ᠰᠦᠩᠱᠠᠨ ᠲᠣᠭᠤᠷᠢᠭ ᠤᠨ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/14
     3 ᠰᠠᠷ᠎ᠠ ᠶᠢᠨ 13 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠪᠠ᠃
E:\20210708蒙古文网站工作\蒙古文网站工作\赤峰市松山区人民政府文件翻译\2微信公众号\2024年\41松山区2024年巩固拓展脱贫攻坚成果同乡村振兴有效衔接工作会议召开\ad5b1246727f556f7f6e9614e8523b22.png   
     ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠱᠢ ᠴᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢᠨ ᠴᠢᠬᠤᠯᠠ ᠡᠭᠦᠷᠭᠡ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠬᠤᠷᠢᠭ᠎ᠠ ᠱᠤᠭᠤᠮ ᠤᠨ ᠡᠭᠦᠷᠭᠡ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠳᠠᠩᠰᠠ ᠲᠤᠰᠢᠶᠠᠬᠤ ᠤᠬᠠᠮᠰᠠᠷ ᠢ ᠪᠦᠬᠦ ᠲᠠᠯ᠎ᠠ ᠪᠠᠷ ᠪᠤᠢ ᠪᠣᠯᠭᠠᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠳᠤ ᠪᠤᠴᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ  ᠠᠩᠭᠢᠵᠢᠷᠠᠭᠰᠠᠨ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠨᠡᠩ ᠶᠡᠭᠡ ᠳᠡᠭᠲᠡᠷ ᠲᠤ ᠭᠠᠷᠭᠠᠬᠤ ᠬᠡᠷᠡᠭᠲᠡᠢ᠃ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠪᠠ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠵᠤ ᠬᠠᠷᠢᠭᠤ ᠲᠤᠰᠬᠠᠬᠤ᠂ ᠰᠢᠮᠳᠠᠭᠤᠯᠤᠨ ᠪᠠᠶᠢᠴᠠᠭᠠᠬᠤ᠂ ᠥᠪᠡᠷ ᠢᠶᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠵᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ︽ᠠᠷᠪᠠᠨ ᠵᠠᠭᠤ ᠮᠢᠩᠭ᠎ᠠ︾ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠲᠠᠷᠢᠶᠠᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃    ᠬᠤᠷᠠᠯ ᠳᠡᠭᠡᠷ᠎ᠡ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ︽ᠰᠦᠩᠱᠠᠨ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠡᠭᠡ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠪᠣᠯᠤᠨ ︽ᠰᠦᠩᠱᠠᠨ ᠲᠣᠭᠤᠷᠢᠭ ᠤᠨ 2024 ᠣᠨ ᠤ ᠨᠢᠭᠡᠳᠦᠭᠡᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠥᠪᠯᠡᠷᠡᠭᠦᠯᠦᠨ ᠬᠢᠨᠠᠨ ᠬᠡᠮᠵᠢᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠲᠠᠶᠢᠯᠪᠤᠷᠢᠯᠠᠬᠤ ᠶᠢᠨ ᠬᠠᠮᠲᠤ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠪᠣᠯᠤᠨ ᠬᠥᠳᠡᠭᠡ ᠲᠣᠰᠬᠤᠨ ᠤ ᠺᠠᠳ᠋ᠷᠴᠤᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ  ᠬᠦᠷᠲᠡᠭᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号