᠭᠦ ᠣᠯᠭᠤᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠪᠠᠯᠭᠠᠰᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ | ᠲᠣᠰᠬᠤᠨ ᠤ ᠳᠡᠰ ᠤᠨ ᠬᠠᠷᠠᠯᠲᠠ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠪᠦᠲᠦᠭᠡᠯᠴᠢ ᠪᠠᠷ | ᠠᠵᠢᠯ ᠢᠶᠠᠨ ᠥᠷᠨᠢᠭᠦᠯᠵᠦ᠂ ᠭᠤᠣᠯᠳᠠᠯᠭ᠎ᠠ ᠶᠢ ᠲᠤᠪᠤᠶᠢᠯᠭᠠᠵᠦ᠂ ᠪᠦᠬᠦ ᠲᠠᠯ᠎ᠠ ᠪᠠᠷ ᠠᠬᠢᠭᠤᠯᠵᠤ᠂ ᠬᠦᠴᠦᠲᠡᠢ ᠠᠷᠭ᠎ᠠ | ᠬᠡᠮᠵᠢᠶ᠎ᠡ ᠠᠪᠴᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠠᠷᠠᠲᠤᠬᠤᠢ | ᠪᠠᠯᠭᠠᠰᠤ ᠶᠢᠨ ᠠᠵᠤ ᠠᠬᠤᠢ ᠨᠡᠶᠢᠭᠡᠮ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ |