ᠰᠤᠷᠭᠠᠨ ᠬᠥᠮᠦᠵᠢᠯ ᠤᠨ ᠨᠠᠷᠠᠲᠤ ᠲᠤᠰᠬᠠᠶ ᠮᠡᠷᠭᠡᠵᠢᠯᠲᠡᠨ ᠰᠦᠩᠱᠠᠨ ᠲᠣᠭᠤᠷᠢᠭ ᠲᠤ ᠴᠤᠭᠯᠠᠷᠠᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠬᠠᠶ ᠬᠠᠮᠲᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠰᠦᠩᠱᠠᠨ ᠲᠣᠭᠤᠷᠢᠭ ᠤᠨ ᠣᠨᠴᠠ ᠤᠷᠢᠭᠰᠠᠨ ᠳᠤᠮᠳᠠᠳᠤ ᠤᠯᠤᠰ ᠤᠨ ᠰᠢᠨ᠎ᠡ ᠰᠤᠷᠭᠠᠭᠤᠯᠢ ᠶᠢᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ᠂ ᠪᠡᠭᠡᠵᠢᠩ ᠤᠨ ᠨᠢᠭᠡᠳᠦᠭᠡᠷ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠯᠢ ᠰᠢ ᠬᠦᠢ ᠵᠡᠷᠭᠡ ᠪᠦᠬᠦ ᠤᠯᠤᠰ ᠤᠨ ᠰᠤᠷᠭᠠᠨ ᠬᠥᠮᠦᠵᠢᠯ ᠤᠨ ᠨᠡᠷᠡᠳᠦ 9 ᠲᠤᠰᠬᠠᠢ ᠮᠡᠷᠭᠡᠵᠢᠯᠲᠡᠨ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠰᠦᠩᠱᠠᠨ ᠤ ᠰᠤᠷᠭᠠᠨ ᠬᠥᠮᠦᠵᠢᠯ ᠳᠤ ᠨᠠᠨᠳᠢᠨ ᠲᠤᠷᠰᠢᠯᠭ᠎ᠠ ᠤᠯᠠᠮᠵᠢᠯᠠᠪᠠ᠃ ᠤᠯᠠᠭᠠᠨᠬᠠᠳᠠ ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠳᠠᠷᠤᠭ᠎ᠠ ᠯᠢᠦ ᠢᠦᠢ ᠬᠠᠢ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠢᠶᠠᠩ ᠼᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ ᠵᠡᠷᠭᠡ ᠤᠳᠤᠷᠢᠳᠤᠯᠭ᠎ᠠ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃    ᠵᠢᠶᠠᠩ ᠼᠦᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠤᠯᠤᠰ ᠦᠨᠳᠦᠰᠦᠲᠡᠨ ᠳᠤ ᠠᠪᠴᠤ ᠬᠡᠯᠡᠪᠡᠯ᠂ ᠥᠨᠥᠳᠦᠷ ᠤᠨ ᠰᠤᠷᠭᠠᠨ ᠬᠥᠮᠦᠵᠢᠯ ᠪᠣᠯ ᠮᠠᠷᠭᠠᠰᠢ ᠶᠢᠨ ᠬᠦᠰᠡᠯ ᠡᠷᠡᠮᠡᠯᠵᠡᠯ ᠮᠥᠨ᠃ ᠰᠦᠩᠱᠠᠨ ᠲᠣᠭᠤᠷᠢᠭ ᠤᠨ ᠬᠢᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠰᠤᠷᠭᠠᠭᠤᠯᠢ ᠡᠷᠭᠢᠯᠡᠬᠦ ᠰᠠᠭᠤᠷᠢ ᠨᠥᠬᠦᠴᠡᠯ ᠢ ᠲᠡᠭᠦᠯᠳᠡᠷᠵᠢᠭᠦᠯᠬᠦ᠂ ᠰᠢᠯᠢᠳᠡᠭ ᠡᠷᠳᠡᠮ ᠤᠨ ᠴᠣᠯᠠ ᠶᠢᠨ ᠬᠠᠩᠭᠠᠯᠭ᠎ᠠ ᠶᠢ ᠪᠠᠲᠤᠯᠠᠬᠤ ᠶᠢᠨ ᠲᠣᠭᠤᠷᠢᠨ ᠳᠤ᠂ ᠰᠤᠷᠭᠠᠨ ᠬᠥᠮᠦᠵᠢᠯ ᠳᠤ ᠦᠷᠭᠦᠯᠵᠢᠯᠡᠨ ᠲᠥᠷᠥ ᠶᠢᠨ ᠪᠣᠳᠣᠯᠭ᠎ᠠ᠂ ᠪᠠᠯᠠ ᠮᠥᠩᠭᠦ ᠂ ᠴᠢᠳᠠᠪᠤᠷᠢᠲᠠᠨ ᠤ ᠳᠡᠮᠵᠢᠯᠭᠡ ᠦᠵᠡᠭᠦᠯᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠠᠴᠠ ᠨᠠᠰᠢ᠂ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠬᠦ᠂ ᠰᠤᠷᠭᠠᠭᠤᠯᠢ ᠶᠢᠨ ᠪᠠᠶᠢᠷᠢ ᠶᠢᠨ ᠭᠠᠯ ᠤᠨᠲᠠᠷᠠᠭᠠᠬᠤ ᠥᠭᠡᠷᠡᠴᠢᠯᠡᠯᠲᠡ᠂ ︽ᠵᠣᠷᠯᠣᠩ ᠤᠨ ᠬᠤᠪᠢᠰᠬᠠᠯ︾ ᠵᠡᠷᠭᠡ ᠢᠨᠵᠧᠨᠧᠷᠢᠩ ᠢ ᠰᠢᠰᠲ᠋ᠧᠮ ᠲᠠᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ︽ᠳᠥᠷᠪᠡᠨ ᠰᠢᠷᠣᠶ︾ ᠶᠢ ᠪᠦᠬᠦᠨ ᠢ ᠴᠡᠪᠡᠷᠯᠡᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠵᠤ᠂ ︽ᠰᠠᠭᠤᠷᠢ ᠬᠠᠲᠠᠭᠤ ᠲᠣᠨᠤᠭ︾ ᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠪᠡ᠃ ᠵᠢᠶᠠᠩ ᠼᠦᠩ ᠢᠯᠡᠷᠬᠡᠶᠢᠯᠡᠬᠦ ᠳᠡᠭᠡᠨ᠂ ︽ᠰᠤᠷᠭᠠᠨ ᠬᠥᠮᠦᠵᠢᠯ ᠬᠥᠭᠵᠢᠪᠡᠯ ᠤᠯᠤᠰ ᠣᠷᠣᠨ ᠮᠠᠨᠳᠤᠨ᠎ᠠ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ︾᠂ ᠯᠢ ᠰᠢ ᠬᠦᠶ ᠵᠠᠬᠢᠷᠤᠯ ᠪᠣᠯᠤᠨ ᠣᠯᠠᠨ ᠲᠤᠰᠬᠠᠶ ᠮᠡᠷᠭᠡᠵᠢᠯᠲᠡᠨ ᠤ ᠳᠡᠮᠵᠢᠯᠭᠡ ᠬᠠᠪᠰᠤᠷᠤᠯᠭ᠎ᠠ ᠪᠠᠷ᠂ ᠰᠦᠩᠱᠠᠨ ᠲᠣᠭᠤᠷᠢᠭ ᠤᠨ ᠬᠢᠨ ᠬᠡᠪ ᠴᠢᠨᠠᠷ ᠤᠨ ᠰᠤᠷᠭᠠᠨ ᠬᠥᠮᠦᠵᠢᠯ ᠪᠣᠯᠤᠨ ᠰᠠᠭᠤᠷᠢ ᠰᠤᠷᠭᠠᠨ ᠬᠥᠮᠦᠵᠢᠯ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠴᠢᠶᠡᠯ ᠤᠨ ᠵᠢᠷᠤᠭ ᠲᠥᠯᠥᠪᠯᠡᠭᠡ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠂ ᠰᠤᠷᠭᠠᠭᠤᠯᠢ ᠶᠢᠨ ᠬᠠᠮᠢᠶᠠᠷᠤᠯᠲᠠ ᠵᠡᠷᠭᠡ ᠤᠯᠠᠨ ᠲᠠᠯ᠎ᠠ ᠶᠢᠨ ᠰᠦᠪᠡᠭᠴᠢᠯᠡᠯᠳᠡ ᠪᠠ ᠦᠢᠯᠡᠳᠦᠯᠭᠡ ᠶᠢ ᠥᠷᠨᠢᠭᠦᠯᠵᠦ᠂ 40 ᠨᠥᠭᠡᠴᠡ ᠴᠢᠳᠠᠪᠤᠷᠢᠲᠠᠨ ᠵᠠᠮᠴᠢᠯᠠᠬᠤ ᠰᠤᠷᠭᠠᠭᠤᠯᠢ ᠶᠢᠨ ᠲᠥᠪᠯᠡᠷᠡᠩᠭᠦᠢ ᠪᠣᠯᠪᠠᠰᠤᠷᠠᠯ ᠳᠤ ᠣᠷᠣᠯᠴᠠᠵᠤ᠂ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ︽ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠪᠠᠷ ᠯᠠ ᠵᠣᠭᠰᠣᠬᠤ ᠦᠭᠡᠢ᠂ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠶᠢ ᠲᠡᠮᠡᠴᠡᠨ ᠤᠯᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ︽ᠤᠨᠴᠠᠯᠢᠬᠳᠤ ᠬᠢᠴᠢᠶᠡᠯ ᠤᠨ ᠵᠢᠷᠤᠭ︾᠂ ᠰᠤᠷᠭᠠᠭᠤᠯᠢ ᠶᠢᠨ ︽ᠬᠠᠪᠲᠠᠭᠠᠶᠢᠷᠠᠭᠰᠠᠨ︾ ᠤᠳᠤ ᠦᠶ᠎ᠡ ᠶᠢᠨ ᠬᠠᠮᠢᠶᠠᠷᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠵᠢᠶᠠᠩ ᠼᠦᠩ ᠱᠠᠭᠠᠷᠳᠠᠭᠰᠠᠨ ᠨᠢ᠂ ᠪᠥᠬᠦ ᠲᠣᠭᠤᠷᠢᠭ ᠤᠨ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠣᠰ ᠤᠳᠠᠭᠠᠨ ᠤ ᠣᠯᠳᠠᠬᠤᠶ᠎ᠠ ᠪᠡᠷᠬᠡ ᠰᠤᠷᠤᠯᠴᠠᠬᠤ ᠲᠣᠬᠢᠶᠠᠯ ᠢ ᠨᠠᠨᠳᠢᠩᠨᠠᠵᠤ᠂ ᠯᠢ ᠰᠢ ᠬᠦᠶ ᠵᠠᠬᠢᠷᠤᠯ ᠵᠡᠷᠭᠡ ᠲᠤᠰᠬᠠᠶ ᠮᠡᠷᠭᠡᠵᠢᠯᠲᠡᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠭᠦᠨᠵᠡᠭᠡᠶ ᠰᠤᠷᠤᠯᠴᠠᠨ ᠣᠶᠢᠯᠠᠭᠠᠵᠤ᠂ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠴᠠᠭ ᠦᠶ᠎ᠡ ᠶᠢᠨ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠂ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ ᠪᠠᠶᠢᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠬᠠᠷᠠᠴᠠ ᠪᠠᠨ ᠰᠤᠷᠭᠠᠨ ᠬᠥᠮᠦᠵᠢᠯ ᠳᠤ ᠢᠯᠡᠭᠦᠬᠡᠨ ᠬᠠᠨᠳᠤᠭᠤᠯᠵᠤ᠂ ᠰᠤᠷᠭᠠᠨ ᠬᠥᠮᠦᠵᠢᠯ ᠢ ᠬᠠᠯᠠᠮᠵᠢᠯᠠᠨ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠬᠥᠭᠵᠢᠬᠦ ᠶᠢ ᠬᠠᠮᠲᠤ ᠪᠠᠷ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠯᠢ ᠰᠢ ᠬᠦᠶ ᠵᠠᠬᠢᠷᠤᠯ ︽ᠰᠤᠷᠭᠠᠨ ᠬᠥᠮᠦᠵᠢᠯ ᠭᠡᠭᠴᠢ ᠶᠠᠭᠤ ᠪᠣᠶ︾ ᠭᠡᠬᠦ ᠰᠡᠳᠦᠪ ᠢᠶᠠᠷ ᠠᠮᠢᠳᠤᠯᠢᠭ ᠦᠭᠡ ᠬᠡᠯᠡ᠂ ᠡᠯᠪᠡᠭ ᠪᠠᠶᠠᠯᠢᠭ ᠰᠤᠷᠭᠠᠨ ᠬᠥᠮᠦᠵᠢᠯ ᠤᠨ ᠬᠡᠷᠡᠭ ᠤᠨ ᠵᠢᠱᠢᠶ᠎ᠡ ᠪᠠᠷ ᠲᠣᠰ ᠪᠡᠶ᠎ᠡ ᠶᠢᠨ ᠰᠤᠷᠭᠠᠨ ᠬᠥᠮᠦᠵᠢᠯ ᠤᠨ  ᠦᠢᠯᠡᠳᠦᠯᠭᠡ ᠲᠠᠢ ᠪᠠᠨ ᠤᠶᠠᠯᠳᠤᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠮᠥᠨ ᠴᠢᠨᠠᠷ ᠪᠠ ᠵᠢᠮ᠎ᠡ ᠶᠣᠰᠣ ᠶᠢ ᠭᠦᠨᠵᠡᠭᠡᠶ ᠵᠠᠳᠠᠯᠤᠨ ᠰᠢᠨᠵᠢᠯᠡᠪᠡ᠃ ᠲᠡᠭᠦᠨ ᠤ ᠳᠤᠷᠠᠳᠤᠭᠰᠠᠨ ︽ᠰᠤᠷᠭᠠᠨ ᠬᠥᠮᠦᠵᠢᠯ ᠪᠣᠯ ᠲᠣᠮᠣᠷᠠᠭᠤᠯᠤᠭᠴᠢ ᠰᠢᠯ ᠮᠥᠨ︾ ︽ᠰᠤᠷᠭᠠᠨ ᠬᠥᠮᠦᠵᠢᠯ ᠪᠣᠯ ᠮᠢᠺᠷᠣᠰᠺᠣᠫ ᠮᠥᠨ︾ ︽ᠰᠤᠷᠭᠠᠨ ᠬᠥᠮᠦᠵᠢᠯ ᠪᠣᠯ ᠳᠤᠷᠠᠨ ᠮᠥᠨ︾ ᠭᠡᠬᠦ ᠭᠤᠷᠪᠠᠨ ᠶᠡᠭᠡ ᠭᠤᠤᠯ ᠰᠡᠳᠦᠪ ᠨᠢ ᠲᠤᠬᠠᠶ ᠶᠢᠨ ᠲᠠᠯᠠᠪᠤᠷ ᠤᠨ ᠮᠢᠩᠭ᠎ᠠ ᠰᠢᠬᠠᠮ ᠰᠣᠨᠣᠰᠤᠭᠴᠢᠳ ᠤᠨ ᠭᠦᠨᠵᠡᠭᠡᠶ ᠪᠣᠳᠣᠯᠬᠢᠯᠠᠯ ᠪᠠ ᠬᠠᠯᠠᠭᠤᠨ ᠶᠠᠷᠢᠯᠴᠠᠭ᠎ᠠ ᠶᠢ ᠡᠭᠦᠰᠭᠡᠵᠦ᠂ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯᠲᠠᠳ ᠲᠤ ᠡᠷᠬᠢᠮ ᠨᠠᠨᠳᠢᠨ ᠰᠡᠩᠬᠡᠷᠡᠭᠦᠯᠦᠯ ᠪᠠ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃    ᠪᠤᠰᠤᠳ ᠲᠤᠰᠬᠠᠶ ᠮᠡᠷᠭᠡᠵᠢᠯᠲᠡᠨ ᠨᠡᠷ ᠴᠦ ︽ᠪᠢᠳᠡ ᠬᠠᠮᠢᠭ᠎ᠠ ᠣᠴᠢᠬᠤ ᠪᠤᠶ︾ ︽ᠰᠤᠷᠤᠯᠴᠠᠯᠭ᠎ᠠ ᠬᠡᠷᠬᠢᠨ ᠪᠤᠶ ᠪᠣᠯᠤᠭᠰᠠᠨ ᠪᠤᠶ︾ ︽ᠰᠤᠷᠭᠠᠭᠤᠯᠢ ᠳᠤ ᠶᠠᠭᠤᠨ ᠤ ᠤᠴᠢᠷ ᠠᠴᠠ ᠳᠦᠷᠢᠮ ᠲᠣᠭᠲᠠᠭᠠᠯ ᠪᠠᠶᠢᠬᠤ ᠬᠡᠷᠡᠭᠲᠡᠶ ᠪᠤᠶ︾ ︽ᠰᠤᠷᠭᠠᠭᠤᠯᠢ ᠳᠤ ᠶᠠᠮᠠᠷ ᠶᠠᠩᠵᠤ ᠶᠢᠨ ᠬᠠᠮᠢᠶᠠᠷᠤᠯᠲᠠ ᠬᠡᠷᠡᠭ ᠲᠠᠢ ᠪᠤᠶ︾ ︽ᠰᠤᠷᠭᠠᠭᠤᠯᠢ ᠭᠤᠣᠯᠯᠠᠬᠤ ᠦᠢᠯᠡᠳᠬᠦᠨ ᠢ ᠬᠡᠷᠬᠢᠨ ᠰᠤᠳᠤᠯᠤᠨ ᠨᠡᠭᠡᠭᠡᠬᠦ ᠪᠤᠢ︾ ︽ᠰᠤᠷᠭᠠᠭᠤᠯᠢ ᠶᠢᠨ ᠠᠮᠢᠵᠢᠷᠠᠯ ᠤᠨ ᠬᠦᠴᠦᠨ ᠬᠠᠮᠢᠭ᠎ᠠ ᠠᠴᠠ ᠢᠷᠡᠳᠡᠭ ᠪᠤᠶ︾ ᠵᠢᠷᠭᠤᠭᠠᠨ ᠶᠡᠭᠡ ᠭᠤᠣᠯ ᠰᠡᠳᠦᠪ ᠤᠨ ᠲᠤᠬᠠᠶ ᠭᠦᠨᠵᠡᠭᠡᠶ ᠲᠠᠶᠢᠯᠪᠤᠷᠢᠯᠠᠯᠲᠠ ᠪᠠ ᠰᠤᠳᠤᠯᠤᠨ ᠶᠠᠷᠢᠯᠴᠠᠯᠭ᠎ᠠ ᠬᠢᠭᠰᠡᠨ ᠪᠠᠶᠢᠨ᠎ᠠ᠃    ᠲᠣᠰ ᠤᠳᠠᠭᠠᠨ ᠤ ᠮᠡᠳᠡᠭᠦᠯᠦᠯᠲᠡ ᠶᠢᠨ ᠬᠤᠷᠠᠯ ᠳᠤ ᠤᠯᠠᠭᠠᠨᠬᠠᠳᠠ ᠬᠤᠲᠠ᠂ ᠰᠦᠩᠱᠠᠨ ᠲᠣᠭᠤᠷᠢᠭ᠂ ᠬᠠᠷᠠᠴᠢᠨ ᠬᠤᠰᠢᠭᠤ᠂ ᠬᠡᠰᠢᠭᠲᠡᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠵᠢᠭᠠᠨ ᠰᠤᠳᠤᠯᠬᠤ ᠲᠥᠪ ᠤᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ 124 ᠬᠤᠲᠠ ᠬᠥᠳᠡᠭᠡ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭ ᠤᠨ ᠭᠡᠰᠢᠭᠦᠨ ᠮᠢᠩᠭ᠎ᠠ ᠰᠢᠬᠠᠮ  ᠬᠦᠮᠦᠰ ᠤᠷᠤᠯᠴᠠᠪᠠ᠃ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠲᠤᠷᠰᠢᠯᠭ᠎ᠠ ᠶᠢ ᠤᠯᠠᠮ ᠨᠢᠭᠡ ᠠᠯᠬᠤᠮ ᠰᠤᠷᠤᠯᠴᠠᠨ ᠯᠠᠪᠯᠠᠯᠲᠠ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠥᠯᠭᠢᠨ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号