ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ | ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠢᠷᠡᠭᠡᠳᠦᠶ ᠶᠢ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠠᠷᠢᠨ | ᠪᠤᠳᠤᠯᠢᠶᠠᠨᠲᠠᠶ ᠬᠤᠷᠸ᠎ᠠ ᠠᠵᠤ ᠠᠬᠤᠶ ᠶᠢᠨ ᠪᠠᠶᠢᠳᠠᠯ ᠪᠣᠯᠤᠨ ᠬᠦᠨᠳᠦ ᠨᠦᠰᠡᠷ ᠥᠭᠡᠷᠡᠴᠢᠯᠡᠯᠲᠡ ᠬᠥᠭᠵᠢᠯᠲᠡ ᠶᠢᠨ | ᠡᠭᠦᠷᠭᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ | ᠲᠣᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ ᠶᠢᠨ | ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ | ᠬᠥᠭᠵᠢᠯᠲᠡ ᠶᠢᠨ ᠰᠠᠭᠤᠷᠢ ᠶᠢ ᠪᠠᠲᠤ ᠪᠠᠬᠢ ᠴᠣᠭᠴᠠᠯᠠᠵᠤ᠂ ᠡᠯ᠎ᠡ ᠵᠦᠢᠯ ᠤᠨ ᠠᠵᠢᠯ ᠢᠶᠠᠨ ᠨᠡᠯᠢᠶᠡᠳ ᠰᠠᠶᠢᠨ | ᠪᠡᠶᠡᠯᠡᠭᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 313.4 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 14.7 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 88.8 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 121.7 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 43592 ᠲᠥᠭᠦᠷᠢᠭ ᠪᠠ 23019 | ᠲᠥᠭᠦᠷᠢᠭ ᠲᠤ ᠬᠥᠷᠪᠡ᠃ | ᠡᠨᠡ ᠨᠢᠭᠡ ᠵᠢᠯ ᠳᠤ᠂ ᠪᠢᠳᠡ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠢᠶᠠᠷ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠢᠯᠡᠳᠲᠡ ᠳᠡᠭᠡᠭᠰᠢᠯᠡᠭᠦᠯᠪᠡ᠃ ᠠᠵᠤ | ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠶ ᠡᠬᠢᠯᠡᠭᠦᠯᠪᠡ᠃ ᠠᠵᠤ | ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ 4 ᠨᠡᠮᠡᠭᠳᠡᠭᠦᠯᠵᠦ᠂ | ᠶᠡᠷᠦᠩᠬᠡᠶ ᠬᠡᠮᠵᠢᠶ᠎ᠡ ᠶᠢ 36 ᠪᠣᠯᠭᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠶ ᠥᠷᠲᠡᠭ ᠢ 61.9 ᠳ᠋ᠦᠩᠰᠢᠭᠤᠷ ᠲᠥᠭᠦᠷᠢᠭ ᠲᠤ ᠬᠦᠷᠭᠡᠪᠡ᠃ ︽ᠤᠯᠤᠰ ᠤᠨ ᠳᠡᠭᠡᠳᠦ ᠰᠢᠨ᠎ᠡ ᠮᠡᠷᠭᠡᠵᠢᠯ | ︾ ︽ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠠᠵᠤ ᠠᠬᠤᠶᠢᠯᠠᠯ︾ ᠤᠨ 68 ᠠᠵᠤ ᠠᠬᠤᠶᠢᠯᠠᠯ ᠢ | ᠮᠠᠭᠠᠳᠯᠠᠨ ᠳᠡᠩᠰᠡᠯᠡᠵᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠴᠢᠳᠠᠮᠵᠢ ᠶᠢ ᠥᠷᠭᠡᠳᠬᠡᠨ | ᠦᠷ᠎ᠡ ᠠᠰᠢᠭ ᠢ ᠨᠡᠮᠡᠭᠳᠡᠭᠦᠯᠬᠦ 6 ᠠᠵᠤ ᠠᠬᠤᠶᠢᠯᠠᠯ ᠢ ᠪᠡᠶᠡᠯᠡᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠠᠵᠤ ᠦᠢᠯᠡᠳᠪᠦᠷᠢ ᠶᠢ ᠶᠡᠭᠡ ᠪᠠᠷ ᠡᠬᠢᠯᠡᠭᠦᠯᠬᠦ︾ ᠶᠢ | ᠭᠦᠨᠵᠡᠭᠡᠶ ᠥᠷᠨᠢᠭᠦᠯᠵᠦ᠂ 917 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠷᠡᠭᠴᠡᠭᠡ ᠶᠢ ᠦᠨᠳᠦᠰᠦᠯᠡᠨ | ᠬᠥᠭᠵᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠰᠢᠶᠠ ᠵᠢᠶᠠ ᠳ᠋ᠢᠶᠠᠨ ᠤ ᠳᠤᠮᠳᠠ ᠵᠢᠵᠢᠭ ᠠᠵᠤ | ᠠᠬᠤᠶᠢᠯᠠᠯ ᠤᠨ ᠬᠦᠷᠢᠶᠡᠯᠡᠩ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠦᠷᠢᠯᠡᠪᠡ | ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠠᠵᠢᠯ ᠠᠩᠬ᠎ᠠ | ᠠᠯᠬᠤᠮ ᠤᠨ ᠦᠷ᠎ᠡ ᠪᠦᠲᠦᠮᠵᠢ ᠣᠯᠵᠤ᠂ 11 ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠵᠦ᠂ ᠨᠢᠶᠠᠨ ᠽᠢ ᠭᠸᠦ | ᠂ ᠭᠦᠸᠧ ᠸᠧᠶ ᠵᠡᠷᠭᠡ ᠠᠭᠤᠷᠬᠠᠶ ᠶᠢᠨ ᠦᠢᠯᠡᠰ ᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ ᠠᠩᠴᠢᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠰᠢᠨ᠎ᠡ ᠠᠮᠵᠢᠯᠲᠠ ᠣᠯᠵᠤ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 14 ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠤᠨ᠂ 9 | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ 80 ᠠᠵᠤ ᠠᠬᠤᠶᠢᠯᠠᠯ ᠣᠷᠣᠵᠤ | ᠰᠠᠭᠤᠭᠠᠳ᠂ 5.2 ᠳ᠋ᠦᠩᠰᠢᠭᠤᠷ ᠲᠥᠭᠦᠷᠢᠭ ᠤᠨ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠬᠢᠵᠦ᠂ ᠤᠰᠤ | ᠲᠠᠲᠠᠬᠤ ᠢᠨᠵᠧᠨᠧᠷᠢᠩ᠂ ᠬᠤᠲᠠ ᠶᠢᠨ ᠶᠠᠪᠤᠳᠠᠯ ᠤᠨ ᠵᠠᠮ᠂ ᠲᠡᠮᠦᠷ ᠵᠠᠮ ᠤᠨ ᠤᠲᠠᠰᠤ ᠲᠠᠲᠠᠬᠤ ᠵᠡᠷᠭᠡ 6 ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠰᠢᠨ ᠺᠧ ᠬᠦᠷᠢᠶᠡᠯᠡᠩ ᠲᠣᠭᠤᠷᠢᠭ ᠲᠤ | 13 ᠠᠵᠤ ᠠᠬᠤᠶᠢᠯᠠᠯ ᠰᠢᠨ᠎ᠡ ᠪᠠᠷ ᠣᠷᠣᠵᠤ ᠰᠠᠭᠤᠭᠠᠳ᠂ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ 72 | ᠪᠣᠯᠵᠣ᠂ ᠵᠢᠯ ᠤᠨ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠲᠤ ᠬᠦᠷᠴᠦ᠂ 3.37 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠲᠢᠶᠠᠨ ᠢ ᠵᠠᠮ᠂ ᠲᠢᠶᠠᠨ ᠢ ᠬᠦᠭᠦᠷᠭᠡ ᠶᠢᠨ ᠭᠤᠤᠯ | ᠴᠣᠭᠴᠠ ᠶᠢᠨ ᠪᠠᠷᠢᠯᠭ᠎ᠠ ᠳᠠᠭᠤᠰᠴᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠨᠡᠪᠴᠢᠭᠦᠯᠬᠦ ᠬᠦᠷᠢᠶᠡᠯᠡᠩ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠦᠨᠡᠮᠰᠢᠭᠳᠡᠪᠡ᠃ ᠤᠳᠤ | ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ᠤᠯᠤᠰ ᠤᠨ ᠴᠢᠬᠤᠯᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ | ᠠᠮᠤ ᠪᠤᠳᠠᠭ᠎ᠠ ᠳᠠᠷᠢᠬᠤ ᠲᠠᠯᠠᠪᠠᠶ ᠶᠢ 200 ᠲᠦᠮᠡᠨ ᠮᠥ ᠳᠤ ᠬᠦᠷᠦᠭᠦᠯᠵᠦ᠂ ᠨᠢᠭᠲᠠ ᠲᠠᠷᠢᠬᠤ ᠥᠨᠳᠥᠷ | ᠤᠨᠠᠯᠲᠠ ᠶᠢᠨ ᠮᠡᠷᠭᠡᠵᠢᠯ ᠢ 14 ᠲᠦᠮᠡᠨ ᠮᠥ ᠳᠤ ᠳᠡᠯᠭᠡᠷᠡᠭᠦᠯᠦᠨ ᠬᠡᠷᠡᠭᠯᠡᠵᠦ᠂ ᠮᠥ ᠪᠦᠷᠢ ᠶᠢᠨ ᠤᠨᠠᠯᠲᠠ ᠶᠢ ᠴᠥᠮ | 150 ᠵᠢᠩ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 17 ᠳ᠋ᠦᠩᠰᠢᠭᠤᠷ ᠵᠢᠩ ᠠᠴᠠ ᠳᠡᠭᠡᠭᠰᠢ ᠳᠤ | ᠲᠤᠭᠲᠠᠪᠤᠷᠢᠵᠢᠭᠤᠯᠪᠠ᠃ 20 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠤᠬᠠᠶ ᠶᠢᠨ ᠲᠠᠯᠠᠪᠤᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠪᠡ᠃ 2.75 ᠲᠦᠮᠡᠨ ᠮᠥ ᠲᠥᠬᠦᠭᠡᠷᠦᠮᠵᠢᠳᠤ | ᠲᠠᠷᠢᠶᠠᠯᠠᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 1.75 ᠲᠦᠮᠡᠨ ᠮᠥ ᠠᠵᠤ ᠠᠬᠤᠶ ᠶᠢᠨ ᠣᠶ ᠶᠢ | ᠬᠥᠭᠵᠢᠭᠦᠯᠵᠦ᠂ ᠠᠯᠠᠰᠢᠨ ᠦᠬᠡᠷ᠂ ᠠᠯᠠᠰᠢᠨ ᠬᠤᠨᠢ 21.5 ᠲᠦᠮᠡᠨ ᠲᠣᠯᠣᠭᠠᠶ ᠪᠠ 65 ᠲᠦᠮᠡᠨ ᠲᠣᠯᠣᠭᠠᠶ᠂ | ᠭᠠᠭ᠋ᠠᠶ ᠶᠢᠨ ᠭᠠᠷᠭᠠᠯᠲᠠ 180 ᠲᠦᠮᠡ ᠳᠤ ᠬᠦᠷᠪᠡ᠃ ᠰᠢᠨ᠎ᠡ ᠪᠠᠷ ᠬᠥᠭᠵᠢᠭᠦᠯᠦᠭᠰᠡᠨ ᠦᠷ᠎ᠡ ᠶᠢᠨ | ᠪᠦᠲᠦᠭᠡᠭᠳᠡᠬᠦᠨ ᠤ ᠲᠠᠯᠠᠪᠠᠢ 7.6 ᠲᠦᠮᠡᠨ ᠮᠦ ᠳᠤ ᠬᠦᠷᠴᠦ᠂ ᠯᠦᠩ ᠫᠢᠩ ᠳᠡᠭᠡᠳᠦ ᠵᠡᠷᠭᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠠᠯᠠᠭ᠎ᠠ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠦᠷ᠎ᠡ ᠶᠢᠨ ᠦᠢᠯᠡᠰ ᠤᠨ 4 | ᠲᠣᠯᠣᠭᠠᠶᠢᠯᠠᠭᠴᠢ ᠠᠵᠤ ᠠᠬᠤᠶᠢᠯᠠᠯ ᠰᠦᠩᠱᠠᠨ ᠳᠤ ᠰᠠᠭᠤᠷᠢᠰᠢᠪᠠ︔ ᠰᠢᠨ᠎ᠡ ᠪᠠᠷ ᠬᠥᠭᠵᠢᠭᠦᠯᠦᠭᠰᠡᠨ ᠤᠮᠠᠷᠠᠲᠤ ᠶᠢᠨ | ᠬᠤᠷᠣᠬᠠᠶ ᠡᠪᠡᠰᠦᠨ ᠤ ᠬᠦᠯᠡᠮᠵᠢ 304 ᠰᠠᠭᠤᠷᠢ ᠪᠠᠶᠢᠵᠤ᠂ ᠤᠮᠠᠷᠠᠲᠤ ᠶᠢᠨ ᠬᠤᠷᠣᠬᠠᠶ ᠡᠪᠡᠰᠦᠨ ᠤ ᠠᠺᠠᠳᠧᠮᠢᠴᠢ | ᠯᠢ ᠲᠢᠶᠠᠨ ᠯᠠᠶ ᠶᠢᠨ ᠲᠤᠰᠬᠠᠶ ᠮᠡᠷᠭᠡᠵᠢᠯᠲᠡᠨ ᠤ ᠠᠵᠢᠯ ᠤᠨ ᠦᠷᠳᠡᠭᠡ ᠵᠢᠩᠬᠢᠨᠢ ᠪᠠᠷ ᠪᠠᠶᠢᠭᠤᠯᠤᠭᠳᠠᠪᠠ︔ | ᠠᠷᠪᠠᠶ ᠶᠢᠨ ᠠᠵᠤ ᠦᠢᠯᠡᠰ ᠢ 5.1 ᠲᠦᠮᠡᠨ ᠮᠥ ᠰᠢᠨ᠎ᠡ ᠪᠠᠷ ᠬᠥᠭᠵᠢᠭᠦᠯᠵᠦ᠂ ᠠᠷᠪᠠᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠵᠢᠭ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠨᠴᠠᠯᠢᠭᠳᠤ ᠠᠵᠤ ᠦᠢᠯᠡᠰ ᠢ | ᠪᠥᠬᠦ ᠬᠡᠯᠬᠢᠶ᠎ᠡ ᠪᠠᠷ ᠬᠥᠭᠵᠢᠭᠦᠯᠪᠡ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠤᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠨ᠎ᠡ ᠪᠠᠷ 11 ᠨᠡᠮᠡᠭᠳᠡᠭᠦᠯᠵᠦ᠂ ᠪᠣᠬᠢᠷᠲᠤᠯ ᠥᠬᠡᠶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ | ᠨᠣᠷᠮ᠎ᠠ 99.8% ᠪᠠᠶᠢᠵᠤ᠂ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠰᠢᠶᠠᠨ︾ ᠢᠶᠠᠷ ᠦᠨᠡᠯᠡᠭᠳᠡᠪᠡ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ | ᠲᠤᠭᠲᠠᠭᠤᠨ ᠢᠶᠠᠷ ᠬᠦᠭᠵᠢᠪᠡ᠃ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ 3.15 ᠳ᠋ᠦᠩᠰᠢᠭᠤᠷ ᠲᠥᠭᠦᠷᠢᠭ ᠤᠨ ᠭᠠᠳᠠᠭᠠᠳᠤ | ᠪᠡᠯᠡ ᠶᠢ ᠬᠡᠷᠡᠭᠯᠡᠨ᠂ 11 ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠪᠤᠶᠢᠵᠢᠭᠤᠯᠵᠤ᠂ 5700 ᠲᠦᠮᠡᠨ | ᠲᠥᠭᠦᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ᠃ ᠣᠲᠣ ᠶᠢᠨ ᠪᠠᠶᠢᠭ᠎ᠠ ᠲᠣᠮᠣ ᠬᠡᠯᠪᠡᠷᠢ ᠶᠢᠨ ᠬᠤᠳᠠᠯᠳᠤᠭᠠᠨ ᠤ | ᠭᠤᠤᠯ ᠴᠣᠭᠴᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ | ᠬᠡᠪᠴᠢᠶᠡᠵᠢᠯ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ 10 ᠪᠣᠯᠵᠣ᠂ 11 ᠰᠥᠨᠢ ᠶᠢᠨ | ᠠᠵᠤ ᠠᠬᠤᠶ ᠶᠢᠨ ᠲᠥᠪᠯᠡᠷᠡᠯ ᠤᠨ ᠣᠷᠣᠨ ᠤ ᠡᠵᠡᠩᠨᠡᠯᠲᠡ ᠶᠢᠨ ᠤᠷᠤᠯᠭ᠎ᠠ 5 ᠳ᠋ᠦᠩᠰᠢᠭᠤᠷ ᠲᠥᠭᠦᠷᠢᠭ ᠢ ᠳᠠᠪᠠᠪᠠ᠃ | ᠠᠷᠠᠯᠵᠢᠶ᠎ᠡ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠲᠠᠪᠴᠠᠩ ᠤᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ | ᠲᠡᠭᠦᠯᠳᠡᠷᠵᠢᠵᠦ᠂ 312 ᠠᠵᠤ ᠠᠬᠤᠶᠢᠯᠠᠯ ᠣᠷᠣᠵᠤ ᠰᠠᠭᠤᠭᠠᠳ᠂ ᠦᠢᠯᠡᠳᠬᠦᠨ ᠤ ᠥᠷᠲᠡᠭ ᠨᠢ 20 | ᠳ᠋ᠦᠩᠰᠢᠭᠤᠷ ᠲᠥᠭᠦᠷᠢᠭ ᠢ ᠳᠠᠪᠠᠵᠤ᠂ ᠬᠤᠲᠠ ᠶᠢᠨ ᠲᠤᠳᠤᠷ᠎ᠠ ᠦᠢᠯᠡᠳᠪᠦᠷᠢᠯᠡᠯ ᠲᠠᠢ᠂ ᠬᠥᠮᠦᠨ ᠪᠠ ᠬᠤᠲᠠ ᠡᠶ᠎ᠡ | ᠵᠣᠬᠢᠴᠠᠯ ᠲᠠᠢ ᠦᠢᠯᠡᠳᠪᠦᠷᠢᠯᠡᠯ ᠪᠠ ᠬᠤᠲᠠ ᠶᠢᠨ ᠠᠭᠤᠰᠤᠯᠳᠤᠨ ᠬᠥᠭᠵᠢᠬᠦ ᠰᠠᠭᠤᠷᠢ ᠶᠢ ᠲᠠᠯᠪᠢᠭᠰᠠᠨ ᠪᠠᠶᠢᠨ᠎ᠠ᠃ | 2.39 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠢᠨᠬᠤᠸᠠ ᠰᠣᠶᠣᠯ ᠤᠨ ᠬᠥᠮᠥᠷᠭᠡᠯᠡᠨ ᠬᠠᠳᠠᠭᠠᠯᠠᠬᠤ | ᠡᠳ᠋ ᠪᠠᠷᠠᠭᠠᠨ ᠤ ᠭᠦᠢᠯᠭᠡᠭᠡ ᠵᠡᠷᠭᠡ 5 ᠲᠦᠷᠦᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠠᠷᠠᠯᠵᠢᠶ᠎ᠠ | ᠬᠤᠳᠠᠯᠳᠤᠭᠠᠨ ᠤ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ | ᠠᠮᠵᠢᠯᠲᠠ ᠲᠠᠢ ᠪᠡᠶᠡᠯᠡᠭᠦᠯᠪᠡ᠃ ︽ᠰᠦᠩᠱᠠᠨ ᠲᠣᠭᠤᠷᠢᠭ ᠤᠨ ᠬᠠᠪᠤᠷ ᠤᠨ ᠤᠯᠠᠷᠢᠯ ᠤᠨ ᠴᠡᠴᠡᠭ ᠰᠣᠨᠢᠷᠬᠠᠬᠤ | ᠠᠶᠠᠯᠠᠯ︾ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠰᠣᠳᠣᠨ ᠱᠤᠭᠤᠮ ᠳᠤ ᠰᠣᠩᠭᠤᠭᠳᠠᠵᠤ᠂ ᠮᠦ | ᠵᠢᠶᠠ ᠶᠢᠩᠽᠢ ᠪᠠᠯᠭᠠᠰᠤᠨ ᠤ ᠭᠦ᠋ ᠳ᠋ᠦ᠋ ᠾᠧ ᠲᠣᠰᠬᠤᠨ ᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ | ᠰᠣᠶᠣᠯ ᠵᠤᠭᠠᠴᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠵᠦ᠂ ᠪᠦᠬᠦ ᠲᠤᠭᠤᠷᠢᠭ ᠲᠤ | 117.7 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 24.7 | ᠳ᠋ᠦᠩᠰᠢᠭᠤᠷ ᠲᠥᠭᠦᠷᠢᠭ ᠲᠤ ᠬᠦᠷᠪᠡ᠃ | ᠡᠨᠡ ᠨᠢᠭᠡ ᠵᠢᠯ ᠳᠤ᠂ ᠪᠢᠳᠡ ᠬᠥᠭᠵᠢᠯᠲᠡ ᠶᠢᠨ ᠴᠢᠳᠠᠪᠤᠷᠢ ᠶᠢᠨ ᠳᠡᠰ ᠢ ᠲᠦᠷᠭᠡᠨ ᠪᠥᠭᠡᠳ ᠲᠣᠭᠲᠠᠭᠤᠨ ᠢᠶᠠᠷ | ᠳᠡᠭᠡᠭᠰᠢᠯᠡᠭᠦᠯᠵᠦ᠂ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠪᠠ᠃ ᠤᠨᠢᠨ | ᠳᠡᠭᠡᠷ᠎ᠡ ᠨᠢ ᠬᠦᠴᠦᠯᠡᠵᠦ ᠪᠠᠶᠢᠭᠠᠳ ᠠᠷᠠᠯᠵᠢᠶᠠᠴᠢᠨ ᠤᠷᠢᠬᠤ ᠬᠢᠷᠢ ᠬᠡᠮ ᠪᠠ ᠦᠷ᠎ᠡ ᠠᠰᠢᠭ ᠢ ᠳᠡᠭᠡᠭᠰᠢᠯᠡᠭᠦᠯᠪᠡ᠃ | ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ | ᠲᠡᠷᠢᠭᠦᠨ ᠳᠤ ᠲᠠᠯᠪᠢᠬᠤ ᠣᠨᠣᠯᠵᠢᠬᠤᠨ ᠢ ᠳᠣᠪᠤᠶᠢᠯᠭᠠᠵᠤ᠂ ᠭᠠᠵᠠᠷ ᠤᠨ ᠲᠠᠰ ᠤᠨ ᠤᠳᠤᠷᠢᠳᠤᠯᠭ᠎ᠠ ᠲᠦᠷᠦᠭᠦᠯᠡᠨ | ᠬᠤᠳᠠᠯᠳᠤᠭᠠᠴᠢᠨ ᠤᠷᠢᠬᠤ᠂ ᠪᠥᠬᠦ ᠠᠵᠢᠯᠲᠠᠨ ᠬᠤᠳᠠᠯᠳᠤᠭᠠᠴᠢᠨ ᠤᠷᠢᠬᠤ ᠶᠢ ᠪᠠᠷᠢᠮᠲᠠᠯᠠᠨ᠂ ᠨᠢᠭᠡ ᠲᠠᠯ᠎ᠠ ᠪᠠᠷ ︽ | ᠬᠡᠯᠬᠢᠶᠡᠵᠢᠭᠰᠡᠨ ᠡᠵᠡᠨ︾ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠲᠠᠯ᠎ᠠ ᠪᠠᠷ ᠳᠡᠭᠡᠳᠦ ᠳᠣᠤᠷᠠᠳᠤ | ᠤᠷᠤᠰᠬᠠᠯ ᠤᠨ ᠠᠵᠤ ᠠᠬᠤᠶᠢᠯᠠᠯ ᠳᠤ ᠣᠷᠣᠭᠤᠯᠵᠤ᠂ ᠪᠥᠬᠦ ᠵᠢᠯ ᠳᠤ 99 ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ ᠢ ᠪᠡᠶᠡᠯᠡᠭᠦᠯᠵᠦ᠂ ᠨᠡᠶᠢᠲᠡ 482.47 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢᠨ ᠲᠦᠯᠦᠪᠯᠡᠭᠡ ᠶᠢ ᠪᠡᠶᠡᠯᠡᠭᠦᠯᠵᠦ᠂ 80 ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ | ᠡᠬᠢᠯᠡᠭᠦᠯᠵᠦ᠂ 51.7 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠤᠲᠠᠲᠠᠶᠢᠵᠢᠭᠤᠯᠪᠠ᠃ ᠭᠤᠣᠯᠳᠠᠯᠭ᠎ᠠ ᠲᠠᠢ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠲᠦᠯᠬᠢᠨ ᠠᠬᠢᠭᠤᠯᠪᠠ᠃ | 5000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 39 ᠬᠡᠷᠡᠭᠵᠢᠭᠦᠯᠵᠦ᠂ 94. | 05 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠲᠥᠪ ᠤᠨ ᠵᠠᠮ᠂ ᠪᠠᠷᠢᠮᠵᠢᠶᠠᠲᠤ ᠬᠡᠷ ᠪᠠᠶᠢᠰᠢᠩ ᠤᠨ ᠭᠤᠷᠪᠠᠳᠤᠭᠠᠷ ᠬᠤᠭᠤᠴᠠᠭ᠎ᠠ ᠵᠡᠷᠭᠡ 10 | ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠪᠠ᠃ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠴᠢᠩᠭᠠᠷᠠᠭᠤᠯᠤᠨ᠂ ᠢᠳᠡᠪᠬᠢᠲᠡᠶ ᠪᠠᠷ ︽ᠶᠠᠮᠤᠨ ᠲᠢᠩᠬᠢᠮ ᠳᠤ ᠣᠷᠣᠵᠤ︾᠂ ᠳᠡᠭᠡᠳᠦ ᠱᠠᠲᠤᠨ ᠤ ᠡᠯ᠎ᠡ | ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ 8.93 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠠᠳᠠᠯᠢ | ᠬᠤᠭᠤᠴᠠᠭᠠᠨ ᠤ ᠬᠢ ᠠᠴᠠ571% ᠪᠠᠷ ᠨᠡᠮᠡᠭᠳᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 117 ︽ᠣᠷᠣᠨ ᠪᠦᠰᠡ | ᠠᠯᠤᠰᠯᠠᠨ ᠨᠡᠶᠢᠳᠡᠮ ᠰᠢᠢᠳᠪᠦᠷᠢᠯᠡᠬᠦ︾ ᠵᠦᠢᠯᠡᠰ ᠲᠤ ︽ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ | ᠵᠥᠷᠢᠶ᠎ᠡ ᠥᠬᠡᠶ ᠪᠠᠷ ᠰᠢᠢᠳᠪᠦᠷᠢᠯᠡᠬᠦ︾ ᠶᠢ ᠪᠡᠶᠡᠯᠡᠭᠦᠯᠵᠦ᠂ 138 ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ 929 ᠵᠦᠢᠯᠡᠰ ᠲᠤ ︽ᠨᠢᠭᠡ ᠴᠣᠩᠬᠤ ᠪᠠᠷ | ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠵᠦ᠂ ︽ᠤᠷᠢᠳᠴᠢᠯᠠᠨ ᠪᠤᠯᠵᠤᠵᠤ ᠭᠦᠢᠴᠡᠳᠬᠡᠬᠦ᠂ ᠬᠤᠶᠢᠰᠢᠯᠠᠭᠤᠯᠤᠨ | ᠭᠦᠢᠴᠡᠳᠬᠡᠬᠦ᠂ ᠬᠦᠷᠢᠶᠡᠯᠡᠩ ᠲᠣᠭᠤᠷᠢᠭ ᠤᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ | ᠵᠡᠷᠭᠡ ᠤᠨᠴᠠᠯᠢᠭᠳᠤ ᠦᠢᠯᠡᠴᠢᠯᠡᠭᠡᠨ ᠢ ᠰᠢᠨ᠎ᠡ ᠪᠠᠷ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 1 | ᠲᠦᠮᠡ ᠭᠠᠷᠤᠶ ᠡᠷᠦᠬᠡ ᠰᠢᠨ᠎ᠡ ᠪᠠᠷ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ | ᠡᠨᠡ ᠨᠢᠭᠡ ᠵᠢᠯ ᠳᠤ᠂ ᠪᠢᠳᠡ ᠬᠥᠮᠦᠨ ᠢᠶᠠᠷ ᠦᠨᠳᠦᠰᠦ ᠪᠣᠯᠭᠠᠨ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠤᠲᠠ ᠶᠢᠨ ᠶᠠᠰᠤ ᠴᠢᠨᠠᠷ ᠨᠠᠷᠢᠯᠢᠭ ᠭᠤᠶᠢᠳᠠ ᠰᠠᠶᠢᠬᠠᠨ ᠪᠣᠯᠤᠭᠰᠠᠨ | ᠪᠠᠶᠢᠨ᠎ᠠ᠃ ᠬᠤᠳᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ 6.06 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ | ᠣᠷᠣᠭᠤᠯᠤᠯᠲᠠ ᠲᠠᠢ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 12 | ᠬᠡᠰᠡᠭ 4.32 ᠲᠦᠮᠡᠨ ᠲᠡᠭᠰᠢ ᠳᠥᠷᠪᠡᠯᠵᠢᠨ ᠮᠧᠲᠷ ᠤᠨ ᠴᠡᠴᠡᠷᠯᠢᠭ ᠤᠨ ᠤᠰᠤᠨ ᠰᠢᠰᠲ᠋ᠧᠮ ᠢ ᠳᠡᠭᠡᠭᠰᠢᠯᠡᠭᠦᠯᠬᠦ | ᠢᠨᠵᠧᠨᠧᠷᠢᠩ ᠢ ᠪᠡᠶᠡᠯᠡᠭᠦᠯᠵᠦ᠂ 13 ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ ᠬᠥᠮᠦᠨ ᠤ ᠵᠠᠮ ᠢ ᠰᠡᠯᠪᠢᠨ | ᠵᠠᠰᠠᠵᠤ᠂ 6.17 ᠲᠦᠮᠡᠨ ᠲᠡᠭᠰᠢ ᠳᠥᠷᠪᠡᠯᠵᠢᠨ ᠮᠧᠲᠷ ᠪᠦᠰᠡᠯᠡᠯᠲᠡ ᠶᠢᠨ ᠬᠠᠰᠢᠯᠭ᠎ᠠ ᠶᠢ ᠰᠢᠨ᠎ᠡ ᠪᠠᠷ | ᠪᠠᠶᠢᠭᠤᠯᠤᠭᠰᠠᠨ ᠪᠠ ᠰᠡᠯᠪᠢᠨ ᠵᠠᠰᠠᠵᠤ᠂ 6 ᠲᠠᠰᠤᠷᠬᠠᠶ ᠵᠠᠮ ᠢ ᠨᠡᠪᠲᠡᠷᠡᠭᠦᠯᠵᠦ᠂ 11 ᠬᠡᠰᠡᠭ 16 ᠲᠦᠮᠡᠨ ᠲᠡᠭᠰᠢ | ᠳᠥᠷᠪᠡᠯᠵᠢᠨ ᠮᠧᠲᠷ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 358 ᠲᠦᠮᠡᠨ ᠲᠡᠭᠰᠢ | ᠳᠥᠷᠪᠡᠯᠵᠢᠨ ᠮᠧᠲᠷ ᠤᠨ 97 ᠬᠠᠭᠤᠴᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ ᠯᠢᠨ ᠾᠧ ᠨᠡᠶᠢᠭᠡᠮ | ᠲᠣᠭᠤᠷᠢᠭ ᠤᠨ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠡᠮᠬᠢ | ᠵᠢᠷᠤᠮ ᠲᠠᠢ ᠠᠬᠢᠭᠤᠯᠪᠠ᠃ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠦᠩᠵᠸᠦ ᠵᠠᠮ ᠤᠨ | ᠤᠮᠠᠷᠠᠰᠢ ᠨᠡᠪᠲᠡᠷᠡᠬᠦ ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ 8962 ᠲᠦᠮᠡᠨ | ᠲᠥᠭᠦᠷᠢᠭ ᠤᠨ ᠪᠡᠯᠡ ᠣᠷᠣᠭᠤᠯᠤᠭᠰᠠᠨ ᠰᠢᠨ᠎ᠡ ᠬᠤᠳᠠ ᠲᠣᠭᠤᠷᠢᠭ᠂ ᠡᠮᠦᠨ᠎ᠡ ᠬᠤᠳᠠ ᠲᠣᠭᠤᠷᠢᠭ ᠤᠨ ᠪᠣᠷᠣᠭᠠᠨ ᠤ | ᠤᠰᠤᠨ ᠤ ᠬᠥᠭᠡᠷᠭᠡ ᠶᠢᠨ ᠦᠷᠳᠡᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ 31 | ᠤᠶᠤᠨᠲᠤ ᠲᠡᠷᠭᠡᠨ ᠵᠣᠭᠰᠣᠭᠠᠯ ᠢ ᠡᠬᠢᠯᠡᠨ ᠠᠵᠢᠯᠯᠠᠭᠤᠯᠵᠤ᠂ ᠬᠤᠭ ᠨᠣᠪᠰᠢ ᠶᠢ ᠲᠦᠷᠦᠯ ᠬᠤᠪᠢᠶᠠᠨ ᠵᠢᠱᠢᠶ᠎ᠡ | ᠦᠵᠡᠭᠦᠯᠬᠦ ᠲᠣᠭᠤᠷᠢᠭ ᠢ ᠲᠣᠭᠲᠠᠭᠤᠨ ᠢᠶᠠᠷ ᠪᠦᠳᠦᠭᠡᠨ ᠪᠠᠶᠢᠭᠤᠯᠵᠤ᠂ ᠤᠶᠤᠨᠲᠤ ᠬᠢᠨᠠᠨ ᠬᠠᠮᠢᠶᠠᠷᠤᠯᠲᠠ ᠶᠢᠨ | ᠲᠠᠪᠴᠠᠩ ᠤᠨ ᠦᠷ᠎ᠡ ᠪᠦᠲᠦᠮᠵᠢ ᠲᠤᠪᠤᠶᠢᠮ᠎ᠠ ᠪᠤᠯᠵᠤ᠂ ᠬᠤᠳᠠ ᠶᠢᠨ ᠨᠠᠷᠢᠯᠢᠭ ᠵᠠᠰᠠᠯᠲᠠ ᠶᠢ ᠤᠶᠤᠨᠴᠢᠯᠠᠬᠤ ᠲᠡᠶᠢᠰᠢ | ᠤᠷᠤᠭᠰᠢᠯᠠᠭᠤᠯᠪᠠ᠃ ᠬᠥᠳᠡᠭᠡ ᠲᠣᠰᠬᠤᠨ ᠤ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠵᠠᠰᠠᠭ | ᠵᠠᠬᠢᠷᠭᠠᠨ ᠤ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠵᠢᠱᠢᠶ᠎ᠡ ᠦᠵᠡᠭᠦᠯᠬᠦ | ᠲᠣᠰᠬᠤᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠰᠢᠶᠠ ᠵᠢᠶᠠ ᠳ᠋ᠢᠶᠠᠨ ᠰᠢᠶᠠᠩ ᠤᠨ | ᠳ᠋ᠦᠩ ᠰᠢᠨ ᠵᠢᠩ ᠲᠤᠰᠬᠤᠨ᠂ ᠰᠠᠨ ᠵᠢᠶᠠ ᠲᠣᠰᠬᠤᠨ ︽ᠭᠤᠷᠪᠠᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ | ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠤᠰᠬᠤᠨ︾ ᠪᠠᠷ ᠦᠨᠡᠯᠡᠭᠳᠡᠪᠡ᠃ ᠤᠯᠤᠰ ᠤᠨ ᠵᠠᠮ ᠤᠨ 111 | ᠱᠤᠭᠤᠮ ᠤᠨ ᠴᠧᠩᠽᠢ ᠠᠴᠠ ᠮᠦ ᠵᠢᠶᠠ ᠶᠢᠩᠽᠢ ᠬᠦᠷᠬᠦ ᠬᠡᠰᠡᠭ ᠢ ᠪᠦᠬᠦ ᠲᠠᠯ᠎ᠠ ᠪᠠᠷ ᠡᠬᠢᠯᠡᠭᠦᠯᠵᠦ᠂ ᠭᠠᠩᠽᠢ ᠠᠴᠠ | ᠱᠢ ᠰᠠᠨ ᠲᠠᠢ ᠪᠦᠦ ᠬᠦᠷᠬᠦ ᠵᠠᠰᠠᠮᠠᠯ ᠵᠠᠮ ᠤᠨ ᠠᠬᠢᠴᠠ ᠤᠷᠤᠭᠰᠢᠲᠠᠶ ᠪᠠᠶᠢᠨ᠎ᠠ᠃ ᠬᠥᠳᠡᠭᠡ ᠲᠣᠰᠬᠤᠨ ᠤ ᠵᠠᠰᠠᠮᠠᠯ | ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ 77 ᠬᠡᠰᠡᠭ 69.2 ᠺᠢᠯᠣᠮᠧᠲᠷ᠂ ᠨᠤᠷᠠᠬᠤ ᠠᠶᠤᠯᠲᠠᠶ 3 | ᠬᠥᠭᠦᠷᠭᠡ ᠶᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ ᠬᠠᠲᠠᠭᠤᠷᠠᠭᠤᠯᠤᠨ ᠨᠡᠪᠲᠡᠷᠡᠭᠦᠯᠬᠦ 19.6 ᠺᠢᠯᠣᠮᠧᠲᠷ᠂ | ᠲᠣᠰᠬᠤᠨ ᠤ ᠵᠠᠮ ᠳᠤ ᠨᠡᠪᠲᠡᠷᠡᠭᠦᠯᠬᠦ ᠠᠶᠤᠯᠭᠦᠶ ᠶᠢᠨ ᠰᠡᠷᠭᠡᠶᠢᠯᠡᠨ ᠬᠠᠮᠠᠭᠠᠯᠠᠬᠤ 43.3 ᠺᠢᠯᠣᠮᠧᠲᠷ ᠤᠨ | ᠢᠨᠵᠧᠨᠧᠷᠢᠩ ᠢ ᠪᠡᠶᠡᠯᠡᠭᠦᠯᠪᠡ᠃ 137 ᠺᠢᠯᠣᠮᠧᠲᠷ ᠥᠨᠳᠥᠷ ᠪᠣᠭᠤᠨᠢ ᠳᠠᠷᠤᠯᠲᠠᠲᠤ ᠱᠤᠭᠤᠮ ᠢ ᠰᠢᠨ᠎ᠡ ᠪᠠᠷ | ᠥᠭᠡᠷᠡᠴᠢᠯᠡᠨ ᠪᠠᠶᠢᠭᠤᠯᠵᠤ᠂ 27 ᠭᠠᠵᠠᠷ ᠤᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠪᠠᠶᠢᠭᠤᠯᠵᠤ᠂ | ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 100% ᠳᠤ ᠬᠦᠷᠴᠦ᠂ ᠠᠶᠢᠯ | ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢᠨ ᠦᠷ᠎ᠡ ᠪᠦᠲᠦᠮᠵᠢ ᠢᠯᠡᠳᠲᠡ ᠪᠣᠯᠪᠠ᠃ ᠠᠮᠢ ᠠᠬᠤᠢ ᠶᠢᠨ | ᠵᠠᠰᠠᠯᠲᠠ ᠶᠢᠨ ᠦᠷ᠎ᠡ ᠪᠦᠲᠦᠮᠵᠢ ᠲᠤᠪᠤᠶᠢᠮ᠎ᠠ ᠪᠣᠯᠪᠠ᠃ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ | ᠴᠥᠭᠦᠷᠥᠮ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ 56 ᠡᠵᠡᠨ ᠥᠬᠡᠶ | ᠠᠭᠤᠷᠬᠠᠶ ᠶᠢ ᠰᠡᠷᠭᠦᠭᠡᠨ ᠵᠠᠰᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ 30 ᠺᠢᠯᠣᠮᠧᠲᠷ ᠤᠰᠤᠨ ᠵᠠᠮ ᠤᠨ | ᠲᠤᠨᠤᠮᠠᠯ ᠤᠰᠤ ᠶᠢ ᠵᠠᠰᠠᠵᠤ ᠨᠡᠪᠲᠡᠷᠡᠭᠦᠯᠬᠦ᠂ 36 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢᠨ | ᠢᠳᠡᠭᠳᠡᠯ ᠢ ᠵᠠᠰᠠᠬᠤ ᠶᠢ ᠪᠡᠶᠡᠯᠡᠭᠦᠯᠵᠦ᠂ 85 ᠲᠦᠮᠡᠨ ᠮᠥ ᠤᠰᠤ ᠠᠷᠪᠢᠯᠠᠬᠤ ᠤᠰᠤᠯᠠᠯᠲᠠ ᠶᠢ ᠳᠡᠯᠭᠡᠷᠡᠭᠦᠯᠦᠨ᠂ | 128.8 ᠲᠦᠮᠡᠨ ᠮᠥ ᠴᠠᠬᠢᠯᠭᠠᠨ ᠢᠶᠠᠷ ᠤᠰᠤ ᠶᠢ ᠨᠤᠭᠤᠯᠵᠤ᠂ ᠵᠢᠯ ᠳᠤ 1.56 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠤᠰᠤ ᠠᠷᠪᠢᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠶᠡᠷᠦᠩᠬᠡᠶᠢᠯᠡᠭᠰᠡᠨ | ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠲᠤᠬᠠᠶ ᠶᠢᠨ ᠲᠠᠯᠠᠪᠤᠷ ᠤᠨ ᠬᠤᠷᠠᠯ ᠢ ᠠᠮᠵᠢᠯᠲᠠ ᠲᠠᠢ ᠡᠷᠭᠢᠯᠡᠪᠡ᠃ | 31 ᠠᠶᠢᠯ ᠲᠣᠰᠬᠤᠨ ᠤ ᠨᠣᠭᠤᠭᠠᠷᠠᠭᠤᠯᠤᠯᠲᠠ ᠵᠢᠴᠢ ᠮᠤᠵᠢ ᠶᠢᠨ ᠵᠠᠮ ᠤᠨ 219 ᠱᠤᠭᠤᠮ ᠳᠠᠭᠠᠤ ᠶᠢᠨ ᠠᠮᠢ | ᠠᠬᠤᠶ ᠶᠢ ᠰᠡᠷᠭᠦᠭᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠴᠢᠨᠠᠷ ᠰᠠᠶᠢᠲᠠᠶ ᠥᠷᠨᠢᠭᠦᠯᠵᠦ᠂ 5.45 | ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 7.6 ᠾᠧᠺᠲ᠋ᠠᠷ | ᠵᠣᠬᠢᠶᠠᠮᠠᠯ ᠴᠢᠭᠢᠭᠯᠢᠭ ᠭᠠᠵᠠᠷ ᠢ ᠪᠠᠶᠢᠭᠤᠯᠪᠠ᠃ ᠳᠡᠭᠡᠳᠦ ᠱᠠᠲᠤᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ | ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠶᠢ ᠯᠠᠪᠳᠠᠭᠤᠨ ᠢᠶᠠᠷ | ᠠᠬᠢᠭᠤᠯᠪᠠ᠃ ᠲᠥᠪ ᠬᠤᠲᠠ ᠶᠢᠨ ᠲᠣᠭᠤᠷᠢᠭ ᠤᠨ ᠠᠭᠠᠷ ᠤᠨ ᠰᠢᠯᠢᠳᠡᠭ ᠰᠠᠶᠢᠨ ᠨᠣᠷᠮ᠎ᠠ 94.4%᠂ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠲᠣᠰ ᠤᠯᠠᠷᠢᠯ ᠤᠨ ᠪᠤᠴᠠᠭᠠᠨ ᠬᠤᠷᠢᠶᠠᠭᠰᠠᠨ ᠨᠣᠷᠮ᠎ᠠ | 85%᠂ ᠡᠰᠢ ᠰᠦᠷᠡᠯ ᠤᠨ ᠶᠡᠷᠦᠩᠬᠡᠶᠢᠯᠡᠭᠰᠡᠨ ᠠᠰᠢᠭᠯᠠᠯᠲᠠ ᠶᠢᠨ ᠨᠣᠷᠮ᠎ᠠ 91%᠂ ᠤᠯᠤᠰ ᠤᠨ ᠪᠠ ᠮᠤᠵᠢ ᠶᠢᠨ | ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠨᠣᠷᠮ᠎ᠠ 100%᠂ ᠬᠤᠲᠠ ᠶᠢᠨ | ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% | ᠪᠣᠯᠤᠨ᠎ᠠ᠃ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠶᠠᠷ ᠢ ᠡᠵᠡᠮᠳᠡᠬᠦ︾ ᠠᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ 40 ᠰᠤᠷᠭᠠᠭᠤᠯᠢ ᠶᠢᠨ ︽ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ︾ ᠶᠢ ᠳᠡᠯᠭᠡᠷᠡᠭᠦᠯᠵᠦ᠂ ᠰᠢᠨ᠎ᠡ ᠬᠤᠳᠠ ᠶᠢᠨ ᠢᠯᠴᠢ ᠴᠠᠬᠢᠯᠭᠠᠨ ᠭᠠᠯ | ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠭᠦᠯᠵᠦ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠠᠯᠬᠤᠴᠠ ᠶᠢ ᠤᠯᠠᠮ ᠨᠢᠭᠡ ᠠᠯᠬᠤᠮ | ᠲᠦᠷᠭᠡᠳᠬᠡᠪᠡ᠃ | ᠡᠨᠡ ᠨᠢᠭᠡ ᠵᠢᠯ ᠳᠤ᠂ ᠪᠢᠳᠡ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠦᠢᠯᠡᠴᠢᠯᠡᠭᠡᠨ ᠤ ᠬᠠᠩᠭᠠᠯᠭ᠎ᠠ ᠶᠢ | ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠡᠯᠪᠡᠭ ᠳᠡᠯᠪᠡᠭ ᠪᠣᠯᠪᠠ᠃ ᠨᠡᠶᠢᠭᠡᠮ ᠤᠨ ᠪᠠᠲᠤᠯᠠᠭ᠎ᠠ | ᠨᠡᠩ ᠬᠦᠴᠦᠲᠡᠶ ᠪᠣᠯᠪᠠ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 36.3 ᠳ᠋ᠦᠩᠰᠢᠭᠤᠷ | ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 77.4% ᠶᠢ ᠡᠵᠡᠯᠡᠪᠡ᠃ | ᠬᠤᠳᠠ ᠪᠠᠯᠭᠠᠰᠤᠨ ᠤ 3100 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ | ᠬᠥᠳᠡᠯᠮᠦᠷᠢ ᠶᠢᠨ ᠬᠦᠴᠦᠨ ᠢ 10.9 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.47% ᠶᠢᠨ ᠳᠣᠲᠣᠷ᠎ᠠ ᠪᠠᠶᠢᠯᠭᠠᠬᠤ ᠶᠢ | ᠪᠠᠲᠤᠯᠠᠪᠠ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 98. | 2% ᠲᠤ ᠬᠦᠷᠴᠦ᠂ ᠬᠦᠴᠢᠷᠳᠡᠯᠲᠡᠶ ᠬᠠᠮᠲᠤᠯᠢᠭ ᠤᠨ ᠳᠠᠭᠠᠳᠬᠠᠯ ᠳᠤ ᠣᠷᠣᠯᠴᠠᠬᠤ ᠶᠢ ᠬᠠᠮᠤᠷᠬᠤ ᠶᠢ ᠪᠡᠶᠡᠯᠡᠭᠦᠯᠪᠡ᠃ | ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠶᠢ ᠨᠡᠶᠢᠲᠡ 1.93 ᠳ᠋ᠦᠩᠰᠢᠭᠤᠷ ᠲᠥᠭᠦᠷᠢᠭ ᠲᠠᠷᠬᠠᠭᠠᠵᠤ᠂ | 7.7 ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃ ᠵᠣᠯᠭᠠᠯᠳᠤᠭᠤᠯᠬᠤ ᠪᠠᠯᠠ ᠮᠥᠩᠭᠦ ᠶᠢ 2.27 | ᠳ᠋ᠦᠩᠰᠢᠭᠤᠷ ᠲᠥᠭᠦᠷᠢᠭ ᠣᠷᠣᠭᠤᠯᠵᠤ᠂ 88 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠦᠨ᠂ | ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ 12.8% ᠨᠡᠮᠡᠭᠳᠡᠵᠦ | ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠢᠵᠠᠭᠠᠷ ᠱᠤᠭᠤᠮ ᠢ ᠪᠠᠲᠤ ᠰᠠᠬᠢᠪᠠ᠃ | ᠰᠢᠯᠢᠳᠡᠭ ᠰᠤᠷᠭᠠᠨ ᠬᠥᠮᠦᠵᠢᠯ ᠢ ᠨᠡᠩ ᠲᠡᠩᠴᠡᠭᠦᠷᠢᠲᠡᠶ ᠪᠤᠯᠭᠠᠪᠠ᠃ ᠭᠠᠵᠠᠷ ᠰᠢᠨᠵᠢᠯᠡᠭᠡᠨ ᠤ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠰᠢᠨ᠎ᠡ ᠬᠠᠶ᠋ᠢᠭ᠂ ᠰᠦᠩᠱᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ | ᠬᠤᠪᠢᠶᠠᠷᠢ ᠰᠤᠷᠭᠠᠭᠤᠯᠢ ᠵᠡᠷᠭᠡ ᠰᠤᠷᠭᠠᠭᠤᠯᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ | ᠠᠷᠪᠠᠨ ᠬᠤᠶᠠᠳᠤᠭᠠᠷ ᠪᠠᠭ᠎ᠠ ᠰᠤᠷᠭᠠᠭᠤᠯᠢ᠂ ᠠᠷᠪᠠᠨ ᠳᠣᠯᠣᠳᠤᠭᠠᠷ ᠪᠠᠭ᠎ᠠ ᠰᠤᠷᠭᠠᠭᠤᠯᠢ ᠶᠢ ᠥᠷᠭᠡᠳᠬᠡᠨ | ᠪᠠᠶᠢᠭᠤᠯᠬᠤ ᠵᠡᠷᠭᠡ 4 ᠲᠦᠷᠦᠯ ᠵᠦᠢᠯ ᠤᠨ ᠭᠤᠣᠯ ᠴᠣᠭᠴᠠ ᠶᠢ ᠪᠠᠷᠢᠵᠤ ᠳᠠᠭᠤᠰᠬᠠᠨ᠂ ᠰᠦᠩᠱᠠᠨ ᠤ ᠨᠠᠢᠮᠠᠳᠤᠭᠠᠷ | ᠳᠤᠮᠳᠠᠳᠤ ᠰᠤᠷᠭᠠᠭᠤᠯᠢ ᠶᠢᠨ ᠶᠢᠰᠦᠨ ᠵᠢᠯ ᠤᠨ ᠳᠦᠷᠢᠮᠲᠦ ᠣᠳᠣᠬᠢᠴᠢᠯᠠᠭᠰᠠᠨ ᠦᠯᠢᠭᠡᠷ ᠬᠡᠪ ᠤᠨ ᠰᠤᠷᠭᠠᠭᠤᠯᠢ ᠶᠢ | ᠡᠬᠢᠯᠡᠨ ᠪᠦᠳᠦᠭᠡᠨ ᠪᠠᠶᠢᠭᠤᠯᠪᠠ᠃ 269 ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠪᠡᠭᠡᠵᠢᠩ ᠤᠨ ᠱᠢ ᠵᠢᠶᠠ | ᠰᠤᠷᠭᠠᠨ ᠬᠥᠮᠦᠵᠢᠯ ᠤᠨ ᠪᠦᠯᠦᠭᠯᠡᠯ ᠵᠡᠷᠭᠡ ᠰᠢᠯᠢᠳᠡᠭ ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠨ ᠰᠣᠯᠢᠯᠴᠠᠵᠤ᠂ | ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠶᠢᠨ ᠵᠢᠩᠬᠢᠨᠢ ᠠᠩᠬᠢ ᠳᠤ ᠤᠷᠤᠭᠰᠠᠨ ᠨᠤᠷᠮ᠎ᠠ ᠪᠦᠬᠦ | ᠬᠤᠳᠠ ᠳᠤ ᠲᠡᠷᠢᠭᠦᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃ | ᠡᠮ ᠡᠮᠨᠡᠯᠭᠡ ᠶᠢᠨ ᠦᠢᠯᠡᠴᠢᠯᠡᠭᠡ ᠨᠢ ᠠᠷᠠᠳ ᠲᠤ ᠨᠡᠩ ᠢᠯᠡᠭᠦᠦ ᠠᠰᠢᠭ ᠬᠦᠷᠳᠡᠭᠡᠪᠡ᠃ ᠰᠦᠩᠱᠠᠨ ᠡᠮᠨᠡᠯᠭᠡ ᠶᠢᠨ | ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡᠭᠴᠢᠨ ᠵᠡᠷᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ | ᠠᠮᠵᠢᠯᠲᠠ ᠲᠠᠢ ᠪᠠᠷ ᠳᠡᠪᠰᠢᠭᠦᠯᠵᠦ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠳᠤ ᠬᠢᠷᠢ | ᠲᠡᠩᠴᠡᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠬᠠᠶ᠋ᠢᠭ ᠂ ᠰᠦᠩᠱᠠᠨ ᠤ ᠬᠢᠲᠠᠳ | ᠮᠤᠩᠭᠤᠯ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠭᠤᠤᠯ ᠴᠣᠭᠴᠠ ᠶᠢ | ᠪᠠᠶᠢᠭᠤᠯᠤᠨ ᠳᠠᠭᠤᠰᠬᠠᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ | ᠠᠯᠬᠤᠴᠠ ᠶᠢ ᠦᠷᠭᠦᠯᠵᠢᠯᠡᠨ ᠲᠦᠷᠭᠡᠳᠬᠡᠪᠡ᠃ ᠨᠡᠶᠢᠭᠡᠮ ᠤᠨ ᠦᠢᠯᠡᠰ ᠨᠡᠩ ᠳᠠᠪᠰᠢᠯᠲᠠ ᠲᠠᠢ ᠪᠣᠯᠪᠠ᠃ ᠵᠧᠨ | ᠰᠢᠩ ᠵᠡᠭᠡᠯᠢ ᠭᠤᠳᠤᠮᠵᠢ ᠶᠢᠨ ᠰᠦᠩ ᠴᠧᠩ ᠨᠡᠶᠢᠭᠡᠮ ᠲᠣᠭᠤᠷᠢᠭ ︽ᠪᠦᠬᠦ ᠤᠯᠤᠰ ᠤᠨ ᠵᠢᠱᠢᠶ᠎ᠡ ᠦᠵᠡᠭᠦᠯᠬᠦ | ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ ᠢᠶᠠᠷ ᠦᠨᠡᠯᠡᠭᠳᠡᠵᠦ᠂ ᠢᠦᠢ | ᠯᠦᠩ ᠵᠡᠭᠡᠯᠢ ᠭᠤᠳᠤᠮᠵᠢ ᠶᠢᠨ ᠬᠤᠸᠠ ᠹᠦ᠋ ᠱᠠᠩ ᠴᠧᠩ ᠨᠡᠶᠢᠭᠡᠮ ᠲᠣᠭᠤᠷᠢᠭ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠵᠦ᠂ ᠨᠠᠰᠤᠨ ᠳᠤ ᠦᠯᠦ | ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠫᠠᠶᠢᠰᠠ ᠡᠯᠭᠦᠨ ᠠᠰᠢᠭᠯᠠᠯᠲᠠ ᠳᠤ ᠣᠷᠣᠵᠤ᠂ ᠨᠢᠭᠡ | ᠨᠠᠰᠤᠲᠠᠨ ᠨᠢᠭᠡ ᠨᠢᠯᠬᠠᠰ ᠤᠨ ᠦᠢᠯᠡᠴᠢᠯᠡᠭᠡᠨ ᠤ ᠰᠢᠰᠲ᠋ᠧᠮ ᠢ ᠨᠡᠩ ᠪᠦᠷᠢᠨᠰᠢᠭᠦᠯᠪᠡ᠃ ᠠᠰᠠᠷᠠᠨ ᠬᠠᠷᠠᠭᠠᠯᠵᠠᠵᠤ | ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 4833 ᠲᠦᠮᠡᠨ | ᠲᠥᠭᠦᠷᠢᠭ ᠤᠨ ᠠᠰᠠᠷᠠᠨ ᠬᠠᠷᠠᠭᠠᠯᠵᠠᠬᠤ ᠪᠠᠯᠠ ᠮᠥᠩᠭᠦ ᠲᠠᠷᠬᠠᠭᠠᠵᠤ᠂ ᠴᠡᠷᠢᠭ ᠠᠴᠠ ᠬᠠᠯᠠᠭᠳᠠᠭᠰᠠᠨ ᠺᠠᠳ᠋ᠷ᠂ | ᠴᠡᠷᠢᠭ ᠠᠴᠠ ᠬᠠᠯᠠᠭᠳᠠᠭᠰᠠᠨ 23 ᠲᠦᠷᠦᠭᠦᠴᠢ ᠶᠢ ᠲᠥᠪᠬᠢᠨᠡᠭᠦᠯᠪᠡ᠃ ᠣᠯᠠᠨ ᠲᠦᠮᠡᠨᠴᠢ ᠴᠢᠨᠠᠷᠲᠠᠶ ᠰᠣᠶᠣᠯ ᠤᠨ | ᠠᠵᠢᠯᠯᠠᠭ᠎ᠠ ᠶᠢ 36 ᠲᠠᠯᠠᠪᠠᠶ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ 112 ᠲᠠᠯᠠᠪᠠᠶ᠂ ᠡᠯ᠎ᠡ ᠲᠥᠷᠥᠯ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠢ 352 ᠲᠠᠯᠠᠪᠠᠶ ᠥᠷᠨᠢᠭᠦᠯᠵᠦ᠂ ︽ᠪᠥᠬᠦ ᠠᠷᠠᠳ ᠤᠨ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠰᠢᠶᠠᠨ︾ ᠢᠶᠠᠷ ᠦᠨᠡᠯᠡᠭᠳᠡᠵᠦ᠂ ᠲᠣᠭᠤᠷᠢᠭ ᠤᠨ ᠨᠣᠮ ᠤᠨ ᠰᠠᠩ ︽ | ᠤᠯᠤᠰ ᠤᠨ ᠨᠢᠭᠡᠳᠦᠭᠡᠷ ᠳᠡᠰ ᠤᠨ ᠨᠣᠮ ᠤᠨ ᠰᠠᠩ︾ ᠤᠨ ᠢᠷᠠᠭᠤ ᠠᠯᠳᠠᠷ ᠢ ᠭᠥᠷᠳᠡᠵᠦ᠂ ᠰᠦᠩᠴᠧᠩ | ᠤᠯᠠᠭᠠᠨᠮᠥ᠋ᠴᠢᠷ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ︽ᠠᠷᠪᠠᠨ ᠰᠢᠯᠢᠳᠡᠭ ᠠᠷᠠᠳ ᠤᠨ | ᠵᠦᠴᠦᠭᠡ ᠶᠢᠨ ᠪᠦᠯᠬᠦᠮ︾ ᠢᠶᠠᠷ ᠦᠨᠡᠯᠡᠭᠳᠡᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ | ᠪᠠᠶᠢᠭᠤᠯᠭ᠎ᠠ ᠶᠢᠨ ᠬᠡᠷᠡᠭ ᠶᠠᠪᠤᠳᠠᠯ᠂ ᠴᠠᠭ ᠠᠭᠤᠷ᠂ ᠭᠠᠳᠠᠭᠠᠳᠤ ᠶᠠᠪᠤᠳᠠᠯ᠂ ᠲᠠᠩᠰᠠ ᠡᠪᠬᠡᠮᠡᠯ ᠪᠠ ᠣᠷᠣᠨ | ᠨᠤᠲᠤᠭ ᠤᠨ ᠣᠶᠢᠯᠠᠯᠭ᠎ᠠ ᠵᠡᠷᠭᠡ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ᠂ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠦᠬᠡᠳ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠤᠯᠠᠭᠠᠨ ᠵᠠᠭᠠᠯᠮᠠᠶᠢᠳᠠᠨ᠂ ᠵᠡᠮᠳᠡᠭᠴᠦᠳ ᠵᠡᠷᠭᠡ ᠠᠵᠢᠯ ᠦᠢᠯᠡᠰ ᠰᠢᠨ᠎ᠡ ᠠᠮᠵᠢᠯᠲᠠ ᠪᠦᠲᠦᠮᠵᠢ ᠤᠯᠪᠠ᠃ | ᠡᠨᠡ ᠨᠢᠭᠡ ᠵᠢᠯ ᠳᠤ᠂ ᠪᠢᠳᠡ ᠬᠥᠭᠵᠢᠯᠲᠡ ᠪᠠ ᠠᠮᠤᠷ ᠲᠦᠪᠰᠢᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠪᠠᠶᠢᠳᠠᠯ ᠢ ᠢᠮᠠᠭᠲᠠ ᠨᠢᠭᠡᠳᠦᠯᠲᠡᠢ ᠲᠥᠯᠥᠪᠵᠢᠭᠦᠯᠪᠡ᠃ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠤᠷ ᠠᠮᠤᠭᠤᠯᠠᠩ ᠰᠦᠩᠱᠠᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠪᠠ ᠰᠦᠯᠵᠢᠶᠡᠨ ᠮᠡᠬᠡᠯᠡᠯᠲᠡ ᠶᠢ | ᠡᠰᠡᠷᠭᠦᠴᠡᠬᠦ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠲᠤᠭᠤᠷᠢᠭ ᠤᠨ ᠡᠷᠡᠭᠦᠤ ᠶᠢᠨ | ᠬᠡᠷᠡᠭ ᠤᠨ ᠬᠡᠷᠡᠭ ᠢᠯᠡᠷᠡᠭᠦᠯᠬᠦ ᠨᠣᠷᠮ᠎ᠠ ᠶᠢ 11% ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠤ ᠬᠡᠷᠡᠭ ᠢ | 21% ᠪᠠᠷ ᠪᠠᠭᠤᠷᠠᠭᠤᠯᠪᠠ᠃ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠤᠯᠠᠨ ᠡᠰᠢᠲᠦ ᠰᠦᠯᠵᠢᠶ᠎ᠡ ᠶᠢ ᠨᠢᠭᠲᠠ | ᠰᠦᠯᠵᠢᠪᠡ᠃ ︽ᠬᠦᠨᠳᠦ ᠰᠤᠷᠪᠤᠯᠵᠢᠯᠠᠭ᠎ᠠ ᠶᠢ ᠵᠠᠰᠠᠬᠤ᠂ ᠳᠠᠷᠤᠭᠳᠠᠮᠠᠯ ᠬᠡᠷᠡᠭ ᠢ ᠠᠷᠢᠯᠭᠠᠬᠤ᠂ ᠲᠣᠭᠲᠠᠭᠤᠨ | ᠪᠠᠶᠢᠳᠠᠯ ᠢ ᠠᠬᠢᠭᠤᠯᠬᠤ︾ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ 168 ᠵᠦᠢᠯᠡᠰ ᠢ ᠳᠠᠷᠠᠭᠠᠯᠠᠨ ᠪᠠᠶᠢᠴᠠᠭᠠᠨ ᠠᠷᠢᠯᠭᠠᠵᠤ᠂ ᠰᠢᠢᠳᠪᠦᠷᠢᠯᠡᠭᠰᠡᠨ ᠨᠤᠷᠮ᠎ᠠ ᠨᠢ | 85.7% ᠳᠤ ᠬᠦᠷᠪᠡ᠃ 4316 ᠬᠤᠪᠢ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ᠂ | ᠡᠶᠡᠳᠡᠭᠦᠯᠦᠭᠡᠳ ᠠᠮᠵᠢᠯᠲᠠ ᠣᠯᠤᠭᠰᠠᠨ ᠨᠤᠷᠮ᠎ᠠ ᠨᠢ 99.6% ᠳᠤ ᠬᠦᠷᠴᠡᠶ᠃ ᠮᠦ ᠵᠢᠶᠠ ᠶᠢᠩᠽᠢ ᠪᠠᠯᠭᠠᠰᠤ ᠶᠢᠨ | ︽ᠲᠣᠰᠬᠤᠨ ᠢ ᠰᠠᠭᠤᠭᠠᠯᠢ ᠲᠤᠭᠤᠷᠢᠭ ᠪᠣᠯᠭᠠᠨ ᠥᠭᠡᠷᠡᠴᠢᠯᠡᠬᠦ︾ ᠵᠥᠷᠢᠴᠡᠯ ᠵᠢᠭᠤᠷᠠᠯᠳᠤᠭᠠᠨ ᠤ ᠠᠵᠢᠯ ᠤᠨ | ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠵᠢᠭᠰᠠᠭᠠᠪᠠ᠃ ᠬᠢᠵᠠᠭᠠᠷ | ᠱᠤᠭᠤᠮ ᠤᠨ ᠰᠡᠳᠬᠢᠬᠦᠶ ᠶᠢ ᠪᠠᠲᠤ ᠪᠠᠬᠢ ᠪᠤᠢ ᠪᠤᠯᠭᠠᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠦᠯᠡᠳᠡᠭᠡᠯ ᠥᠷᠢ ᠥᠭᠴᠡᠭᠡ ᠶᠢ ᠲᠣᠭᠲᠠᠭᠤᠨ ᠢᠶᠠᠷ | ᠰᠢᠢᠳᠪᠦᠷᠢᠯᠡᠵᠦ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠂ ᠥᠷᠢ ᠥᠭᠴᠡᠭᠡ ᠶᠢᠨ ᠬᠦᠤ | ᠮᠥᠩᠭᠦ ᠶᠢ ᠪᠠᠭᠤᠷᠠᠭᠤᠯᠬᠤ᠂ ᠰᠣᠯᠢᠵᠤ ᠳᠠᠬᠢᠨ ᠵᠣᠬᠢᠶᠠᠨ ᠪᠠᠶᠢᠭᠤᠯᠬᠤ᠂ ᠵᠣᠭᠤᠰ ᠪᠤᠴᠠᠭᠠᠬᠤ ᠲᠥᠯᠥᠪᠯᠡᠭᠡ ᠳᠤ | ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠬᠦᠤ ᠮᠥᠩᠭᠦ ᠶᠢᠨ ᠵᠠᠷᠤᠯᠭ᠎ᠠ ᠶᠢ 2.18 ᠳ᠋ᠦᠩᠰᠢᠭᠤᠷ | ᠲᠥᠭᠦᠷᠢᠭ ᠪᠠᠭᠠᠰᠬᠠᠵᠤ᠂ ᠤᠯᠤᠰ ᠤᠨ ᠳᠠᠯᠳᠠ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ | ᠲᠤᠷᠰᠢᠯᠲᠠ ᠶᠢᠨ ᠭᠠᠵᠠᠷ ᠣᠷᠣᠨ ᠤ 6.52 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠣᠯᠵᠤ᠂ ᠪᠥᠬᠦ | ᠬᠤᠲᠠ ᠶᠢᠨ ᠴᠣᠷ ᠤᠨ ᠭᠠᠭᠴᠠ ᠲᠤᠷᠰᠢᠯᠲᠠ ᠶᠢᠨ ᠭᠠᠵᠠᠷ ᠣᠷᠣᠨ ᠪᠤᠯᠪᠠ᠃ 1230 ᠬᠤᠪᠢ 41.68 | ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠲᠠᠩᠰᠠᠨ ᠵᠣᠭᠤᠰ ᠢ ᠪᠥᠬᠦ ᠲᠠᠯ᠎ᠠ ᠪᠠᠷ ᠴᠡᠪᠡᠷᠯᠡᠪᠡ᠃ 5 ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠦᠷᠦᠯ ᠵᠦᠢᠯ ᠤᠨ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠶᠢᠨ ᠣᠨ ᠤ ᠰᠢᠩᠭᠡᠭᠡᠯᠲᠡ ᠶᠢᠨ ᠡᠭᠦᠷᠭᠡ ᠶᠢ ᠴᠢᠨᠠᠷ | ᠰᠠᠶᠢᠲᠠᠶ ᠪᠡᠶᠡᠯᠡᠭᠦᠯᠪᠡ᠃ ᠵᠠᠮ ᠬᠠᠷᠢᠯᠴᠠᠭ᠎ᠠ᠂ ᠬᠤᠲᠠ ᠪᠠᠯᠭᠠᠰᠤ ᠶᠢᠨ ᠰᠢᠲᠠᠮᠠᠬᠠᠶ ᠬᠡᠢ᠂ ᠪᠥᠳᠥᠭᠡᠨ | ᠪᠠᠶᠢᠭᠤᠯᠤᠯᠲᠠ ᠶᠢᠨ ᠪᠠᠷᠢᠯᠭ᠎ᠠ᠂ ᠢᠳᠡᠭᠡᠨ ᠪᠠ ᠡᠮ ᠤᠨ ᠵᠦᠢᠯ ᠵᠡᠷᠭᠡ ᠬᠦᠷᠢᠶᠡᠨ ᠤ ᠠᠮᠤᠷ ᠲᠦᠪᠰᠢᠨ ᠤ ᠲᠠᠯᠳᠠ | ᠭᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ ᠠᠷᠢᠯᠭᠠᠨ᠂ ᠭᠤᠣᠯᠳᠠᠯᠭ᠎ᠠ ᠲᠠᠢ ᠬᠡᠰᠡᠭ᠂ ᠭᠤᠭᠴᠤᠭ᠎ᠠ ᠶᠢ 4.47 | ᠲᠦᠮᠡᠨ ᠤᠳᠠᠭ᠎ᠠ ᠪᠠᠶᠢᠴᠠᠭᠠᠵᠤ᠂ ᠪᠥᠬᠦ ᠵᠢᠯ ᠳᠤ ᠠᠶᠤᠯ ᠥᠭᠡᠢ ᠦᠢᠯᠡᠳᠪᠦᠷᠢᠯᠡᠯ ᠤᠨ ᠬᠦᠨᠳᠦ ᠶᠡᠭᠡ ᠡ᠊ᠨᠳᠡᠯ | ᠭᠠᠷᠤᠭᠰᠠᠨ ᠥᠭᠡᠢ᠃ | ᠡᠨᠡ ᠨᠢᠭᠡ ᠵᠢᠯ ᠳᠤ᠂ ᠪᠢᠳᠡ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯᠯᠠᠭᠠᠨ ᠪᠣᠳᠠᠲᠤ ᠠᠵᠢᠯᠯᠠᠭ᠎ᠠ ᠶᠢ | ᠡᠷᠬᠢᠮᠯᠡᠨ ᠥᠨᠳᠥᠷ ᠪᠦᠲᠦᠮᠵᠢᠲᠡᠶ ᠶᠠᠪᠤᠭᠳᠠᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷ ᠵᠠᠰᠠᠭ ᠤᠨ ᠣᠷᠳᠣᠨ ᠤ ᠠᠵᠢᠯ ᠤᠨ | ᠡᠯ᠎ᠡ ᠬᠦᠷᠢᠶᠡᠨ ᠤ ᠪᠦᠬᠦ ᠶᠠᠪᠤᠴᠠ ᠳᠤ ᠲᠤᠤᠱᠯᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠯ ᠰᠢᠢᠳᠪᠦᠷᠢ ᠶᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ 290 ᠵᠦᠢᠯ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ 442 ᠵᠦᠢᠯ ᠢ ᠰᠢᠢᠳᠪᠦᠷᠢᠯᠡᠵᠦ᠂ ᠰᠢᠢᠳᠪᠦᠷᠢᠯᠡᠵᠦ ᠥᠭᠭᠦᠭᠰᠡᠨ ᠨᠤᠷᠮ᠎ᠠ᠂ | ᠰᠡᠳᠬᠢᠯ ᠬᠠᠨᠤᠮᠵᠢᠲᠠᠶ ᠪᠣᠯᠤᠭᠰᠠᠨ ᠨᠤᠷᠮ᠎ᠠ ᠴᠥᠮ 100% ᠳᠤ ᠬᠦᠷᠪᠡ᠃ ᠲᠠᠪᠤᠳᠤᠭᠠᠷ ᠤᠳᠠᠭᠠᠨ ᠤ ᠪᠦᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠦᠷᠭᠦᠯᠵᠢᠯᠡᠨ ᠭᠦᠨᠵᠡᠭᠡᠶᠢᠷᠡᠪᠡ᠃ ︽ᠭᠤᠷᠪᠠᠨ | ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠬᠢᠨᠠᠮᠠᠭᠠᠶ ᠭᠦᠢᠴᠡᠳᠬᠡᠵᠦ᠂ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠡᠮᠦᠨ᠎ᠡ ᠬᠠᠤᠯᠢ ᠰᠤᠷᠬᠤ ᠠᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠬᠦ ᠨᠤᠷᠮ᠎ᠠ ᠶᠢ 100% ᠪᠠᠷ ᠪᠠᠲᠤᠯᠠᠵᠤ᠂ ︽ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ | ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠤᠱᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ | ᠪᠠᠷᠢᠮᠲᠠᠯᠠᠵᠤ᠂ ᠭᠤᠷᠪᠠᠨ ᠵᠦᠢᠯ ᠤᠨ ᠠᠯᠪᠠᠨ ᠤ ᠵᠠᠷᠤᠳᠠᠯ ᠢ ᠦᠷᠭᠦᠯᠵᠢᠯᠡᠨ ᠪᠠᠭᠤᠷᠠᠭᠤᠯᠪᠠ᠃ ᠠᠵᠢᠯ ᠤᠨ | ᠰᠤᠷᠲᠠᠯ ᠢᠶᠠᠨ ᠨᠡᠩ ᠤᠬᠠᠮᠰᠠᠷ ᠠᠴᠠ ᠪᠠᠨ ᠰᠠᠶᠢᠵᠢᠷᠠᠭᠤᠯᠵᠤ᠂ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ | ᠵᠣᠪᠠᠨᠢᠯ ᠢ ᠰᠢᠢᠳᠪᠦᠷᠢᠯᠡᠬᠦ᠂ ᠪᠣᠳᠠᠲᠠᠶ ᠶᠠᠪᠤᠳᠠᠯ ᠪᠦᠲᠦᠭᠡᠬᠦ ᠶᠢ ᠨᠡᠩ ᠴᠢᠬᠤᠯᠠᠴᠢᠯᠠᠵᠤ᠂ ᠠᠷᠠᠳ ᠲᠤ ᠲᠦᠬᠦᠮ | ᠦᠵᠡᠭᠦᠯᠬᠦ 12345 ᠬᠠᠯᠠᠮᠰᠢᠯ ᠤᠲᠠᠰᠤ ᠪᠠᠷ ᠬᠠᠷᠢᠭᠤ ᠲᠤᠰᠬᠠᠭᠰᠠᠨ ᠬᠡᠷᠡᠭ ᠶᠠᠪᠤᠳᠠᠯ ᠢ 15000 ᠭᠠᠷᠤᠶ | ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠡᠷᠬᠢᠮ ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠭᠠᠳᠠᠭᠠᠳᠤ ᠣᠷᠴᠢᠨ ᠲᠣᠭᠤᠷᠢᠨ ᠠᠴᠠ | ᠪᠣᠯᠤᠭᠰᠠᠨ ᠥᠷᠢᠰᠥᠯᠳᠦᠭᠡᠨ ᠢ ᠢᠳᠡᠪᠬᠢᠲᠡᠢ ᠠᠷᠭᠠᠴᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ | ᠰᠣᠭᠤᠭ ᠢ ᠲᠣᠬᠢᠲᠠᠢ ᠰᠢᠢᠳᠪᠦᠷᠢᠯᠡᠵᠦ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ | ᠦᠢᠯᠡᠰ ᠲᠣᠭᠲᠠᠭᠤᠨ ᠡᠷᠡᠭᠦᠯ ᠢᠶᠠᠷ ᠬᠥᠭᠵᠢᠵᠦ᠂ ᠪᠦᠬᠦ ᠵᠢᠯ ᠤᠨ ᠡᠯ᠎ᠡ ᠵᠦᠢᠯ ᠤᠨ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠵᠦ᠂ ᠨᠡᠩ ᠡᠷᠡᠰ ᠪᠠᠲᠤ ᠠᠭᠤᠵᠢᠭᠤ ᠲᠠᠯᠪᠢᠭᠤ ᠰᠦᠩᠱᠠᠨ᠂ ᠨᠡᠩ ᠡᠷᠡᠯᠬᠡᠭᠯᠡᠨ ᠲᠡᠮᠡᠴᠡᠭᠰᠡᠨ ᠰᠦᠩᠱᠠᠨ᠂ | ᠨᠡᠩ ᠬᠥᠮᠦᠰ ᠤᠨ ᠬᠦᠰᠡᠨ ᠡᠷᠡᠮᠡᠯᠵᠡᠵᠦ ᠪᠠᠶᠢᠭ᠎ᠠ ᠰᠦᠩᠱᠠᠨ ᠢ ᠠᠮᠢᠳᠤᠯᠢᠭ ᠢᠶᠠᠷ ᠢᠯᠡᠷᠡᠭᠦᠯᠪᠡ᠃ ᠪᠢᠳᠡᠨ ᠤ | ᠮᠡᠳᠡᠵᠦ ᠪᠠᠶᠢᠬᠤ ᠪᠠᠷ᠂ ᠠᠮᠵᠢᠯᠲᠠ ᠳᠠᠪᠰᠢᠯᠲᠠ ᠨᠢᠭᠡᠪᠦᠷᠢ᠂ ᠴᠥᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠤᠭᠤᠳᠤᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ | ᠣᠨᠣᠪᠴᠢᠲᠠᠶ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ | ᠳ᠋ᠦᠩ ᠮᠥᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ | ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ | ᠳ᠋ᠦᠩ ᠮᠥᠨ᠂ ᠪᠥᠬᠦ ᠲᠣᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ | ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠪᠦᠬᠦ ᠲᠣᠭᠤᠷᠢᠭ ᠤᠨ ᠡᠯ᠎ᠡ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠲᠤ᠂ | ᠰᠦᠩᠱᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠬᠠᠪᠰᠤᠷᠤᠭᠰᠠᠨ ᠪᠤᠢ ᠪᠦᠬᠦᠢ ᠨᠥᠬᠦᠳ᠂ ᠨᠠᠶᠢᠵᠠ | ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠠᠮ ᠳᠡᠭᠡᠷ᠎ᠡ ᠪᠠᠰᠠ | ᠵᠠᠷᠢᠮ ᠳᠤᠲᠠᠭᠤᠳᠠᠯ ᠪᠠᠭᠤᠷᠠᠢ ᠵᠦᠢᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠪᠠ᠄ ᠠᠵᠤ | ᠠᠬᠤᠢ ᠶᠢᠨ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠤᠳᠠᠭᠠᠨ᠂ ᠠᠵᠤ ᠦᠢᠯᠡᠰ ᠤᠨ ᠪᠦᠲᠦᠴᠡ | ᠰᠢᠯᠢᠳᠡᠭᠵᠢᠭᠰᠡᠨ ᠢᠶᠠᠷ ᠬᠦᠷᠦᠯᠴᠡᠬᠦ ᠦᠭᠡᠢ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠤᠯᠭᠠᠭᠤᠷᠢᠯᠠᠯ | ᠬᠠᠷᠠᠬᠠᠨ ᠭᠦᠢᠴᠡᠳ ᠦᠭᠡᠢ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠠᠭᠤᠰᠤᠯᠴᠠᠯ ᠨᠢᠭᠲᠠ ᠪᠢᠰᠢ | ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠡᠯᠪᠡᠭ ᠪᠢᠰᠢ︔ ᠬᠤᠳᠠ ᠶᠢᠨ | ᠪᠦᠳᠦᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ | ᠠᠮᠢᠳᠤᠷᠠᠯ ᠤᠨ ᠠᠵᠢᠯ ᠨᠢ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠦᠷᠢᠶ᠎ᠡ ᠲᠠᠢ ᠪᠠᠶᠢᠨ᠎ᠠ︔ | ᠡᠵᠡᠩᠨᠡᠯᠲᠡ ᠶᠢᠨ ᠣᠷᠴᠢᠨ ᠨᠥᠬᠦᠴᠡᠯ ᠤᠨ ᠲᠡᠷᠢᠭᠦᠨ ᠤ ᠬᠢ ᠲᠠᠢ ᠠᠳᠠᠯᠢᠳᠬᠠᠬᠤ ᠶᠢ ᠪᠠᠰᠠ ᠲᠠᠬᠢᠨ ᠰᠢᠯᠢᠳᠡᠭᠵᠢᠭᠦᠯᠬᠦ | ᠴᠢᠬᠤᠯᠠᠲᠠᠶ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ | ᠴᠢᠩᠭᠠᠳᠬᠠᠬᠤ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠭᠦᠨ ᠳᠤ ᠪᠢᠳᠡ ᠰᠡᠷᠭᠡᠭ ᠪᠠᠶᠢᠵᠤ᠂ ᠠᠰᠠᠭᠤᠳᠠᠯ ᠪᠠ | ᠥᠷᠢᠰᠥᠯᠳᠦᠭᠡᠨ ᠳᠤ ᠰᠢᠭᠤᠳ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠵᠦ᠂ | ᠪᠦᠬᠦ ᠲᠣᠭᠤᠷᠢᠭ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠭᠤᠣᠯ ᠡᠭᠦᠷᠭᠡ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠡᠩ ᠥᠷᠭᠡᠨ | ᠬᠠᠷᠠᠭᠠᠰᠤ᠂ ᠨᠡᠩ ᠥᠨᠳᠥᠷ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠥᠭᠵᠢᠯᠲᠡ ᠶᠢ ᠡᠷᠢᠯᠬᠢᠯᠡᠵᠦ᠂ | ᠲᠠᠪᠰᠢᠯᠳᠠ ᠶᠢ ᠡᠷᠢᠯᠬᠢᠯᠡᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ | ᠭᠤᠣᠯ ᠱᠤᠭᠤᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ | ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠠᠵᠤ | ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠶ ᠶᠢ ᠨᠡᠮᠡᠭᠳᠡᠭᠦᠯᠵᠦ ᠶᠠᠰᠤ ᠴᠢᠨᠠᠷ ᠢ | ᠳᠡᠭᠡᠭᠰᠢᠯᠡᠭᠦᠯᠬᠦ᠂ ᠦᠢᠯᠡᠴᠢᠯᠡᠭᠡᠨ ᠤ ᠦᠢᠯᠡᠰ ᠢ ᠭᠦᠢᠴᠡᠳ ᠬᠥᠭᠵᠢᠭᠦᠯᠬᠦ ᠶᠢ ᠠᠬᠢᠭᠤᠯᠵᠤ᠂ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠲᠦᠯᠲᠡᠢ | ᠲᠦᠯᠦᠪᠯᠡᠵᠦ᠂ ᠠᠷᠠᠳ ᠤᠨ ᠠᠮᠢᠳᠤᠷᠠᠯ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠦᠷᠭᠦᠯᠵᠢᠯᠡᠨ | ᠪᠣᠭᠤᠮᠲᠠ ᠰᠢᠪᠲᠤᠯᠵᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠭ᠎ᠠ ᠵᠠᠮ ᠢ | ᠰᠦᠪᠡᠭᠴᠢᠯᠡᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠶᠠᠰᠤ | ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠰᠢᠨ᠎ᠡ | ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠲᠤᠭᠤᠷᠢᠭ ᠢ ᠪᠦᠳᠦᠭᠡᠨ ᠪᠠᠶᠢᠭᠤᠯᠬᠤ | ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ | ᠰᠢᠪᠲᠤᠯᠤᠯᠲᠠ ᠶᠢ ᠪᠡᠶᠡᠯᠡᠭᠦᠯᠦᠨ᠎ᠡ︕ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 6% | ᠣᠷᠴᠢᠮ ᠢᠶᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9% ᠣᠷᠴᠢᠮ ᠢᠶᠠᠷ | ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 30% ᠣᠷᠴᠢᠮ ᠢᠶᠠᠷ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠣᠷᠴᠢᠮ ᠢᠶᠠᠷ | ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6.5% ᠪᠠ 8% ᠣᠷᠴᠢᠮ ᠢᠶᠠᠷ ᠨᠡᠮᠡᠭᠳᠡᠭᠦᠯᠦᠨ᠎ᠡ᠃ | ︵ᠨᠢᠭᠡ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠲᠦᠮᠵᠢᠲᠡᠢ ᠪᠡᠯᠡ ᠣᠷᠣᠭᠤᠯᠤᠯᠲᠠ ᠶᠢ | ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠪᠤᠶᠢᠵᠢᠭᠤᠯᠤᠨ᠎ᠠ | ᠠᠷᠠᠯᠵᠢᠶᠠᠴᠢᠨ ᠤᠷᠢᠬᠤ ᠠᠵᠢᠯ ᠢ ᠨᠡᠩ ᠣᠨᠣᠪᠴᠢᠲᠠᠶ ᠠᠳᠬᠤᠵᠤ᠂ ᠰᠡᠯᠭᠦᠬᠦ ᠬᠦᠴᠦᠨ ᠢ ᠨᠡᠮᠡᠭᠳᠡᠭᠦᠯᠦᠨ᠎ᠡ᠃ | ᠤᠯᠠᠭᠠᠨᠬᠠᠳᠠ ᠶᠢᠨ ᠤᠯᠤᠰ ᠤᠨ ᠳᠡᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢᠶ᠎ᠡ | ᠦᠵᠡᠭᠦᠯᠬᠦ ᠣᠷᠣᠨ ᠤ ᠵᠥᠪᠰᠢᠶᠡᠷᠡᠯ ᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠦᠷᠦᠭᠦᠯᠡᠬᠦ᠂ ᠦᠷ᠎ᠡ ᠠᠰᠢᠭ ᠢ | ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠳᠣᠪᠤᠶᠢᠯᠭᠠᠵᠤ᠂ ᠠᠭᠤᠷᠬᠠᠶ ᠶᠢᠨ ᠦᠢᠯᠡᠰ ᠤᠨ ᠠᠵᠤ ᠠᠬᠤᠶ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠲᠣᠭᠠᠴᠢᠯᠠᠭᠰᠠᠨ ᠠᠵᠤ ᠠᠬᠤᠶ ᠵᠡᠷᠭᠡ ᠠᠵᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ | ᠠᠷᠠᠯᠵᠢᠶᠠᠴᠢᠨ ᠤᠷᠢᠬᠤ᠂ ᠪᠦᠬᠦ ᠠᠵᠢᠯᠳᠠᠨ ᠢᠶᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠶᠢ ᠰᠠᠶᠢᠲᠤᠷ | ᠠᠰᠢᠭᠯᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠢᠨ ᠺᠧ ᠬᠦᠷᠢᠶᠡᠯᠡᠩ ᠲᠣᠭᠤᠷᠢᠭ᠂ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠳᠠ ᠶᠢᠨ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠶᠡᠭᠡ ᠶᠢ | ᠠᠳᠬᠤᠵᠤ ᠪᠠᠭ᠎ᠠ ᠶᠢ ᠲᠠᠯᠪᠢᠬᠤ ᠦᠭᠡᠢ ᠪᠠᠶᠢᠬᠤ ᠶᠢ ᠪᠠᠷᠢᠮᠲᠠᠯᠠᠵᠤ᠂ ᠨᠢᠭᠡ ᠪᠦᠯᠦᠭ ᠲᠣᠯᠣᠭᠠᠶᠢᠯᠠᠭᠴᠢ ᠬᠡᠯᠪᠡᠷᠢ ᠶᠢᠨ᠂ | ᠶᠡᠷᠦᠩᠬᠡᠢ ᠬᠡᠯᠲᠡᠰ ᠤᠨ ᠬᠡᠯᠪᠡᠷᠢ ᠶᠢᠨ᠂ ᠰᠠᠭᠤᠷᠢᠨ ᠭᠠᠵᠠᠷ ᠤᠨ ᠬᠡᠯᠪᠡᠷᠢ ᠶᠢᠨ ᠠᠵᠤ ᠦᠢᠯᠡᠰ ᠤᠨ ᠲᠦᠷᠦᠯ ᠵᠦᠢᠯ ᠢ | ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠬᠤ ᠪᠠᠷ ᠪᠠᠷᠠᠬᠤ ᠦᠭᠡᠢ ᠪᠠᠰᠠ ᠨᠢᠭᠡ ᠪᠦᠯᠦᠭ ︽ᠪᠠᠭ᠎ᠠ ᠪᠣᠯᠪᠠᠴᠤ | ᠰᠢᠯᠢᠳᠡᠭ︾ ︽ᠪᠠᠭ᠎ᠠ ᠪᠣᠯᠪᠠᠴᠤ ᠬᠦᠴᠦᠷᠬᠡᠭ︾ ︽ᠲᠤᠰᠬᠠᠢ ᠨᠠᠷᠢᠯᠢᠭ ᠣᠨᠴᠠ ᠰᠢᠨ᠎ᠡ︾ ᠲᠦᠷᠦᠯ ᠵᠦᠢᠯ ᠢ | ᠣᠷᠣᠭᠤᠯᠤᠨ ᠠᠪᠴᠢᠷᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ︽ᠨᠥᠬᠦᠪᠥᠷᠢ ᠬᠡᠯᠬᠢᠶ᠎ᠡ ᠶᠢᠨ ᠵᠢᠷᠤᠭ︾ ᠢ | ᠲᠡᠭᠦᠯᠳᠡᠷᠵᠢᠭᠦᠯᠦᠨ᠎ᠡ᠃ ᠪᠥᠬᠦ ᠵᠢᠯ ᠳᠤ 50 ᠠᠴᠠ ᠳᠡᠭᠡᠭᠰᠢ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠭᠡᠷ᠎ᠡ | ᠲᠣᠭᠲᠠᠭᠰᠠᠨ ᠪᠠᠯᠠ ᠮᠥᠩᠭᠦ ᠶᠢ 150 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠪᠣᠳᠠᠲᠠᠶᠢᠵᠢᠭᠤᠯᠤᠭᠰᠠᠨ ᠪᠠᠯᠠ | ᠮᠥᠩᠭᠦ ᠶᠢ 55 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠬᠤ ᠶᠢ ᠦᠨᠡᠨᠬᠦ ᠪᠠᠲᠤᠯᠠᠨ᠎ᠠ᠃ ᠲᠤᠬᠠᠶ ᠶᠢᠨ | ᠭᠠᠵᠠᠷ ᠤᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ | ᠠᠷᠠᠳ ᠤᠨ ᠳᠤᠮᠳᠠᠬᠢ ᠬᠥᠷᠥᠩᠭᠡ ᠶᠢ ᠬᠥᠭᠵᠢᠭᠡᠨ᠂ ᠦᠯᠡᠳᠡᠭᠡᠯ ᠠᠵᠤ ᠠᠬᠤᠶᠢᠯᠠᠯ ᠤᠨ ᠪᠠᠯᠠ ᠮᠥᠩᠭᠦ ᠪᠠᠨ | ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠪᠥᠬᠦ ᠲᠣᠭᠤᠷᠢᠭ ᠤᠨ ᠠᠵᠤ ᠠᠬᠤᠶ ᠶᠢᠨ | ᠬᠥᠭᠵᠢᠯᠲᠡ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ | ᠲᠦᠷᠦᠯ ᠵᠦᠢᠯ ᠢ ᠨᠡᠩ ᠣᠨᠣᠪᠴᠢᠲᠠᠢ ᠪᠠᠷ ᠠᠳᠬᠤᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠎ᠠ᠃ | ︽ᠲᠥᠷᠥᠯ ᠵᠦᠢᠯ ᠢᠶᠠᠷ ᠮᠠᠩᠯᠠᠶᠢᠯᠠᠭᠤᠯᠬᠤ︾ ᠣᠨᠣᠯᠵᠢᠬᠤᠨ ᠢ ᠪᠠᠷᠢᠮᠲᠠᠯᠠᠨ᠂ ᠨᠡᠮᠡᠭᠳᠡᠯ ᠬᠡᠮᠵᠢᠶ᠎ᠡ ᠶᠢᠨ ᠦᠵᠡᠯ | ᠤᠬᠠᠮᠰᠠᠷ ᠢ ᠪᠠᠲᠤ ᠪᠣᠶ ᠪᠣᠯᠭᠠᠵᠤ᠂ ᠡᠳ᠋ ᠪᠣᠳᠠᠰ ᠨᠥᠭᠡᠴᠡᠯᠡᠬᠦ ᠲᠥᠪ᠂ ᠶᠢᠨ ᠶᠤᠸᠠᠨ ᠠᠮᠤ ᠪᠤᠳᠠᠭ᠎ᠠ ᠲᠣᠰᠣ ᠶᠢ | ᠭᠦᠨᠵᠡᠭᠡᠶ ᠡᠳ᠋ᠰᠢᠭᠦᠯᠬᠦ ᠵᠡᠷᠭᠡ 81 ᠭᠤᠤᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠶᠡᠷᠦᠩᠬᠡᠶ ᠪᠠᠯᠠ ᠣᠷᠣᠭᠤᠯᠤᠯᠲᠠ ᠨᠢ 344 ᠳ᠋ᠦᠩᠰᠢᠭᠤᠷ ᠲᠥᠭᠦᠷᠢᠭ ᠪᠠᠶᠢᠵᠤ᠂ ᠰᠢᠲᠠᠮᠠᠬᠠᠶ ᠬᠡᠶ ᠶᠢ ᠲᠣᠰᠬᠤᠨ | ᠪᠣᠯᠭᠠᠨ ᠳᠤ ᠨᠡᠪᠲᠡᠷᠡᠭᠦᠯᠬᠦ᠂ ᠴᠠᠬᠢᠯᠭᠠᠨ ᠢᠶᠠᠷ ᠳᠤᠯᠠᠭᠠᠯᠠᠬᠤ ᠵᠡᠷᠭᠡ 36 ᠲᠥᠷᠥᠯ ᠵᠦᠢᠯ ᠢ ᠵᠢᠯ ᠤᠨ ᠳᠣᠲᠣᠷ᠎ᠠ | ᠳᠠᠭᠤᠰᠬᠠᠬᠤ ᠪᠠᠷ ᠴᠢᠷᠮᠠᠶᠢᠵᠤ᠂ 115.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ | ᠠᠵᠤ ᠦᠢᠯᠡᠰ ᠤᠨ ᠤᠬᠠᠮᠰᠠᠷ ᠢᠶᠠᠨ ᠴᠢᠩᠭᠠᠳᠬᠠᠵᠤ ᠲᠦᠷᠦᠯ ᠵᠦᠢᠯ ᠢ ᠠᠳᠬᠤᠵᠤ᠂ ᠬᠤᠩ ᠶᠤᠸᠠᠨ ᠶᠤᠸᠠᠨ | ᠠᠮᠢᠳᠤ ᠪᠣᠳᠠᠰ ᠤᠨ ᠲᠡᠵᠢᠭᠡᠯ ᠪᠣᠷᠳᠤᠭ᠎ᠠ ᠶᠢ ᠪᠣᠬᠢᠷᠲᠤᠯ ᠦᠭᠡᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ᠂ | ᠶᠡᠷᠦᠩᠬᠡᠢ ᠬᠡᠯᠲᠡᠰ ᠤᠨ ᠠᠵᠤ ᠠᠬᠤᠢ ᠶᠢᠨ ᠠᠯᠪᠠᠯᠠᠬᠤ ᠠᠰᠠᠷ ᠵᠡᠷᠭᠡ 48 ᠠᠵᠤ ᠦᠢᠯᠡᠰ ᠤᠨ ᠲᠦᠷᠦᠯ ᠵᠦᠢᠯ ᠤᠨ | ᠲᠦᠷᠭᠡᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ ᠲᠦᠷᠦᠯ ᠵᠦᠢᠯ ᠢ ᠠᠳᠬᠤᠵᠤ᠂ ᠲᠦᠷᠦᠯ ᠵᠦᠢᠯ ᠢ | ᠲᠥᠯᠥᠪᠵᠢᠭᠦᠯᠦᠨ ᠨᠥᠭᠡᠴᠡᠯᠡᠬᠦ ᠶᠢ ᠪᠣᠳᠠᠲᠠᠶᠢᠵᠢᠭᠤᠯᠵᠤ᠂ ︽ᠭᠤᠷᠪᠠ ᠶᠢ ᠲᠡᠮᠡᠴᠡᠨ ᠤᠯᠬᠤ︾ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢᠨ 18 ᠲᠦᠷᠦᠯ | ᠵᠦᠢᠯ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ 51 | ᠲᠦᠷᠦᠯ ᠵᠦᠢᠯ ᠢ ᠨᠥᠭᠡᠴᠡᠯᠡᠨ ᠤᠯᠬᠤ ᠪᠠᠷ ᠴᠢᠷᠮᠠᠶᠢᠨ᠎ᠠ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ | ᠲᠦᠷᠦᠯ ᠵᠦᠢᠯ ᠢ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠦᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷᠦᠯ ᠵᠦᠢᠯ ᠢ ᠳᠤᠬᠢᠷᠠᠭᠤᠯᠤᠨ | ᠵᠥᠪᠳᠡᠯᠴᠡᠬᠦ ᠲᠣᠭᠲᠠᠴᠠ ᠶᠢ ᠪᠦᠷᠢᠨᠰᠢᠬᠦᠯᠵᠦ᠂ ᠲᠦᠷᠦᠯ ᠵᠦᠢᠯ ᠤᠨ ᠵᠥᠪᠳᠡᠯᠴᠡᠬᠦ᠂ ᠭᠡᠷ᠎ᠡ ᠲᠣᠭᠲᠠᠬᠤ᠂ | ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ᠂ ᠠᠰᠢᠭᠯᠠᠯᠲᠠ ᠳᠤ ᠣᠷᠣᠭᠤᠯᠬᠤ ᠪᠦᠬᠦ ᠶᠠᠪᠤᠴᠠ ᠶᠢᠨ ᠦᠢᠯᠡᠴᠢᠯᠡᠭᠡ ᠶᠢ | ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ | ᠡᠬᠢᠯᠡᠭᠦᠯᠬᠦ᠂ ᠠᠵᠢᠯ ᠢᠶᠠᠨ ᠰᠡᠷᠭᠦᠭᠡᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ | ᠲᠦᠷᠭᠡᠳᠬᠡᠬᠦ ᠶᠢ ᠪᠠᠲᠤᠯᠠᠨ᠎ᠠ᠃ | ᠣᠷᠴᠢᠨ ᠠᠬᠤᠶ ᠶᠢ ᠨᠡᠩ ᠣᠨᠣᠴᠢᠲᠠᠶ ᠪᠠᠷ ᠠᠳᠬᠤᠵᠤ᠂ ᠪᠡᠶᠡᠴᠢ ᠴᠣᠭᠴᠠ ᠶᠢ ᠪᠠᠲᠤᠯᠠᠨ᠎ᠠ᠃ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠬᠤ ᠪᠠ ᠬᠤᠳᠠᠯᠳᠤᠭ᠎ᠠ | ᠡᠵᠡᠩᠨᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠦᠨᠡᠨᠴᠢ ᠢᠲᠡᠭᠡᠮᠵᠢᠲᠡᠶ ᠪᠠᠷ ᠬᠤᠳᠠᠯᠳᠤᠭᠠᠴᠢᠨ ᠤᠷᠢᠬᠤ | ᠂ ᠦᠢᠯᠡᠴᠢᠯᠡᠭᠡ ᠪᠠᠷ ᠬᠤᠳᠠᠯᠳᠤᠭᠠᠴᠢᠨ ᠢ ᠦᠯᠡᠳᠡᠭᠡᠬᠦ᠂ ᠣᠷᠴᠢᠨ ᠲᠣᠭᠤᠷᠢᠨ ᠢᠶᠠᠷ ᠬᠤᠳᠠᠯᠳᠤᠭᠠᠴᠢᠨ ᠢ | ᠬᠥᠭᠵᠢᠭᠦᠯᠬᠦ ᠶᠢ ᠪᠡᠶᠡᠯᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ | ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠦᠨᠡᠨᠴᠢ ᠢᠲᠡᠭᠡᠮᠵᠢᠲᠡᠢ ᠪᠠᠶᠢᠬᠤ᠂ ᠭᠡᠷ᠎ᠡ ᠶᠢ ᠵᠢᠷᠤᠮᠯᠠᠨ ᠠᠮᠠᠯᠠᠯᠲᠠ ᠪᠠᠨ ᠪᠡᠶᠡᠯᠡᠭᠦᠯᠬᠦ ᠰᠦᠩᠱᠠᠨ ᠤ ᠲᠦᠷᠢ | ᠲᠥᠷᠬᠦ ᠶᠢ ᠪᠤᠢ ᠪᠣᠯᠭᠠᠨ᠎ᠠ᠃ ᠠᠵᠤ ᠠᠬᠤᠶᠢᠯᠠᠯ ᠳᠤ ᠠᠰᠢᠭᠲᠠᠶ ᠦᠢᠯᠡᠴᠢᠯᠡᠭᠡ ᠶᠢ ᠴᠢᠩᠭᠠᠳᠬᠠᠵᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠯᠧᠮᠧᠨ᠋ᠲ ᠢ ᠤᠯᠬᠤ᠂ ᠡᠷᠬᠡ ᠠᠰᠢᠭ ᠢ ᠬᠠᠮᠠᠭᠠᠯᠠᠬᠤ ᠵᠡᠷᠭᠡ ᠲᠦᠷᠢᠮ ᠢ | ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠤᠨ᠎ᠠ | ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠰᠢᠯᠢᠳᠡᠭᠵᠢᠭᠦᠯᠵᠦ᠂ 12345 ᠬᠠᠯᠠᠮᠰᠢᠯ ᠤᠲᠠᠰᠤ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠡᠪ ᠳᠠᠭᠤᠷᠢᠶᠠᠯ ᠤᠨ | ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠲᠥᠷᠥᠯ | ᠵᠦᠢᠯ ᠤᠨ ︽ᠭᠠᠵᠠᠷ ᠠᠪᠤᠪᠠᠯ ᠳᠠᠷᠤᠶ ᠠᠵᠢᠯ ᠡᠬᠢᠯᠡᠭᠦᠯᠬᠦ︾᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ | ᠪᠠᠶᠢᠰᠢᠩ ᠤᠨ ︽ᠬᠡᠷ ᠪᠠᠶᠢᠰᠢᠩ ᠲᠤᠰᠢᠶᠠᠪᠠᠯ ᠳᠠᠷᠤᠶ ᠦᠨᠡᠮᠯᠡᠯ ᠲᠤᠰᠢᠶᠠᠬᠤ︾ ᠵᠡᠷᠭᠡ ᠠᠷᠭ᠎ᠠ ᠬᠡᠮᠵᠢᠶ᠎ᠡ ᠶᠢ | ᠭᠦᠨᠵᠡᠭᠡᠶ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠬᠤᠶᠠᠷ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠦᠢᠯᠡᠳᠪᠦᠷᠢ ᠶᠢᠨ ᠠᠵᠤ | ᠠᠬᠤᠢ ᠶᠢ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦᠷ ᠢ ᠴᠣᠭᠴᠠᠯᠠᠨ᠎ᠠ | ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠲᠦᠯᠬᠢᠨ | ᠠᠬᠢᠭᠤᠯᠤᠨ᠎ᠠ᠃ ᠠᠭᠤᠷᠬᠠᠶ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠠᠰᠢᠭᠯᠠᠬᠤ ᠶᠢ ᠲᠦᠷᠭᠡᠳᠬᠡᠨ᠂ ᠱᠠᠨᠳᠦ᠋ᠩ ᠤᠨ | ᠰᠢᠵᠢᠷ ᠠᠯᠲᠠ ᠵᠡᠷᠭᠡ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ ᠬᠥᠲᠥᠴᠢ ᠠᠵᠤ ᠠᠬᠤᠶᠢᠯᠠᠯ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠵᠢᠯ ᠤᠨ ᠡᠴᠦᠰ ᠲᠤ ᠰᠢᠵᠢᠷ ᠠᠯᠲᠠᠨ ᠤ ᠭᠠᠷᠤᠯᠲᠠ ᠶᠢ | ᠳᠠᠬᠢᠨ ᠢᠶᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠭᠦᠸᠧ ᠸᠧᠶ ᠶᠢᠨ ᠠᠭᠤᠷᠬᠠᠶ ᠶᠢᠨ ᠦᠢᠯᠡᠰ ᠢ ᠪᠥᠬᠦ | ᠬᠦᠴᠦᠨ ᠢᠶᠠᠷ ᠢᠶᠠᠨ ᠠᠮᠢᠳᠤᠯᠢᠭ ᠪᠣᠯᠭᠠᠵᠤ᠂ ᠪᠦᠦ ᠵᠢᠶᠦ᠋ᠨ ᠠᠭᠤᠷᠬᠠᠶ ᠶᠢᠨ ᠦᠢᠯᠡᠰ᠂ ᠰᠧᠨ ᠬᠤᠩ ᠠᠭᠤᠷᠬᠠᠶ ᠶᠢᠨ | ᠦᠢᠯᠡᠰ ᠵᠡᠷᠭᠡ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ᠂ | ᠬᠦᠶ ᠮᠢᠨ ᠠᠭᠤᠷᠬᠠᠶ ᠶᠢᠨ ᠦᠢᠯᠡᠰ ᠤᠨ ᠬᠠᠶᠢᠨ ᠰᠢᠨᠵᠢᠯᠡᠵᠦ ᠰᠢᠯᠵᠢᠭᠦᠯᠦᠨ ᠮᠠᠯᠲᠠᠬᠤ᠂ ᠮᠢᠩ ᠱᠢ ᠪᠦᠯᠦᠭᠯᠡᠯ ᠤᠨ | ᠬᠦᠷᠮᠠᠨ ᠴᠢᠯᠠᠭᠤᠯᠢᠭ ᠤᠨ ᠬᠠᠲᠠᠨ ᠬᠥᠪᠥᠩ ᠢ ᠡᠳ᠋ᠰᠢᠭᠦᠯᠬᠦ ᠪᠠ ᠵᠢᠤᠢ ᠨᠧᠩ ᠶᠢᠩ ᠮᠤᠯᠢᠪᠳᠧᠨ ᠤ ᠠᠭᠤᠷᠬᠠᠶ ᠶᠢ | ᠡᠳ᠋ᠰᠢᠭᠦᠯᠬᠦ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠵᠤ᠂ ᠡᠬᠢ | ᠪᠠᠶᠠᠯᠢᠭ ᠢ ᠮᠠᠯᠲᠠᠵᠤ ᠰᠣᠩᠭᠤᠬᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠬᠠᠲᠠᠨ ᠬᠥᠪᠥᠩ ᠢ | ᠦᠢᠯᠡᠳᠬᠦ᠂ ᠰᠢᠷᠬᠡᠭ ᠲᠠᠲᠠᠬᠤ ᠵᠡᠷᠭᠡ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ | ᠠᠭᠤᠷᠬᠠᠶ ᠶᠢᠨ ᠦᠢᠯᠡᠰ ᠤᠨ ᠨᠠᠷᠢᠯᠢᠭ ᠭᠦᠨᠵᠡᠭᠡᠶ ᠡᠳ᠋ᠰᠢᠭᠦᠯᠬᠦ ᠬᠡᠯᠬᠢᠶ᠎ᠡ ᠶᠢ ᠤᠷᠲᠤᠳᠬᠠᠨ᠎ᠠ᠃ ᠠᠭᠤᠷᠬᠠᠶ ᠡᠷᠢᠬᠦ | ᠲᠠᠯ᠎ᠠ ᠪᠠᠷ ᠰᠢᠪᠲᠤᠯᠤᠯᠲᠠ ᠭᠠᠷᠭᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠳᠤᠮᠳᠠᠳᠤ ᠤᠯᠤᠰ ᠤᠨ | ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ ᠶᠢᠨ ᠮᠦᠭᠳᠡᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ | ᠲᠥᠪ ᠵᠡᠷᠭᠡ ᠲᠤᠰᠬᠠᠶ ᠪᠠᠶᠢᠭᠤᠯᠤᠮᠵᠢ ᠲᠠᠢ ᠭᠦᠨᠵᠡᠭᠡᠶ ᠵᠣᠯᠭᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠬᠡᠪᠴᠢᠶᠡᠵᠢᠭᠦᠯᠬᠦ᠂ ᠡᠷᠴᠢᠮᠵᠢᠭᠦᠯᠦᠨ ᠨᠡᠭᠡᠭᠡᠨ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ᠂ ᠤᠯᠠᠨ ᠢᠶᠠᠷ ᠢᠶᠠᠨ | ᠰᠢᠨ᠎ᠡ ᠶᠢ ᠡᠭᠦᠳᠬᠦ ᠣᠷᠣᠨ ᠵᠠᠶ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠤ᠂ ︽ᠤᠯᠤᠰ ᠤᠨ ᠳᠡᠭᠡᠳᠦ ᠰᠢᠨ᠎ᠡ ᠮᠡᠷᠭᠡᠵᠢᠯ︾᠂ ︽ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠵᠢᠭ ᠬᠡᠯᠪᠡᠷᠢ︾ ᠶᠢᠨ ᠠᠵᠤ ᠠᠬᠤᠶᠢᠯᠠᠯ ᠢ ᠵᠢᠯ ᠤᠨ ᠳᠣᠲᠣᠷ᠎ᠠ 50 ᠠᠴᠠ ᠳᠡᠭᠡᠭᠰᠢ ᠳᠤ ᠬᠦᠷᠭᠡᠨ᠎ᠡ | ᠃ ᠰᠢᠶᠠ ᠵᠢᠶᠠ ᠳ᠋ᠢᠶᠠᠨ ᠤ ᠳᠤᠮᠳᠠ ᠪᠠᠭ᠎ᠠ ᠠᠵᠤ ᠠᠬᠤᠶᠢᠯᠠᠯ ᠤᠨ ᠬᠦᠷᠢᠶᠡᠯᠡᠩ ᠤᠨ ᠶᠠᠰᠤ ᠴᠢᠨᠠᠷ ᠢ ᠳᠡᠭᠡᠭᠰᠢᠯᠡᠭᠦᠯᠦᠨ | ᠲᠡᠰ ᠳᠡᠪᠰᠢᠭᠦᠯᠬᠦ ᠶᠢ ᠲᠣᠭᠲᠠᠭᠤᠨ ᠢᠶᠠᠷ ᠠᠬᠢᠭᠤᠯᠵᠤ᠂ ᠶᠠᠨ ᠪᠠᠩ ᠭᠦᠦᠸ᠋ᠯᠤ᠂ ᠲᠢᠶᠠᠨ ᠴᠠᠩ ᠯᠢ ᠶᠤᠸᠠᠨ | ᠰᠦᠯᠢᠶᠣᠣ ᠶᠢᠨ ᠦᠢᠯᠡᠰ ᠵᠡᠷᠭᠡ ᠲᠦᠷᠦᠯ ᠵᠦᠢᠯ ᠤᠨ ᠡᠵᠡᠩᠨᠡᠯᠲᠡ ᠶᠢ ᠠᠰᠢᠭᠯᠠᠯᠲᠠ ᠳᠤ ᠣᠷᠣᠭᠤᠯᠬᠤ ᠪᠠᠷ | ᠴᠢᠷᠮᠠᠶᠢᠨ᠎ᠠ᠃ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠰ | ᠳᠡᠪᠰᠢᠬᠦ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠬᠤᠲᠠ ᠶᠢᠨ ᠢᠯᠴᠢ ᠶᠢᠨ ᠴᠠᠬᠢᠯᠭᠠᠨ᠂ ᠬᠤᠸᠠ ᠸᠧᠶ | ᠡᠮᠨᠡᠯᠭᠡ ᠶᠢᠨ ᠬᠡᠷᠡᠭᠯᠡᠭᠡᠨ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ 2024 ᠣᠨ ᠤ ᠡᠴᠦᠰ ᠪᠣᠯᠬᠤ ᠳᠤ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠢ 40 ᠶᠢ ᠳᠠᠪᠠᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ | ᠥᠷᠲᠡᠭ ᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠤᠷᠳᠤᠴᠠ ᠶᠢ ᠪᠥᠬᠦ ᠲᠠᠯ᠎ᠠ ᠪᠠᠷ | ᠲᠥᠯᠬᠢᠨ ᠠᠬᠢᠭᠤᠯᠤᠨ᠎ᠠ᠃ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠭᠤᠤᠯᠯᠠᠬᠤ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠵᠤ ᠪᠠᠯᠠ | ᠣᠷᠣᠭᠤᠯᠤᠨ ᠠᠪᠴᠢᠷᠠᠵᠤ᠂ ᠵᠢᠯ ᠤᠨ ᠡᠴᠦᠰ ᠲᠤ 100 ᠠᠵᠤ ᠠᠬᠤᠶᠢᠯᠠᠯ ᠣᠷᠣᠵᠤ ᠰᠠᠭᠤᠨ᠎ᠠ᠃ ᠮᠠᠰᠢᠨ | ᠲᠡᠷᠭᠡᠨ ᠤ ᠪᠦᠬᠦᠯᠢ ᠤᠭᠰᠠᠷᠠᠯᠲᠠ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠬᠠᠷᠠᠯᠲᠠ ᠪᠣᠯᠭᠠᠵᠤ᠂ | ᠵᠢᠯᠢ᠂ ᠪᠢᠶᠠᠳᠢ ᠮᠠᠰᠢᠨ ᠲᠡᠷᠭᠡ ᠲᠠᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠾᠧᠩ ᠴᠠᠩ ᠱᠦᠭᠦᠬᠦ ᠭᠤᠤᠯ | ᠂ ᠾᠧᠩ ᠪᠠᠩ ᠮᠠᠰᠢᠨ ᠮᠧᠬᠠᠨᠢᠭ ᠵᠡᠷᠭᠡ ᠮᠠᠰᠢᠨ ᠲᠡᠷᠭᠡᠨ ᠤ ᠰᠡᠯᠪᠢᠭ ᠲᠣᠨᠤᠭ ᠦᠢᠯᠡᠳᠬᠦ ᠠᠵᠤ ᠠᠬᠤᠶᠢᠯᠠᠯ ᠤᠨ | ᠲᠣᠭᠤᠷᠢᠨ ᠳᠤ ᠮᠠᠰᠢᠨ ᠲᠡᠷᠭᠡᠨ ᠤ ᠰᠡᠯᠪᠢᠭ ᠲᠣᠨᠤᠭ ᠤᠨ ᠠᠵᠤ ᠦᠢᠯᠡᠰ ᠤᠨ ᠬᠦᠷᠢᠶᠡᠯᠡᠩ ᠢ ᠪᠤᠵᠠᠭᠠᠶᠢᠷᠠᠭᠤᠯᠤᠨ᠎ᠠ᠃ | ᠯᠠᠨ ᠾᠦᠢ ᠰᠢᠨᠵᠢᠯᠡᠬᠦ ᠤᠬᠠᠭᠠᠨ ᠮᠡᠷᠭᠡᠵᠢᠯ᠂ ᠺᠠᠩ ᠰᠢᠶᠠᠨ ᠡᠯᠧᠺᠲᠷᠣᠨ ᠵᠡᠷᠭᠡ ᠤᠶᠤᠯᠢᠭ ᠦᠢᠯᠡᠳᠬᠦ ᠠᠵᠤ | ᠠᠬᠤᠶᠢᠯᠠᠯ ᠳᠤ ᠲᠦᠰᠢᠭᠯᠡᠨ᠂ ᠵᠡᠭᠦᠨ ᠪᠠᠷᠠᠭᠤᠨ ᠡᠷᠭᠢ᠂ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠤᠶᠤᠯᠢᠭ ᠦᠢᠯᠡᠳᠬᠦ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠲᠢᠶᠠᠨ | ᠷᠦᠨ ᠮᠠᠯᠵᠢᠯ ᠤᠨ ᠲᠠᠯᠠᠪᠠᠶ᠂ ᠳᠣᠤᠷ᠎ᠠ ᠪᠥᠭᠡᠮᠨᠡᠷᠡᠭᠰᠡᠨ ᠮᠣᠳᠣᠨ ᠰᠢᠬᠢᠷ ᠵᠡᠷᠭᠡ ᠲᠥᠷᠥᠯ ᠵᠦᠢᠯ ᠢ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠮᠢᠩᠭᠠᠨ ᠮᠥ ᠦᠷ᠎ᠡ ᠶᠢᠨ ᠦᠢᠯᠡᠰ ᠤᠨ | ᠰᠠᠭᠤᠷᠢᠨ ᠭᠠᠵᠠᠷ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠤᠨ | ᠳᠠᠪᠠᠭᠤᠯᠢᠭ ᠲᠤ ᠰᠠᠭᠤᠷᠢᠯᠠᠨ᠂ ᠵᠠᠭᠤᠨ ᠳ᠋ᠦᠩᠰᠢᠭᠤᠷ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠭᠦᠢᠯᠭᠡᠭᠡ ᠪᠠ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠪᠥᠬᠦ ᠬᠤᠲᠠ ᠶᠢᠨ | ︽ᠬᠤᠶᠠᠷ ᠵᠡᠰ︾ ᠤᠨ ᠡᠬᠢ ᠪᠠᠶᠠᠯᠢᠭ ᠤᠨ ᠲᠣᠭᠤᠷᠢᠨ ᠳᠤ᠂ ᠵᠡᠰ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ | ᠠᠵᠤ ᠦᠢᠯᠡᠰ ᠢ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠤᠨ ᠬᠥᠭᠵᠢᠯᠲᠡ ᠶᠢ ᠲᠦᠷᠭᠡᠳᠬᠡᠨ᠎ᠡ᠃ ᠤᠯᠤᠰ ᠤᠨ ᠡᠨᠧᠷᠭᠢ ᠶᠢᠨ ᠬᠠᠮᠲᠤᠷᠠᠭᠰᠠᠨ ᠬᠥᠳᠡᠯᠭᠡᠬᠦ | ᠬᠦᠴᠦᠨ ᠢ ᠬᠤᠲᠠ ᠠᠴᠠ ᠭᠠᠷᠭᠠᠵᠤ ᠬᠦᠷᠢᠶᠠᠯᠡᠩ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ | ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠤ ᠲᠥᠷᠥᠯ ᠵᠦᠢᠯ ᠤᠨ ᠵᠢᠯ ᠤᠨ ᠡᠴᠦᠰ ᠲᠤ ᠰᠦᠯᠵᠢᠶᠡᠨ ᠳᠤ | ᠨᠡᠶᠢᠯᠡᠭᠦᠯᠦᠨ ᠠᠵᠢᠯᠯᠠᠬᠤ ᠶᠢ ᠦᠨᠡᠨᠬᠦ ᠪᠠᠲᠤᠯᠠᠨ᠎ᠠ᠃ ᠴᠢᠳᠠᠪᠤᠷᠢᠲᠠᠨ ᠤ ᠨᠡᠶᠢᠲᠡ ᠶᠢᠨ ᠪᠠᠶᠢᠷᠢ᠂ ᠠᠵᠢᠯᠲᠠᠨ | ᠠᠵᠢᠯᠴᠢᠨ ᠤ ᠬᠡᠷ ᠵᠡᠷᠭᠡ ᠠᠮᠢᠳᠤᠷᠠᠯ ᠤᠨ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠪᠠᠷ ᠪᠡᠯᠡᠳᠬᠡᠵᠦ᠂ ᠬᠦᠷᠢᠶᠡᠯᠡᠩ ᠲᠣᠭᠤᠷᠢᠭ ᠤᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ | ᠠᠵᠢᠯᠯᠠᠭᠠᠨ ᠢ ᠠᠬᠢᠭᠤᠯᠤᠨ᠎ᠠ᠃ | ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠥᠨᠳᠦᠷᠯᠢᠭ ᠢ ᠪᠦᠬᠦ ᠬᠦᠴᠦᠨ ᠢᠶᠠᠷ ᠢᠶᠠᠨ | ᠴᠤᠭᠴᠠᠯᠠᠨ ᠪᠠᠶᠢᠭᠤᠯᠤᠨ᠎ᠠ᠃ ᠲᠣᠭᠠᠴᠢᠯᠠᠭᠰᠠᠨ ᠪᠦᠲᠦᠭᠡᠯᠴᠢ ᠰᠡᠳᠬᠢᠮᠵᠢ᠂ ᠵᠥᠭᠡᠯᠡᠨ ᠲᠣᠨᠤᠭ ᠢ ᠰᠤᠳᠤᠯᠤᠨ | ᠨᠡᠭᠡᠭᠡᠵᠦ ᠬᠡᠷᠡᠭᠯᠡᠬᠦ ᠪᠠ ᠣᠶᠤᠨᠴᠢ ᠪᠠᠷ ᠦᠢᠯᠡᠳᠬᠦ 3 ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ | ᠨᠡᠮᠡᠭᠳᠡᠯ ᠤᠨ ᠬᠡᠮᠵᠢᠶ᠎ᠡ ᠶᠢ ᠪᠥᠬᠦ ᠲᠠᠯ᠎ᠠ ᠪᠠᠷ ᠥᠷᠭᠡᠳᠬᠡᠨ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠎ᠡ᠃ | ᠲᠢᠶᠠᠨ ᠫᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ 8 ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ | ᠪᠠᠶᠢᠭᠤᠯᠬᠤ ᠶᠢ ᠠᠬᠢᠭᠤᠯᠵᠤ᠂ ᠪᠡᠶ᠎ᠡ ᠪᠠᠨ ᠳᠠᠭᠠᠭᠠᠵᠤ ᠭᠠᠵᠠᠷ ᠰᠣᠩᠭᠤᠬᠤ ᠠᠵᠤ ᠠᠬᠤᠶᠢᠯᠠᠯ ᠢ ᠪᠥᠬᠦ | ᠬᠦᠴᠦᠨ ᠢᠶᠠᠷ ᠢᠶᠠᠨ ᠣᠷᠣᠭᠤᠯᠤᠨ ᠠᠪᠴᠢᠷᠠᠵᠤ᠂ ᠲᠣᠮᠣ ᠲᠥᠷᠥᠯ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠢ | ᠪᠡᠶᠡᠯᠡᠭᠦᠯᠦᠨ᠎ᠡ᠃ ︽ᠰᠤᠷᠭᠠᠭᠤᠯᠢ — ᠠᠵᠤ ᠠᠬᠤᠶᠢᠯᠠᠯ — ᠬᠦᠷᠢᠶᠡᠯᠡᠩ︾ ᠢ ᠠᠭᠤᠰᠤᠯᠴᠠᠭᠤᠯᠤᠨ | ᠬᠥᠭᠵᠢᠭᠦᠯᠬᠦ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠭᠦᠨᠵᠡᠭᠡᠶᠢᠷᠡᠭᠦᠯᠵᠦ᠂ ᠲᠤᠭᠠᠴᠢᠯᠠᠭᠰᠠᠨ ᠰᠢᠨ᠎ᠡ ᠶᠢ | ᠡᠭᠦᠳᠬᠦ ᠰᠤᠷᠭᠠᠨ ᠬᠥᠮᠦᠵᠢᠯ ᠤᠨ ᠪᠦᠯᠦᠭᠯᠡᠯ ᠢ ᠪᠤᠵᠠᠭᠠᠶᠢᠷᠠᠭᠤᠯᠤᠨ᠂ ᠲᠤᠭᠠᠴᠢᠯᠠᠭᠰᠠᠨ ᠰᠢᠨ᠎ᠡ ᠶᠢ ᠡᠭᠦᠳᠬᠦ ᠠᠵᠤ | ᠦᠢᠯᠡᠰ ᠤᠨ ᠰᠠᠭᠤᠷᠢ ᠴᠢᠳᠠᠪᠤᠷᠢᠲᠠᠨ ᠢ ᠬᠥᠮᠦᠵᠢᠭᠦᠯᠬᠦ ᠲᠠᠪᠴᠠᠩ ᠢ ᠪᠣᠶ ᠪᠣᠯᠭᠠᠨ᠎ᠠ᠃ ᠬᠦᠷᠢᠶᠡᠯᠡᠩ ᠲᠣᠭᠤᠷᠢᠭ ᠤᠨ | ᠰᠠᠴᠤᠷᠠᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠢᠶᠠᠨ ᠢ ᠵᠠᠮ᠂ ᠲᠢᠶᠠᠨ ᠢ ᠬᠥᠭᠦᠷᠭᠡ ᠶᠢ 5 | ᠳ᠋ᠤᠭᠠᠷ ᠰᠠᠷ᠎ᠠ ᠳᠤ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠰᠢᠵᠢᠷ ᠠᠯᠲᠠᠨ | ᠭᠠᠵᠠᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠡᠭᠡᠭᠡᠨ ᠠᠰᠢᠭᠯᠠᠵᠤ᠂ ᠠᠵᠤ ᠦᠢᠯᠡᠰ ᠪᠠ ᠬᠤᠲᠠ ᠶᠢᠨ | ᠠᠭᠤᠰᠤᠯᠴᠠᠨ ᠬᠥᠭᠵᠢᠬᠦ ᠶᠢ ᠬᠠᠷᠢᠯᠴᠠᠨ ᠠᠬᠢᠭᠤᠯᠬᠤ ᠶᠢ ᠲᠦᠷᠭᠡᠳᠬᠡᠨ᠎ᠡ᠃ ᠬᠦᠷᠢᠶᠡᠯᠡᠩ ᠲᠣᠭᠤᠷᠢᠭ ᠤᠨ ᠮᠥ | ᠪᠦᠷᠢ ᠶᠢᠨ ᠳᠤᠮᠳᠠᠴᠢ ᠦᠷ᠎ᠡ ᠠᠰᠢᠭ᠂ ᠭᠠᠶᠢᠯᠢ ᠲᠠᠲᠠᠪᠤᠷᠢ ᠵᠡᠷᠭᠡ ᠶᠢᠨ ᠭᠦᠢᠴᠡᠳᠬᠡᠯ ᠲᠤᠭ᠎ᠠ ᠶᠢᠨ ᠰᠢᠯᠭᠠᠨ | ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠪᠠᠷᠢᠮᠵᠢᠶ᠎ᠠ ᠲᠠᠢ ᠬᠡᠷ ᠪᠠᠶᠢᠰᠢᠩ ᠢ ᠰᠤᠯᠠᠯᠠᠨ | ᠪᠤᠴᠠᠭᠠᠬᠤ ᠲᠣᠭᠲᠠᠴᠠ ᠪᠠ ᠠᠵᠤ ᠠᠬᠤᠶᠢᠯᠠᠯ ᠤᠨ ᠲᠠᠲᠠᠵᠤ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠳᠠᠭᠠᠭᠠᠴᠠ ᠪᠠ ᠪᠣᠬᠢᠷᠲᠤᠯ ᠥᠬᠡᠶ ᠪᠣᠯᠭᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠷᠢᠶᠡᠯᠡᠩ | ᠲᠣᠭᠤᠷᠢᠭ ᠤᠨ ᠰᠠᠶᠢᠨ ᠣᠷᠴᠢᠯ ᠢ ᠪᠡᠶᠡᠯᠡᠭᠦᠯᠦᠨ᠎ᠡ᠃ ᠵᠢᠯ ᠤᠨ ᠡᠴᠦᠰ ᠲᠤ 100 ᠭᠠᠷᠤᠶ ᠠᠵᠤ ᠠᠬᠤᠶᠢᠯᠠᠯ | ᠣᠷᠣᠵᠤ ᠰᠠᠭᠤᠭᠠᠳ᠂ ᠦᠢᠯᠡᠳᠬᠦᠨ ᠤ ᠥᠷᠲᠡᠭ ᠨᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠨ᠎ᠡ᠃ | | ︵ᠭᠤᠷᠪᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠠᠭᠤᠳᠠᠰᠤ ᠶᠢ ᠵᠢᠷᠤᠭᠯᠠᠨ᠎ᠠ | ᠬᠥᠳᠡᠭᠡ ᠠᠵᠤ ᠠᠬᠤᠢ ᠶᠢ ᠨᠡᠩ ᠥᠨᠳᠥᠷ ᠦᠷ᠎ᠡ ᠠᠰᠢᠭ ᠲᠠᠢ ᠪᠣᠯᠭᠠᠨ᠎ᠠ᠃ ᠤᠳᠤ ᠦᠶ᠎ᠡ ᠶᠢᠨ | ᠲᠠᠷᠢᠶᠠᠯᠠᠩ ᠤᠨ ᠬᠦᠴᠦᠷᠬᠡᠭ ᠲᠤᠭᠤᠷᠢᠭ ᠤᠨ ᠲᠠᠭᠠᠭᠤᠯᠤᠭᠴᠢ ᠪᠤᠯᠵᠤ᠂ ᠲᠠᠷᠢᠶᠠᠯᠠᠩ ᠬᠥᠳᠡᠭᠡ ᠲᠣᠰᠬᠤᠨ ᠤ ᠰᠢᠨ᠎ᠡ | ᠪᠠᠶᠢᠷᠢᠰᠢᠯ ᠢ ᠪᠠᠶᠢᠭᠤᠯᠤᠨ᠎ᠠ᠃ 2.56 ᠲᠦᠮᠡᠨ ᠮᠥ ᠪᠡᠯᠡᠳᠭᠡᠮᠵᠢᠳᠤ ᠲᠠᠷᠢᠶᠠᠯᠠᠩ ᠢ ᠰᠢᠨ᠎ᠡ ᠪᠠᠷ ᠥᠭᠡᠷᠡᠴᠢᠯᠡᠨ | ᠪᠠᠶᠢᠭᠤᠯᠵᠤ᠂ 2 ᠲᠦᠮᠡᠨ ᠮᠥ ᠤᠨᠠᠯᠲᠠ ᠪᠠᠭᠠᠲᠠᠶ ᠣᠶ ᠰᠢᠭᠤᠶ ᠶᠢ ᠥᠭᠡᠷᠡᠴᠢᠯᠡᠨ ᠪᠠᠶᠢᠭᠤᠯᠵᠤ᠂ 2 ᠲᠦᠮᠡᠨ | ᠠᠯᠠᠰᠢᠨ ᠦᠬᠡᠷ ᠤᠨ ᠲᠤᠭ᠎ᠠ ᠶᠢ ᠨᠡᠮᠡᠭᠳᠡᠭᠦᠯᠦᠨ᠂ ᠭᠤᠤᠯᠯᠠᠬᠤ ᠠᠵᠤ ᠦᠢᠯᠡᠰ ᠤᠨ ᠣᠳᠣᠬᠢᠴᠢᠯᠠᠭᠰᠠᠨ᠂ | ᠣᠶᠤᠨᠵᠢᠭᠰᠠᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠨᠠᠷᠠᠲᠤ ᠲᠡᠮᠳᠡᠭᠵᠢᠭᠰᠡᠨ ᠳᠠᠰᠢ ᠬᠥᠭᠵᠢᠬᠦ ᠶᠢ | ᠠᠬᠢᠭᠤᠯᠤᠨ᠎ᠠ᠃ ᠵᠠᠰᠠᠭ ᠠᠵᠤ ᠠᠬᠤᠶᠢᠯᠠᠯ ᠬᠤᠯᠪᠣᠭᠠᠯᠠᠨ ᠡᠭᠦᠯᠳᠡᠷ ᠪᠤᠶᠢᠵᠢᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠶᠢ ᠴᠢᠩᠭᠠᠳᠬᠠᠵᠤ᠂ ᠵᠢᠶᠠ ᠢᠦᠢ ᠦᠷ᠎ᠡ ᠶᠢᠨ ᠭᠠᠭ᠋ᠠᠶ᠂ ᠯᠢ ᠾᠧ ᠲᠠᠷᠢᠶᠠᠯᠠᠩ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ | ︔ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠳᠠᠷᠢᠬᠤ ᠲᠠᠯᠠᠪᠠᠶ ᠶᠢ 10 ᠲᠦᠮᠡᠨ ᠮᠥ ᠠᠴᠠ ᠳᠡᠭᠡᠭᠰᠢ ᠳᠤ | ᠬᠦᠷᠦᠭᠦᠯᠵᠦ᠂ ᠡᠷᠳᠡᠨᠢ ᠰᠢᠰᠢ ᠶᠢ ᠨᠢᠭᠲᠠ ᠲᠠᠷᠢᠬᠤ ᠥᠨᠳᠥᠷ ᠤᠨᠠᠯᠲᠠ ᠲᠠᠢ ᠣᠷᠣᠨ ᠢ 20 ᠲᠦᠮᠡᠨ ᠮᠥ ᠳᠤ | ᠬᠦᠷᠦᠭᠦᠯᠵᠦ᠂ 1418 ᠮᠥ ᠶᠢᠨ ᠦᠷ᠎ᠡ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠨᠢᠭᠡ ᠪᠠᠶᠢᠭᠤᠯᠵᠤ᠂ ︽ | ᠠᠯᠪᠠᠨ ᠠᠴᠠ ᠪᠠᠶᠢᠭᠤᠯᠵᠤ ᠠᠷᠠᠳ ᠤᠨ ᠬᠡᠷᠡᠭᠯᠡᠭᠡᠨ ᠳᠤ ᠬᠡᠷᠡᠭᠯᠡᠬᠦ︾ 6 ᠵᠦᠢᠯ ᠤᠨ ᠦᠷ᠎ᠡ ᠬᠠᠲᠠᠭᠠᠬᠤ ᠱᠤᠭᠤᠮ ᠢ | ᠢᠵᠢ ᠪᠥᠷᠢᠳᠦᠭᠦᠯᠦᠨ᠂ ᠦᠷ᠎ᠡ ᠪᠤᠶᠢᠵᠢᠭᠤᠯᠬᠤ ᠲᠣᠮᠣ ᠰᠢᠶᠠᠨ ᠤ ᠦᠷ᠎ᠡ ᠪᠤᠶᠢᠵᠢᠭᠤᠯᠬᠤ ᠬᠦᠴᠦᠷᠬᠡᠭ ᠰᠢᠶᠠᠨ ᠳᠠᠰᠢ | ᠤᠷᠤᠭᠰᠢᠯᠠᠬᠤ ᠶᠢ ᠠᠬᠢᠭᠤᠯᠤᠨ᠎ᠠ᠃ ᠬᠤᠷᠣᠬᠠᠶ ᠡᠪᠡᠰᠦᠨ ᠤ ᠰᠠᠭᠤᠷᠢᠨ ᠭᠠᠵᠠᠷ᠂ ᠡᠯᠳᠡᠪ ᠠᠮᠤ ᠶᠢᠨ ᠰᠠᠭᠤᠷᠢᠨ | ᠭᠠᠵᠠᠷ᠂ ᠰᠦ ᠶᠢᠨ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 10 | ᠲᠦᠮᠡᠨ ᠮᠥ ᠨᠦᠢᠯ ᠪᠤᠭᠤᠳᠠᠢ᠂ 60 ᠲᠦᠮᠡᠨ ᠮᠥ ᠨᠠᠷᠢᠮᠤ᠂ 1000 ᠲᠣᠨ ᠤᠮᠠᠷᠠᠲᠤ ᠶᠢᠨ ᠬᠤᠷᠣᠬᠠᠶ ᠡᠪᠡᠰᠦ ᠶᠢ | ᠰᠢᠨ᠎ᠡ ᠪᠠᠷ ᠬᠥᠭᠵᠢᠭᠦᠯᠵᠦ᠂ 5 ᠲᠦᠮᠡᠨ ᠲᠣᠨ ᠲᠥᠪᠡᠳ ᠬᠠᠰᠢ ᠶᠢᠨ ᠭᠠᠷᠤᠯᠲᠠ ᠶᠢ ᠥᠷᠭᠡᠳᠬᠡᠨ᠂ ᠨᠦᠢᠯ | ᠪᠣᠭᠤᠳᠠᠶ ᠶᠢᠨ ᠨᠠᠷᠢᠯᠢᠭ ᠡᠳ᠋ᠰᠢᠭᠦᠯᠭᠡ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ 1 | ᠪᠠᠶᠢᠭᠤᠯᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠣᠯᠠᠨ ᠬᠡᠯᠬᠢᠶ᠎ᠡ ᠪᠠᠷ ᠬᠥᠭᠵᠢᠬᠦ ᠶᠢ ᠠᠬᠢᠭᠤᠯᠤᠨ᠎ᠠ᠃ | ᠪᠥᠬᠦ ᠰᠢᠶᠠᠨ ᠢᠶᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ | ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ 35 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠵᠤ᠂ ᠭᠤᠷᠪᠠᠨ ᠵᠢᠯ ᠤᠨ ᠳᠣᠲᠣᠷ᠎ᠠ ᠪᠥᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠴᠢᠨᠠᠷ ᠰᠠᠶᠢᠲᠠᠶ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠲᠥᠪᠯᠡᠷᠡᠭᠦᠯᠵᠦ ᠲᠠᠷᠬᠠᠭᠠᠬᠤ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠤᠨ ᠪᠦᠲᠦᠭᠡᠭᠳᠡᠬᠦᠨ ᠢ 10 ᠰᠢᠨ᠎ᠡ ᠪᠠᠷ ᠨᠡᠮᠡᠭᠳᠡᠭᠦᠯᠵᠦ᠂ ︽ | ᠤᠯᠠᠭᠠᠨᠬᠠᠳᠠ ᠶᠢᠨ ᠰᠠᠶᠢᠨ ᠪᠣᠳᠠᠰ ᠢ ᠪᠡᠭᠡᠵᠢᠩ ᠳᠤ ᠣᠷᠣᠭᠤᠯᠬᠤ︾ ᠶᠢ ᠢᠳᠡᠪᠬᠢᠲᠡᠶ ᠪᠠᠷ ᠵᠣᠯᠭᠠᠭᠤᠯᠤᠨ᠂ | ᠭᠦᠩᠵᠦ ᠶᠢᠨ ᠳᠠᠪᠠᠭ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ | ᠭᠦᠢᠯᠭᠡᠭᠡᠨ ᠢ ᠤᠯᠠᠮ ᠨᠢᠭᠡ ᠠᠯᠬᠤᠮ ᠠᠬᠢᠭᠤᠯᠤᠨ᠎ᠠ᠃ | ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃ ︽ᠮᠢᠩᠭᠠᠨ ᠲᠦᠮᠡᠨ ᠢᠨᠵᠧᠨᠧᠷᠢᠩ︾ | ᠤᠨ ᠲᠤᠷᠰᠢᠯᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠣᠳᠣᠬᠢᠴᠢᠯᠠᠭᠰᠠᠨ ᠬᠥᠳᠡᠭᠡ ᠲᠣᠰᠬᠤᠨ ᠢ ᠲᠦᠷᠭᠡᠳᠬᠡᠨ | ᠪᠦᠳᠦᠬᠡᠨ ᠪᠠᠶᠢᠭᠤᠯᠤᠨ᠎ᠠ᠃ ᠲᠣᠰᠬᠤᠨ ᠳᠤ ᠨᠡᠪᠲᠡᠷᠡᠬᠦ ᠵᠠᠮ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ | ᠢᠨᠵᠧᠨᠧᠷᠢᠩ ᠢ 69.7 ᠺᠢᠯᠣᠮᠧᠲᠷ᠂ 5 ᠬᠥᠭᠦᠷᠭᠡ᠂ 5 ᠲᠠᠷᠠᠬᠠᠶ ᠮᠠᠶ᠋ᠢᠭ ᠤᠨ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠵᠤ᠂ ᠲᠦᠭᠡᠭᠡᠯ ᠤᠰᠤᠨ ᠤ ᠲᠦᠭᠡᠮᠡᠯᠵᠢᠭᠰᠡᠨ ᠨᠣᠷᠮ᠎ᠠ ᠶᠢ 92% ᠠᠴᠠ | ᠳᠡᠭᠡᠭᠰᠢ ᠳᠤ ᠬᠦᠷᠦᠭᠦᠯᠦᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | 13 ᠠᠶᠢᠯ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ | ᠲᠣᠰᠬᠤᠨ ᠤ ᠣᠷᠴᠢᠨ ᠠᠬᠤᠶ ᠶᠢᠨ ᠠᠷᠢᠭᠤᠨ ᠴᠡᠪᠡᠷ ᠢ ᠨᠢᠭᠡ ᠴᠤᠭᠴᠠᠵᠢᠭᠤᠯᠤᠨ ᠵᠠᠰᠠᠬᠤ ᠵᠠᠭᠪᠤᠷ ᠢ ᠳᠡᠯᠭᠡᠷᠡᠭᠦᠯᠦᠨ | ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠠ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠵᠦ ᠬᠠᠮᠢᠶᠠᠷᠤᠨ ᠬᠠᠮᠠᠭᠠᠯᠠᠬᠤ ᠲᠦᠷᠢᠮ ᠢ ᠲᠡᠭᠦᠯᠳᠡᠷᠵᠢᠭᠦᠯᠵᠦ᠂ ᠵᠣᠷᠯᠣᠩ ᠤᠨ | ᠬᠤᠪᠢᠰᠬᠠᠯ ᠤᠨ ᠦᠷ᠎ᠡ ᠪᠦᠲᠦᠭᠡᠯ ᠢ ᠭᠦᠨᠵᠡᠭᠡᠶ ᠪᠠᠬᠢᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ | ᠠᠬᠤᠶ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠴᠢᠩᠭ᠎ᠠ ᠰᠠᠬᠢᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠵᠦ᠂ ᠭᠠᠳᠠᠭᠰᠢ ᠭᠠᠷᠬᠤ ᠶᠢ ᠬᠢᠴᠢᠶᠡᠵᠦ᠂ | ᠨᠡᠮᠡᠭᠳᠡᠯ ᠤᠨ ᠬᠡᠮᠵᠢᠶ᠎ᠡ ᠶᠢ ᠡᠷᠢᠯᠬᠢᠯᠡᠨ᠎ᠡ᠃ ᠤᠯᠠᠮᠵᠢᠯᠠᠯᠲᠤ ᠠᠶᠢᠯ ᠲᠣᠰᠬᠤᠨ ᠤ ᠠᠷᠠᠳ ᠤᠨ ᠣᠷᠣᠨ ᠰᠠᠭᠤᠴᠠ ᠶᠢᠨ | ᠬᠠᠮᠠᠭᠠᠯᠠᠯᠲᠠ ᠶᠢ ᠴᠢᠩᠭᠠᠳᠬᠠᠵᠤ᠂ ᠨᠤᠲᠤᠭ ᠤᠨ ᠣᠨᠴᠠᠯᠢᠭ ᠲᠠᠢ ᠪᠠᠶᠢᠭᠠᠯᠢ ᠶᠢᠨ ᠦᠵᠡᠮᠵᠢ ᠪᠠ ᠬᠥᠳᠡᠭᠡ | ᠨᠤᠲᠤᠭ ᠤᠨ ᠥᠩᠭᠡ ᠦᠵᠡᠮᠵᠢ ᠶᠢ ᠪᠣᠶ ᠪᠣᠯᠭᠠᠵᠤ᠂ ᠨᠤᠲᠤᠭ ᠤᠰᠤᠨ ᠤ ᠪᠠᠨ ᠮᠥᠷᠥᠭᠡᠳᠦᠯ ᠢ ᠦᠯᠡᠳᠡᠭᠡᠵᠦ᠂ ᠣᠶ | ᠰᠠᠨᠠᠮᠵᠢ ᠶᠢ ᠦᠯᠡᠳᠡᠭᠡᠬᠦ ᠪᠠᠷ ᠴᠢᠷᠮᠠᠶᠢᠨ᠎ᠠ᠃ | ᠲᠠᠷᠢᠶᠠᠴᠢᠳ ᠢ ᠨᠡᠩ ᠪᠠᠶᠠᠨ ᠴᠢᠨᠡᠭᠡᠯᠢᠭ ᠪᠣᠯᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠥᠷᠭᠡᠳᠬᠡᠨ ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ ᠶᠢ ᠪᠠᠲᠤᠳᠬᠠᠵᠤ᠂ ︽ᠳᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠶᠢ | ᠯᠠᠪᠳᠠᠭᠤᠨ ᠪᠠᠲᠤᠲᠠᠢ ᠥᠷᠨᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠦᠯᠦ ᠡᠭᠦᠰᠭᠡᠬᠦ | ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠵᠤ ᠦᠢᠯᠡᠰ ᠢᠶᠠᠷ ᠲᠡᠳᠬᠦᠬᠦ ᠶᠢ ᠴᠢᠩᠭᠠᠳᠬᠠᠵᠤ᠂ ᠪᠡᠯᠡᠳᠭᠡᠮᠵᠢᠳᠤ | ᠲᠠᠷᠢᠶᠠᠯᠠᠩ ᠤᠨ ᠬᠦᠷᠢᠶᠡᠯᠡᠩ ᠲᠣᠭᠤᠷᠢᠭ ᠢ 3 ᠥᠭᠡᠷᠡᠴᠢᠯᠡᠨ ᠳᠡᠭᠡᠭᠰᠢᠯᠡᠭᠦᠯᠵᠦ᠂ 2000 ᠲᠦᠮᠡᠨ ᠲᠥᠭᠦᠷᠢᠭ ᠤᠨ | ᠬᠦᠷᠢᠶ᠎ᠡ ᠬᠠᠰᠢᠶ᠎ᠠ ᠶᠢᠨ ᠠᠵᠤ ᠠᠬᠤᠶ ᠵᠢᠴᠢ ᠡᠷᠦᠬᠡ ᠳᠤ ᠬᠦᠷᠬᠦ ᠠᠵᠤ ᠦᠢᠯᠡᠰ ᠢ ᠬᠡᠷᠡᠭᠵᠢᠭᠦᠯᠦᠨ᠂ ᠳ᠋ᠠ ᠮᠢᠶᠣᠣ | ᠵᠢᠶᠠᠩ ᠳᠤ ᠳᠠᠷᠤᠭᠰᠠᠨ ᠨᠤᠭᠤᠭ᠎ᠠ ᠶᠢᠨ ᠦᠢᠯᠡᠳᠪᠦᠷᠢ᠂ ᠬᠠᠭᠤᠴᠢᠨ ᠬᠤᠷᠤᠭ᠎ᠠ ᠵᠢᠮᠢᠰ ᠤᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠵᠤ᠂ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 8 ᠲᠣᠰᠬᠤᠨ ᠢ ᠪᠣᠶ ᠪᠣᠯᠭᠠᠵᠤ᠂ ᠣᠯᠠᠨ ᠠᠷᠭ᠎ᠠ | ᠮᠠᠶ᠋ᠢᠭ ᠢᠶᠠᠷ ᠣᠷᠣᠨ ᠰᠠᠭᠤᠴᠠ ᠶᠢᠨ ᠭᠠᠵᠠᠷ᠂ ᠳᠠᠭᠠᠭᠠᠴᠢᠯᠠᠭᠰᠠᠨ ᠭᠠᠵᠠᠷ ᠵᠡᠷᠭᠡ ᠡᠯ᠎ᠡ ᠲᠥᠷᠥᠯ ᠤᠨ ᠰᠤᠯᠠ ᠪᠠᠶᠢᠬᠤ | ᠡᠬᠢ ᠪᠠᠶᠠᠯᠢᠭ ᠢ ᠴᠢᠯᠥᠭᠡᠲᠡᠶ ᠪᠣᠯᠭᠠᠵᠤ᠂ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠦᠷᠢᠨᠰᠢᠬᠦᠯᠦᠨ᠂ | ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠲᠣᠰᠬᠤᠨ ᠤ | ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠬᠥᠳᠡᠭᠡ ᠪᠠᠭᠤᠬᠤ᠂ ᠤᠶᠤᠲᠠᠳ ᠤᠨ | ᠨᠤᠲᠤᠭ ᠲᠠᠭᠠᠨ ᠪᠤᠴᠠᠬᠤ᠂ ᠬᠥᠯᠥᠰᠥᠨ ᠠᠵᠢᠯᠴᠢᠨ ᠤ ᠨᠤᠲᠤᠭ ᠲᠠᠭᠠᠨ ᠪᠤᠴᠠᠬᠤ ᠶᠢ ᠵᠣᠷᠢᠭᠵᠢᠭᠤᠯᠵᠤ᠂ ᠨᠡᠩ | ᠤᠯᠠᠨ ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠦᠨ᠎ᠡ᠃ | ︵ᠳᠥᠷᠪᠡ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠭᠤᠷᠪᠠᠳᠤᠭᠠᠷ ᠠᠵᠤ ᠦᠢᠯᠡᠰ ᠢ | ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠤᠨ᠎ᠠ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠤᠯᠠᠨ ᠡᠰᠢᠴᠢᠯᠡᠭᠰᠡᠨ ᠬᠦᠭᠵᠢᠬᠦ ᠶᠢ ᠲᠦᠯᠬᠢᠨ | ᠠᠬᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠤᠯᠠᠭᠠᠨᠬᠠᠳᠠ ᠬᠤᠲᠠ ᠶᠢᠨ ᠬᠤᠳᠠᠯᠳᠤᠭ᠎ᠠ | ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠬᠦᠢᠰᠦ ᠬᠤᠲᠠ ᠪᠠᠶᠢᠭᠤᠯᠬᠤ ᠠᠵᠠ ᠲᠣᠬᠢᠶᠠᠯ ᠢ ᠴᠢᠩᠭ᠎ᠠ ᠠᠳᠬᠤᠨ᠂ | ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠬᠤᠲᠠ ᠶᠢᠨ ᠥᠷᠨᠢᠩᠭᠦᠶ ᠬᠥᠭᠵᠢᠬᠦ ᠶᠢ ᠠᠬᠢᠭᠤᠯᠤᠨ᠎ᠠ᠃ | ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ᠂ ᠲᠠᠷᠢᠶᠠᠯᠠᠩ ᠤᠨ ᠮᠠᠰᠢᠨ ᠤ | ᠤᠭᠰᠠᠷᠠᠬᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠲᠤᠭᠠᠴᠢᠯᠠᠭᠰᠠᠨ ᠤᠶᠤᠨᠲᠤ ᠠᠮᠢ ᠠᠬᠤᠶ ᠶᠢᠨ ᠠᠵᠤ | ᠦᠢᠯᠡᠰ ᠤᠨ ᠬᠦᠷᠢᠶᠡᠯᠡᠩ ᠢ 5 ᠳ᠋ᠤᠭᠠᠷ ᠰᠠᠷ᠎ᠠ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ | ᠳ᠋ᠦᠩᠰᠢᠭᠤᠷ ᠲᠥᠭᠦᠷᠢᠭ ᠤᠨ ᠭᠠᠶᠢᠯᠢ ᠲᠠᠲᠠᠪᠤᠷᠢ᠂ ᠠᠷᠪᠠᠨ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ᠂ | ᠵᠠᠭᠤᠨ ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠢ ᠪᠦᠲᠦᠭᠡᠨ ᠪᠠᠶᠢᠭᠤᠯᠤᠨ᠎ᠠ᠃ ᠤᠯᠤᠰ ᠠᠷᠠᠳ ᠤᠨ | ᠢᠳᠡᠭᠡᠨ ᠤ ᠵᠦᠢᠯ᠂ ᠨᠦᠢᠯ ᠪᠣᠭᠤᠳᠠᠶ ᠶᠢᠨ ᠨᠠᠷᠢᠯᠢᠭ ᠡᠳ᠋ᠰᠢᠭᠦᠯᠬᠦ ᠵᠡᠷᠭᠡ ᠢᠳᠡᠭᠡᠨ ᠢ ᠡᠳ᠋ᠰᠢᠭᠦᠯᠦᠨ ᠪᠣᠷᠣᠯᠠᠭᠤᠯᠬᠤ | ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠬᠤᠲᠠ ᠳᠤ ᠣᠷᠣᠬᠤ ᠶᠢ ᠠᠬᠢᠭᠤᠯᠵᠤ᠂ ᠰᠢᠨ᠎ᠡ ᠠᠵᠤ | ᠦᠢᠯᠡᠰ ᠤᠨ ᠬᠡᠰᠡᠭ ᠢ ᠪᠣᠶ ᠪᠣᠯᠭᠠᠨ᠎ᠠ᠃ ᠰᠦᠩᠵᠸᠤ ᠶᠢᠨ ᠲᠣᠰᠣ ᠨᠡᠮᠡᠬᠦ ᠬᠡᠶ ᠨᠡᠮᠡᠬᠦ ᠥᠷᠲᠡᠭᠡ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ︵ᠬᠤᠶᠠᠳᠤᠭᠠᠷ ᠬᠤᠭᠤᠴᠠᠭ᠎ᠠ︶᠂ ᠶᠢᠩ ᠶᠢᠨ ᠵᠠᠮ ᠤᠨ ᠪᠣᠷᠣᠭᠠᠨ ᠪᠠ ᠪᠣᠬᠢᠷᠲᠤᠯ | ᠤᠰᠤ ᠵᠠᠯᠠᠬᠤ ᠬᠥᠭᠡᠷᠭᠡ ᠶᠢᠨ ᠥᠷᠲᠡᠭᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠠᠷᠠᠭᠠᠨ ᠤ ᠭᠦᠢᠯᠭᠡᠭᠡᠨ ᠤ | ᠬᠤᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷᠵᠢᠨ ᠬᠥᠭᠵᠢᠬᠦ ᠶᠢ ᠲᠦᠯᠬᠢᠨ | ᠠᠬᠢᠭᠤᠯᠤᠨ᠎ᠠ᠃ ᠵᠠᠭᠤᠨ ᠲᠦᠮᠡᠨ ᠬᠥᠮᠦᠨ ᠠᠮᠠ ᠶᠢᠨ ᠬᠡᠷᠡᠭᠯᠡᠭᠡᠨ ᠤ ᠬᠡᠷᠡᠭᠴᠡᠭᠡ ᠶᠢ ᠪᠣᠳᠣᠯᠬᠢᠯᠠᠨ᠂ ᠤᠯᠠᠮᠵᠢᠯᠠᠯᠲᠤ | ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠰᠦᠩᠱᠠᠨ ᠸᠠᠨ ᠳ᠋ᠠ᠂ ᠵᠦᠩ ᠯᠢᠶᠠᠨ᠂ ᠱᠠᠩᠬᠠᠶ ᠬᠤᠳᠠ | ᠵᠡᠷᠭᠡ ᠤᠯᠠᠮᠵᠢᠯᠠᠯᠲᠤ ᠬᠤᠳᠠᠯᠳᠤᠭᠠᠨ ᠤ ᠲᠥᠪ ᠤᠨ ᠤᠶᠤᠨᠲᠤ ᠬᠤᠳᠠᠯᠳᠤᠭᠠᠨ ᠤ ᠲᠣᠭᠤᠷᠢᠭ ᠤᠨ ᠪᠠᠶᠢᠭᠤᠯᠤᠯᠲᠠ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠯᠧ ᠱᠠᠩ ᠠᠯᠲᠠᠨ ᠵᠡᠭᠡᠯᠢ ᠶᠢᠨ ᠨᠢᠭᠡᠳᠦᠭᠡᠷ | ᠬᠤᠭᠤᠴᠠᠭᠠᠨ ᠤ ᠬᠦᠭᠵᠢᠯᠲᠡᠢ ᠡᠵᠡᠩᠨᠡᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠯᠢ ᠱᠦᠢ᠂ ᠶᠢᠨ | ᠴᠢᠶᠣᠤ ᠵᠠᠬ᠎ᠠ ᠳᠡᠯᠭᠡᠭᠦᠷ ᠪᠠ ᠯᠧ ᠱᠠᠩ ᠠᠯᠲᠠᠨ ᠵᠡᠭᠡᠯᠢ ᠶᠢᠨ ᠬᠤᠶᠠᠳᠤᠭᠠᠷ ᠬᠤᠭᠤᠴᠠᠭᠠᠨ ᠤ ᠪᠦᠳᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠬᠤᠳᠠᠯᠳᠤᠭᠠᠨ ᠤ ᠲᠣᠭᠤᠷᠢᠭ ᠤᠨ ᠦᠢᠯᠡᠴᠢᠯᠡᠭᠡ ᠪᠠ ᠬᠡᠷᠡᠭᠯᠡᠭᠡ ᠶᠢᠨ ᠲᠡᠰ | ᠳᠡᠪᠰᠢᠬᠦ ᠶᠢ ᠬᠥᠲᠥᠯᠥᠨ ᠳᠠᠭᠠᠭᠤᠯᠤᠨ᠎ᠠ᠃ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ | ᠲᠣᠭᠠᠴᠢᠯᠠᠭᠰᠠᠨ ᠬᠡᠷᠡᠭᠯᠡᠭᠡ ᠶᠢ ᠶᠡᠬᠡᠪᠡᠷ ᠬᠥᠭᠵᠢᠭᠦᠯᠦᠨ᠂ ᠰᠦᠩᠱᠠᠨ ᠤ ᠡᠯᠧᠺᠲᠷᠣᠨ ᠬᠤᠳᠠᠯᠳᠤᠭᠠᠨ ᠤ | ᠨᠡᠶᠢᠭᠡᠮᠯᠢᠭ ᠢ ᠪᠡᠯᠡᠳᠬᠡᠨ ᠪᠠᠶᠢᠭᠤᠯᠵᠤ᠂ ︽ᠰᠦᠩᠱᠠᠨ ᠤ ᠡᠯᠧᠺᠲᠷᠣᠨ ᠬᠤᠳᠠᠯᠳᠤᠭᠠᠨ ᠤ ᠪᠠᠶᠠᠷ︾ ᠵᠡᠷᠭᠡ | ᠬᠡᠷᠡᠭᠯᠡᠭᠡ ᠶᠢ ᠠᠬᠢᠭᠤᠯᠤᠨ ᠬᠥᠭᠵᠢᠯᠲᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠱᠢ ᠶᠤᠸᠠᠢ | ᠲᠠᠷᠢᠶᠠᠯᠠᠩ ᠤᠨ ᠰᠠᠩ ᠬᠥᠮᠥᠷᠭᠡ ᠶᠢᠨ ᠨᠡᠶᠢᠭᠡᠮ ᠲᠣᠭᠤᠷᠢᠭ ᠤᠨ ᠰᠢᠭᠤᠳ ᠡᠵᠡᠩᠨᠡᠯᠲᠡ ᠶᠢᠨ ᠳᠡᠯᠭᠡᠭᠦᠷ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ | ᠨᠠᠰᠤᠲᠠᠨ ᠢ ᠠᠰᠠᠷᠠᠬᠤ᠂ ᠨᠢᠯᠬᠠᠰ ᠢ ᠬᠥᠮᠦᠵᠢᠭᠦᠯᠬᠦ᠂ ᠬᠡᠷ ᠠᠬᠤᠶ ᠶᠢᠨ ᠠᠵᠢᠯ ᠵᠡᠷᠭᠡ ᠦᠢᠯᠡᠴᠢᠯᠡᠭᠡᠨ ᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠳᠡᠮᠵᠢᠵᠦ᠂ ᠭᠠᠷᠠᠭ ᠤᠨ ᠰᠡᠭᠦᠯᠴᠢ ᠶᠢᠨ ᠠᠵᠤ | ᠠᠬᠤᠶ᠂ ᠰᠥᠨᠢ ᠶᠢᠨ ᠠᠵᠤ ᠠᠬᠤᠶ ᠶᠢ ᠬᠥᠭᠵᠢᠭᠦᠯᠵᠦ᠂ ᠬᠤᠲᠠ ᠶᠢ ᠬᠥᠭᠵᠢᠭᠡᠨ ᠲᠠᠢ ᠪᠣᠯᠭᠠᠨ᠎ᠠ᠃ | ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠥᠬᠦ ᠣᠷᠣᠨ | ᠪᠦᠰᠡ ᠶᠢᠨ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠪᠠᠯᠠ ᠣᠷᠣᠭᠤᠯᠤᠯᠲᠠ ᠶᠢ | ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠳ᠋ᠢ ᠬᠤᠤ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠸᠠᠨ | ᠳ᠋ᠠ ᠰᠥᠨᠢ ᠶᠢᠨ ᠬᠤᠲᠠ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠤᠲᠠ ᠶᠢᠨ ᠬᠤᠳᠠᠯᠳᠤᠭᠠᠨ ᠤ | ᠲᠣᠭᠤᠷᠢᠭ ᠢ ᠲᠠᠰ ᠳᠡᠪᠰᠢᠭᠦᠯᠦᠨ᠎ᠡ᠃ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ᠂ ᠰᠡᠯᠡᠭᠦᠴᠡᠬᠦ ᠰᠢᠨ᠎ᠡ ᠠᠴᠢᠶᠠᠯᠠᠪᠤᠷᠢ ᠶᠢ ᠪᠣᠶ | ᠪᠣᠯᠭᠠᠨ᠎ᠠ᠃ ᠳ᠋ᠠ ᠰᠢᠩ ᠯᠦᠩ ᠤᠨ ᠬᠦᠳᠡᠭᠡ ᠨᠤᠲᠤᠭ ᠤᠨ ᠴᠠᠭ᠂ ᠤᠯᠢᠶᠠᠰᠤᠲᠠᠢ᠂ ᠬᠤᠸᠠᠩ ᠵᠢᠶᠠ ᠮᠠᠨ ᠳ᠋ᠢᠶᠠᠨ᠂ | ᠭᠦᠩᠵᠦ ᠶᠢᠨ ᠳᠠᠪᠠᠭ᠎ᠠ ᠶᠢᠨ ᠪᠦᠲᠦᠭᠡᠯᠴᠢ ᠰᠡᠳᠬᠢᠮᠵᠢ ᠲᠠᠢ ᠲᠥᠪᠡᠳ ᠬᠠᠰᠢ ᠶᠢᠨ ᠬᠦᠷᠢᠶᠡᠯᠡᠩ ᠵᠡᠷᠭᠡ ᠲᠥᠷᠥᠯ | ᠵᠦᠢᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠰᠠᠶᠢᠲᠤᠷ ᠠᠳᠬᠤᠵᠤ᠂ ᠣᠶᠢᠷ᠎ᠠ | ᠲᠡᠭᠦᠷᠭᠡ ᠶᠢᠨ ᠬᠦᠳᠡᠭᠡ ᠨᠤᠲᠤᠭ ᠤᠨ ᠰᠡᠯᠡᠭᠦᠴᠡᠯ ᠤᠨ ᠲᠣᠭᠤᠷᠢᠭ᠂ ᠣᠶ ᠰᠢᠭᠤᠶ ᠶᠢᠨ ᠠᠮᠢ ᠠᠬᠤᠶ ᠶᠢᠨ | ᠠᠮᠠᠷᠠᠯᠲᠠ ᠶᠢᠨ ᠲᠣᠭᠤᠷᠢᠭ᠂ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ ᠲᠣᠭᠤᠷᠢᠭ᠂ ᠠᠮᠢ | ᠠᠬᠤᠶ ᠶᠢᠨ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ ᠲᠣᠭᠤᠷᠢᠭ ᠢ ᠪᠠᠶᠢᠭᠤᠯᠤᠨ᠎ᠠ᠃ ᠮᠤᠵᠢ ᠶᠢᠨ | ᠵᠠᠮ ᠤᠨ 219 ᠵᠢᠭᠤᠯᠴᠢᠯᠠᠯ ᠤᠨ ᠵᠠᠰᠠᠮᠠᠯ ᠵᠠᠮ ᠤᠨ ᠲᠣᠭᠤᠷᠢᠯ ᠵᠠᠮ᠂ ᠬᠦᠳᠡᠭᠡ ᠨᠤᠲᠤᠭ ᠤᠨ ᠴᠡᠴᠡᠭ ᠤᠨ ᠳᠠᠯᠠᠢ᠂ | ᠴᠢᠭᠢᠭᠯᠢᠭ ᠭᠠᠵᠠᠷ ᠤᠨ ᠴᠡᠴᠡᠷᠯᠢᠭ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠵᠦᠢᠯᠡᠰ ᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠ | ᠠᠮᠢ ᠠᠬᠤᠶ ᠶᠢᠨ ᠵᠢᠭᠤᠯᠴᠢᠯᠠᠯ ᠰᠡᠯᠡᠭᠦᠴᠡᠯ ᠤᠨ ᠵᠢᠱᠢᠶ᠎ᠡ ᠦᠵᠡᠭᠦᠯᠬᠦ ᠬᠤᠩᠬᠢᠯ ᠢ ᠪᠤᠢ ᠪᠣᠯᠭᠠᠨ᠎ᠠ᠃ ᠵᠢᠯ ᠤᠨ | ᠳᠣᠲᠣᠷ᠎ᠠ ᠵᠢᠭᠤᠯᠴᠢᠯᠠᠭᠴᠢᠳ ᠢ 152 ᠲᠦᠮᠡᠨ ᠬᠥᠮᠦᠨ ᠤᠳᠠᠭ᠎ᠠ ᠠᠴᠠ ᠳᠡᠭᠡᠭᠰᠢ ᠭᠥᠯᠢᠶᠡᠨ ᠠᠪᠴᠤ᠂ | ᠵᠢᠭᠤᠯᠴᠢᠯᠠᠯ ᠤᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ︵ᠲᠠᠪᠤ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠮᠢ ᠠᠬᠤᠢ ᠶᠢᠨ ᠪᠣᠯᠪᠠᠰᠤᠨ ᠢ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠦᠨ᠎ᠡ᠃ ︽ᠨᠡᠭᠦᠷᠡᠰᠦᠲᠥ᠋ᠷᠥᠭᠴᠢ ᠶᠢ | ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠶᠢ ᠢᠳᠡᠪᠬᠢᠲᠡᠶ ᠪᠥᠭᠡᠳ ᠯᠠᠪᠳᠠᠭᠤᠨ ᠢᠶᠠᠷ | ᠠᠬᠢᠭᠤᠯᠵᠤ᠂ 2GW ᠰᠠᠯᠬᠢᠨ᠂ ᠬᠡᠷᠡᠯ ᠤᠨ ᠡᠬᠢ ᠪᠠᠶᠠᠯᠢᠭ ᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠨ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠡᠬᠢ ᠰᠤᠷᠪᠤᠯᠵᠢ ᠶᠢᠨ ᠲᠣᠤᠷ ᠤᠨ ᠴᠡᠨᠡᠭ | ᠨᠥᠭᠡᠴᠡᠯᠡᠬᠦ ᠶᠢ ᠨᠢᠭᠡ ᠴᠤᠭᠴᠠᠵᠢᠭᠤᠯᠬᠤ᠂ ᠰᠠᠯᠬᠢᠨ ᠬᠦᠴᠦᠨ ᠤ ᠴᠠᠬᠢᠯᠭᠠᠨ ᠤ ︽ᠶᠡᠭᠡ ᠶᠢ ᠨᠢ ᠳᠡᠭᠡᠭᠰᠢᠯᠡᠭᠦᠯᠵᠦ | ᠪᠠᠭ᠎ᠠ ᠶᠢ ᠨᠢ ᠳᠠᠷᠤᠬᠤ︾ ᠶᠢ ᠠᠬᠢᠭᠤᠯᠵᠤ᠂ ᠰᠢᠨ᠎ᠡ ᠬᠤᠲᠠ ᠶᠢᠨ ᠢᠯᠴᠢ ᠶᠢᠨ ᠴᠠᠬᠢᠯᠭᠠᠨ ᠭᠠᠯ ᠴᠠᠬᠢᠯᠭᠠᠨ ᠤ | ᠠᠮᠢᠳᠤᠯᠢᠭ ᠴᠢᠨᠠᠷᠲᠠᠶ ᠥᠭᠡᠷᠡᠴᠢᠯᠡᠯᠲᠡ᠂ ᠬᠦᠷᠢᠶᠡᠯᠡᠩ ᠲᠣᠭᠤᠷᠢᠭ ᠤᠨ ᠨᠡᠮᠡᠭᠳᠡᠯ ᠴᠠᠬᠢᠯᠭᠠᠨ ᠲᠣᠤᠷ ᠤᠨ ᠲᠥᠷᠥᠯ | ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠪᠣᠬᠢᠷᠲᠤᠯ ᠥᠬᠡᠶ ᠡᠨᠧᠷᠭᠢ ᠶᠢᠨ | ᠵᠢᠱᠢᠶ᠎ᠡ ᠦᠵᠡᠭᠦᠯᠬᠦ ᠰᠢᠶᠠᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠣᠷᠴᠢᠯ ᠠᠵᠤ ᠠᠬᠤᠶ ᠶᠢ | ᠶᠡᠬᠡᠪᠡᠷ ᠬᠥᠭᠵᠢᠭᠦᠯᠵᠦ᠂ ᠳᠠᠬᠢᠯᠲᠠ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠠᠷᠢᠭᠤᠨ ᠴᠡᠪᠡᠷ ᠢᠶᠠᠷ ᠳᠤᠯᠠᠭᠠᠯᠠᠬᠤ | ᠥᠭᠡᠷᠡᠴᠢᠯᠡᠯᠲᠡ ᠶᠢ ᠦᠷᠭᠦᠯᠵᠢᠯᠡᠨ ᠥᠷᠨᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠦᠬᠦ ᠠᠷᠠᠳ ᠤᠨ ᠣᠷᠴᠢᠨ ᠠᠬᠤᠶ ᠶᠢ | ᠬᠠᠮᠠᠭᠠᠯᠠᠬᠤ ᠤᠬᠠᠮᠰᠠᠷ᠂ ᠠᠮᠢ ᠠᠬᠤᠶ ᠶᠢᠨ ᠤᠬᠠᠮᠰᠠᠷ ᠢ ᠴᠢᠩᠭᠠᠳᠬᠠᠨ᠎ᠠ᠃ | ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ᠳᠡᠭᠡᠳᠦ ᠱᠠᠲᠤᠨ ᠤ | ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶ ᠳᠥᠯᠭᠢᠨ ᠠᠬᠢᠭᠤᠯᠵᠤ᠂ ᠵᠢᠯ ᠤᠨ ᠳᠣᠲᠣᠷ᠎ᠠ ︽ᠬᠤᠲᠠ ᠪᠠᠯᠭᠠᠰᠤᠨ ᠤ | ᠪᠣᠷᠣᠭᠠᠨ ᠪᠠ ᠪᠣᠬᠢᠷᠲᠤᠯ ᠢ ᠲᠦᠢᠯᠪᠤᠷᠢᠲᠠᠶ ᠰᠠᠯᠭᠠᠭᠰᠠᠨ ᠥᠬᠡᠶ︾ ᠠᠰᠠᠭᠤᠳᠠᠯ ᠢ ᠰᠢᠢᠳᠪᠦᠷᠢᠯᠡᠨ᠎ᠡ᠃ ᠠᠵᠤ | ᠦᠢᠯᠡᠳᠪᠦᠷᠢ ᠶᠢᠨ ᠬᠠᠶᠠᠭᠳᠠᠮᠠᠯ ᠬᠡᠶ᠂ ᠨᠡᠭᠦᠷᠡᠰᠦᠨ ᠣᠲᠤᠭ᠎ᠠ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ᠂ | ᠡᠰᠢ ᠰᠦᠷᠡᠯ ᠤᠨ ᠬᠤᠭ ᠨᠣᠪᠰᠢ ᠶᠢ ᠰᠢᠲᠠᠭᠠᠬᠤ ᠵᠡᠷᠭᠡ ᠪᠣᠬᠢᠷᠲᠤᠯ ᠤᠨ ᠡᠬᠢ ᠶᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠦᠷᠭᠦᠯᠵᠢᠯᠡᠨ | ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠬᠠᠷ᠎ᠠ ᠦᠮᠡᠬᠡᠢ ᠤᠰᠤᠨ ᠴᠣᠭᠴᠠ ᠶᠢ ᠪᠠᠶᠢᠴᠠᠭᠠᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠳᠡᠭᠡᠳᠦ ᠳᠤᠤᠷᠠᠳᠤ ᠤᠷᠤᠰᠬᠠᠯ ᠤᠨ ᠲᠣᠭᠤᠷᠢᠨ | ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ | ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠥᠷᠥᠰᠥ ᠰᠢᠷᠣᠶ ᠶᠢᠨ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠤ᠂ ᠤᠯᠠᠨ ᠡᠬᠢᠳᠤ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ | ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠡᠮᠬᠢ ᠵᠢᠷᠤᠮ ᠲᠠᠢ ᠪᠠᠷ ᠳᠡᠯᠭᠡᠷᠡᠭᠦᠯᠵᠦ᠂ ᠪᠤᠷᠳᠤᠭᠤᠷ ᠢ ᠬᠢᠵᠠᠭᠠᠷᠯᠠᠨ | ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ | ᠬᠤᠷᠣᠭᠳᠠᠯ ᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠲᠤᠯ ᠦᠭᠡᠢ ᠦᠷᠭᠦᠯᠵᠢᠯᠡᠬᠦ | ᠬᠥᠭᠵᠢᠯᠲᠡ ᠶᠢ ᠠᠬᠢᠭᠤᠯᠤᠨ᠎ᠠ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ︽ᠭᠤᠷᠪᠠᠨ ᠣᠷᠣᠨ ᠭᠤᠷᠪᠠᠨ ᠱᠤᠭᠤᠮ︾ | ᠤᠨ ᠦᠷ᠎ᠡ ᠪᠦᠲᠦᠭᠡᠯ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠤᠰᠤᠨ ᠤ ᠡᠷᠬᠡ ᠶᠢᠨ | ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ | ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠤᠰᠤᠨ ᠤ ᠡᠬᠢ ᠪᠠᠶᠠᠯᠢᠭ ᠤᠨ | ᠠᠰᠢᠭᠯᠠᠯᠲᠠ ᠶᠢᠨ ᠭᠤᠤᠯ ᠤᠨ ᠳᠠᠷᠤᠭ᠎ᠠ ᠶᠢᠨ ᠲᠦᠷᠢᠮ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠶ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠦᠷ᠎ᠡ ᠪᠦᠲᠦᠮᠵᠢ ᠶᠢ | ᠪᠠᠬᠢᠵᠢᠭᠦᠯᠦᠨ ᠥᠷᠭᠡᠳᠬᠡᠨ᠎ᠡ᠃ ᠡᠵᠡᠨ ᠦᠭᠡᠢ 56 ᠠᠭᠤᠷᠬᠠᠶ ᠶᠢ ᠰᠡᠷᠭᠦᠭᠡᠨ ᠵᠠᠰᠠᠬᠤ ᠠᠵᠢᠯ ᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ︽ᠭᠤᠷᠪᠠᠨ ᠤᠮᠠᠷᠠᠲᠤ ᠵᠢᠷᠭᠤᠭᠠᠨ ᠬᠤᠭᠤᠴᠠᠭ᠎ᠠ︾ ᠶᠢᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠢᠨᠵᠧᠨᠧᠷᠢᠩ ᠢ ᠴᠢᠨᠠᠷ ᠰᠠᠶᠢᠲᠠᠶ ᠬᠡᠷᠡᠭᠵᠢᠭᠦᠯᠵᠦ᠂ 7.85 ᠲᠦᠮᠡᠨ ᠮᠦ ᠭᠠᠵᠠᠷ ᠢ ᠣᠶᠢᠵᠢᠭᠤᠯᠵᠤ᠂ 12 | ᠵᠥᠭᠡᠯᠡᠨ ᠪᠡᠶᠡᠲᠦ ᠤᠰᠤᠨ ᠵᠣᠭᠤᠷᠢ᠂ 60 ᠭᠦᠨ ᠪᠤᠯᠠᠬᠤ ᠬᠡᠯᠪᠡᠷᠢ ᠶᠢᠨ ᠤᠰᠤᠨ ᠵᠣᠭᠤᠷᠢ ᠶᠢ ᠪᠠᠶᠢᠭᠤᠯᠵᠤ᠂ ᠡᠯ | ᠳ᠋ᠤᠤ ᠾᠧ ᠽᠢ ᠤᠰᠤᠨ ᠴᠥᠭᠦᠷᠥᠮ ᠤᠨ ᠬᠤᠷᠠᠭᠰᠠᠨ ᠢ ᠴᠡᠪᠡᠷᠯᠡᠬᠦ ᠪᠠ 3 ᠠᠭᠤᠯᠠᠨ ᠦᠶᠡᠷ ᠤᠨ ᠭᠤᠤ ᠶᠢ ᠵᠠᠰᠠᠬᠤ | ᠠᠵᠢᠯ ᠢ ᠥᠷᠨᠢᠭᠦᠯᠵᠦ᠂ ᠢᠩᠭᠡ ᠶᠢᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠰᠤᠷᠪᠤᠯᠵᠢ ᠶᠢ | ᠦᠷᠭᠦᠯᠵᠢᠯᠡᠨ ᠬᠠᠳᠠᠭᠠᠯᠠᠨ᠎ᠠ᠃ | ︵ᠵᠢᠷᠭᠤᠭ᠎ᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠳᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ | ᠬᠤᠳᠠ ᠶᠢᠨ ᠰᠢᠨᠡᠴᠢᠯᠡᠯᠲᠡ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ 86.4 ᠲᠦᠮᠡᠨ ᠲᠡᠭᠰᠢ | ᠳᠥᠷᠪᠡᠯᠵᠢᠨ ᠮᠧᠲᠷ 62 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠯᠢᠨ ᠾᠧ ᠨᠡᠶᠢᠭᠡᠮ | ᠲᠣᠭᠤᠷᠢᠭ ᠤᠨ ᠬᠠᠭᠤᠴᠢᠨ ᠮᠠᠶ᠋ᠢᠭ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ᠂ ᠥᠨᠳᠥᠷ ᠪᠠᠷᠢᠯᠭ᠎ᠠ ᠶᠢᠨ ᠰᠢᠲᠠᠮᠠᠬᠠᠶ ᠬᠡᠢ ᠶᠢᠨ ᠥᠭᠡᠷᠡᠴᠢᠯᠡᠯᠲᠡ ᠶᠢᠨ | ᠬᠤᠭᠤᠯᠠᠶ ᠶᠢ ᠨᠡᠪᠲᠡᠷᠡᠭᠦᠯᠬᠦ ᠢᠨᠵᠧᠨᠧᠷᠢᠩ ᠢ ᠠᠯᠬᠤᠮ ᠬᠤᠪᠢᠶᠠᠨ ᠬᠡᠷᠡᠭᠵᠢᠭᠦᠯᠵᠦ᠂ ᠤᠯᠠᠨ ᠲᠦᠮᠡᠨ ᠤ ᠣᠷᠣᠨ | ᠰᠠᠭᠤᠴᠠ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠤᠯᠢᠶᠠᠰᠤᠲᠠᠢ ᠵᠡᠭᠡᠯᠢ᠂ ᠳ᠋ᠠ ᠴᠧᠩ ᠵᠠᠮ | ᠂ ᠰᠥᠩ ᠶᠤᠸᠠᠢ ᠵᠡᠭᠡᠯᠢ ᠵᠡᠷᠭᠡ ᠲᠠᠰᠤᠷᠬᠠᠶ ᠵᠠᠮ ᠢ 6 ᠨᠡᠪᠲᠡᠷᠡᠭᠦᠯᠵᠦ᠂ 3 ᠵᠡᠭᠡᠯᠢ᠂ 24 ᠲᠦᠮᠡᠨ ᠲᠡᠭᠰᠢ | ᠳᠥᠷᠪᠡᠯᠵᠢᠨ ᠮᠧᠲᠷ ᠤᠨ ᠶᠠᠪᠠᠭᠠᠨ ᠬᠥᠮᠦᠨ ᠤ ᠵᠠᠮ ᠢ ᠥᠭᠡᠷᠡᠴᠢᠯᠡᠨ᠎ᠡ᠃ ᠱᠧᠩ ᠠᠨ ᠵᠠᠮ ᠤᠨ ᠡᠮᠦᠨ᠎ᠡ ᠬᠡᠰᠡᠭ᠂ | ᠰᠥᠩ ᠶᠤᠸᠠᠢ ᠵᠡᠭᠡᠯᠢ ᠶᠢᠨ ᠪᠠᠷᠠᠭᠤᠨ ᠬᠡᠰᠡᠭ ᠵᠡᠷᠭᠡ 5 ᠭᠤᠤᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠵᠤ᠂ | ᠯᠢᠨ ᠾᠧ ᠰᠠᠭᠤᠭᠠᠯᠢ ᠲᠣᠭᠤᠷᠢᠭ᠂ ᠰᠥᠩ ᠡᠯ ᠵᠠᠮ ᠵᠡᠷᠭᠡ 2 ᠬᠠᠷᠮᠠᠨ ᠴᠡᠴᠡᠷᠯᠢᠭ ᠢ ᠪᠥᠲᠥᠭᠡᠨ ᠪᠠᠶᠢᠭᠤᠯᠵᠤ᠂ | ᠰᠦᠩᠵᠸᠦ ᠴᠡᠴᠡᠷᠯᠢᠭ ᠢ ᠵᠢᠯ ᠤᠨ ᠳᠣᠲᠣᠷ᠎ᠠ ᠪᠠᠷᠢᠵᠤ ᠳᠠᠭᠤᠰᠬᠠᠬᠤ ᠪᠠᠷ ᠴᠢᠷᠮᠠᠶᠢᠵᠤ᠂ ︽ᠨᠣᠭᠤᠭᠠᠨ ᠥᠩᠭᠡ ᠪᠠᠷ | ᠵᠠᠮ ᠤᠨ ᠬᠥᠪᠡᠭᠡ ᠶᠢ ᠴᠢᠮᠡᠭᠯᠡᠵᠦ᠂ ᠨᠡᠶᠢᠳᠡᠮ ᠨᠣᠭᠤᠭᠠᠷᠠᠭᠤᠯᠬᠤ︾ ᠶᠢ ᠪᠡᠶᠡᠯᠡᠭᠦᠯᠦᠨ᠎ᠡ᠃ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠨᠥᠬᠦᠵᠦ ᠤᠷᠭᠤᠭᠤᠯᠬᠤ᠂ ᠵᠠᠮ ᠤᠨ ᠳ᠋ᠧᠩ ᠢ ᠲᠠᠰ | ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠥᠩᠭᠡ ᠵᠢᠰᠦ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ | ᠥᠨᠳᠥᠷ ᠬᠢᠷᠢ ᠬᠡᠮᠵᠢᠶ᠎ᠡ ᠪᠠᠷ ᠬᠤᠳᠠ ᠶᠢ ᠡᠵᠡᠩᠨᠡᠨ ᠬᠠᠮᠢᠶᠠᠷᠤᠨ᠎ᠠ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ | ᠢᠳᠡᠪᠬᠢᠲᠡᠶ ᠥᠷᠨᠢᠭᠦᠯᠵᠦ᠂ ᠬᠤᠲᠠ ᠶᠢᠨ ᠳᠤᠮᠳᠠᠬᠢ ᠲᠣᠰᠬᠤᠨ᠂ ᠵᠠᠰᠠᠮᠠᠯ ᠵᠠᠮ ᠤᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠵᠠᠮ ᠡᠵᠡᠯᠡᠭᠰᠡᠨ ᠡᠵᠡᠩᠨᠡᠯᠲᠡ᠂ | ᠬᠤᠲᠠ ᠶᠢᠨ ︽ᠵᠢᠷᠭᠤᠭᠠᠨ ᠡᠷᠦᠶ ᠬᠤᠷᠤᠶ ᠥᠬᠡᠶ︾᠂ ᠠᠮᠢᠳᠤᠷᠠᠯ ᠤᠨ ᠲᠠᠭᠤ ᠱᠤᠤᠭᠢᠶᠠᠨ᠂ ᠲᠣᠰᠣᠨ | ᠣᠲᠤᠭ᠎ᠠ ᠶᠢᠨ ᠪᠣᠬᠢᠷᠲᠤᠯ ᠢ ᠪᠠᠶᠢᠩᠭᠤᠵᠢᠭᠤᠯᠤᠨ ᠵᠠᠰᠠᠵᠤ᠂ ᠴᠡᠪᠡᠷ ᠴᠡᠮᠴᠡᠭᠡᠷ ᠬᠤᠲᠠ ᠶᠢᠨ ᠣᠷᠴᠢᠨ ᠲᠣᠭᠤᠷᠢᠨ ᠢ | ᠪᠣᠶ ᠪᠣᠯᠭᠠᠨ᠎ᠠ᠃ ᠨᠡᠶᠢᠭᠡᠮ ᠲᠣᠭᠤᠷᠢᠭ ᠤᠨ ᠰᠠᠭᠤᠷᠢ ᠮᠥᠩᠭᠦ ᠶᠢ ᠪᠠᠶᠢᠭᠤᠯᠵᠤ᠂ ᠨᠡᠶᠢᠭᠡᠮ ᠤᠨ ᠡᠬᠢ ᠪᠠᠶᠠᠯᠢᠭ ᠢ | ᠬᠥᠳᠡᠯᠭᠡᠵᠦ᠂ ᠠᠭᠤᠰᠤᠯᠴᠠᠭᠤᠯᠤᠨ᠎ᠠ᠃ ᠣᠷᠣᠨ ᠰᠠᠭᠤᠴᠠ ᠶᠢᠨ ᠠᠳᠠᠯ ᠠᠬᠤᠶ ᠶᠢ ᠨᠡᠶᠢᠳᠡᠮ ᠪᠦᠷᠬᠦᠭᠦᠯᠵᠦ ᠶᠠᠰᠤ | ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠳᠠᠯ ᠠᠬᠤᠶ ᠶᠢᠨ | ᠦᠢᠯᠡᠴᠢᠯᠡᠭᠡᠨ ᠤ ᠵᠢᠱᠢᠶ᠎ᠡ ᠦᠵᠡᠭᠦᠯᠬᠦ ᠰᠠᠭᠤᠭᠠᠯᠢ ᠲᠣᠭᠤᠷᠢᠭ ᠢ ᠡᠭᠦᠳᠦᠨ ᠪᠠᠶᠢᠭᠤᠯᠤᠨ᠎ᠠ᠃ ᠤᠶᠤᠨᠲᠤ ᠲᠡᠷᠭᠡᠨ | ᠵᠣᠭᠰᠣᠭᠠᠯ ᠤᠨ ᠨᠢᠭᠡᠳᠦᠭᠡᠷ ᠬᠤᠭᠤᠴᠠᠭᠠᠨ ᠤ ᠠᠵᠢᠯᠯᠠᠭᠠᠨ ᠢ ᠰᠠᠶᠢᠲᠤᠷ ᠠᠳᠬᠤᠵᠤ᠂ ᠤᠶᠤᠨᠲᠤ ᠲᠡᠷᠭᠡᠨ | ᠵᠣᠭᠰᠣᠭᠠᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ︽ᠲᠡᠷᠭᠡ | ᠵᠣᠭᠰᠣᠭᠠᠬᠤ ᠳᠤ ᠬᠦᠴᠢᠷ︾ ︽ᠲᠡᠷᠭᠡ ᠵᠣᠭᠰᠣᠭᠠᠬᠤ ᠳᠤ ᠡᠷᠦᠶ ᠬᠤᠷᠤᠶ ᠥᠬᠡᠶ ᠪᠠᠶᠢᠬᠤ︾ ᠦᠵᠡᠭᠳᠡᠯ ᠢ | ᠰᠠᠶᠢᠵᠢᠷᠠᠭᠤᠯᠤᠨ᠎ᠠ᠃ ᠬᠤᠲᠠ ᠶᠢᠨ ᠶᠠᠪᠤᠳᠠᠯ᠂ ᠴᠡᠴᠡᠷᠯᠢᠭᠵᠢᠯᠲᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠨᠢᠭᠡ ᠴᠣᠠᠠᠴᠠᠵᠢᠭᠤᠯᠥᠠᠠᠰᠠᠨ ᠠᠵᠢᠯᠯᠠᠭᠠᠨ ᠤ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ | ᠰᠢᠯᠢᠳᠡᠭᠵᠢᠭᠦᠯᠵᠦ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠯᠲᠡ ᠶᠢ ᠴᠢᠩᠭᠠᠷᠠᠭᠤᠯᠤᠨ᠂ | ᠬᠤᠲᠠ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ︽ᠪᠠᠷᠢᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠣᠨ ᠤ ᠠᠵᠢᠯᠯᠠᠭ᠎ᠠ︾ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠤᠯᠤᠰ ᠤᠨ ᠵᠠᠮ ᠤᠨ | 111 ᠱᠤᠭᠤᠮ ᠤᠨ ᠪᠠᠭ᠎ᠠ ᠺᠠᠷᠠ ︵ᠥᠪᠥᠷ ᠮᠣᠩᠭᠤᠯ ᠾᠧᠪᠧᠶ ᠶᠢᠨ ᠵᠠᠭᠠᠭ︶ ᠠᠴᠠ ᠤᠯᠠᠭᠠᠨᠬᠠᠳᠠ ᠬᠥᠷᠬᠦ | ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠭᠠᠩᠽᠢ — | ᠱᠢ ᠰᠠᠨ ᠲᠠᠢ ᠪᠦᠦ ᠵᠠᠰᠠᠮᠠᠯ ᠵᠠᠮ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠪᠠᠷ | ᠴᠢᠷᠮᠠᠶᠢᠵᠤ᠂ ᠵᠠᠮ ᠨᠡᠪᠲᠡᠷᠡᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 130 ᠺᠢᠯᠣᠮᠧᠲᠷ ᠥᠨᠳᠥᠷ ᠪᠣᠭᠤᠨᠢ | ᠳᠠᠷᠤᠯᠲᠠᠲᠤ ᠱᠤᠭᠤᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠲᠢᠶᠠᠨ ᠢ ᠵᠠᠮ ᠤᠨ ᠪᠣᠷᠣᠭᠠᠨ ᠤ ᠤᠰᠤᠨ ᠤ | ᠬᠥᠭᠡᠷᠭᠡ ᠶᠢᠨ ᠦᠷᠳᠡᠭᠡ᠂ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ ᠶᠢᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠡᠬᠢᠯᠡᠭᠦᠯᠵᠦ᠂ ᠭᠤᠣᠯ ᠳᠠᠭᠠᠤ ᠣᠷᠣᠨ ᠤ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ | ᠢᠨᠵᠠᠭ᠎ᠠ ᠶᠢᠨ ᠭᠤᠣᠯ ᠤᠨ ᠤᠰᠤᠯᠠᠯᠲᠠ ᠶᠢᠨ ᠰᠤᠪᠠᠭ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ | ᠲᠥᠯᠥᠪᠵᠢᠭᠦᠯᠦᠨ ᠬᠡᠷᠡᠭᠵᠢᠭᠦᠯᠵᠦ᠂ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ | ᠴᠢᠩᠭᠠᠷᠠᠭᠤᠯᠵᠤ᠂ ︽ᠲᠠᠲᠠᠪᠤᠷᠢᠯᠠᠬᠤ ᠪᠠ ᠨᠤᠷᠠᠭᠠᠬᠤ ᠭᠠᠵᠠᠷ ᠰᠢᠷᠣᠶ ᠶᠢ ᠶᠡᠭᠡ ᠬᠡᠮᠵᠢᠶ᠎ᠡ ᠪᠠᠷ ᠡᠬᠢᠯᠡᠨ ᠬᠡᠷᠡᠭᠵᠢᠭᠦᠯᠬᠦ | ︾ ᠶᠢ ᠭᠦᠨᠵᠡᠭᠡᠶ ᠲᠦᠯᠬᠢᠨ ᠠᠬᠢᠭᠤᠯᠵᠤ᠂ ︽ᠮᠡᠳᠡᠭᠦᠯᠦᠨ ᠵᠥᠪᠰᠢᠶᠡᠷᠡᠭᠦᠯᠬᠦ ᠭᠠᠵᠠᠷ ᠰᠢᠷᠣᠶ ᠶᠢ ᠶᠡᠭᠡ ᠬᠡᠮᠵᠢᠶ᠎ᠡ ᠪᠠᠷ | ᠡᠬᠢᠯᠡᠨ ᠬᠡᠷᠡᠭᠵᠢᠭᠦᠯᠬᠦ︾ ᠶᠢ ᠰᠦᠪᠡᠭᠴᠢᠯᠡᠨ ᠥᠷᠨᠢᠭᠦᠯᠵᠦ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠨᠠᠷᠢᠯᠢᠭ | ᠪᠠᠶᠢᠷᠢᠯᠠᠭᠤᠯᠵᠤ᠂ ᠬᠤᠳᠠ ᠶᠢᠨ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ | ︵ᠲᠤᠯᠤᠭ᠎ᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠠᠮᠲᠤᠪᠠᠷ ᠴᠢᠨᠡᠭᠡᠯᠢᠭᠵᠢᠬᠦ ᠶᠢ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ | ᠲᠤᠰᠠᠯᠠᠬᠤ᠂ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠬᠤᠳᠠ ᠪᠠᠯᠭᠠᠰᠤᠨ ᠤ 3000 ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠲᠠᠷᠢᠶᠠᠴᠢᠳ ᠢ 10 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ 2000 ᠬᠥᠮᠦᠨ ᠣᠷᠣᠯᠴᠠᠭᠤᠯᠵᠤ᠂ ᠨᠢᠭᠡ ᠴᠦ | ᠬᠥᠮᠦᠨ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠢᠯᠭᠠᠷᠠᠭᠤᠯᠤᠨ ᠲᠢᠭᠯᠡᠨ᠎ᠡ᠃ ᠨᠡᠶᠢᠭᠡᠮ ᠤᠨ | ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠣᠨᠣᠴᠠᠲᠠᠶ ᠪᠠᠷ ᠥᠷᠭᠡᠳᠬᠡᠬᠦ ᠶᠢ ᠭᠦᠨᠵᠡᠭᠡᠶ ᠲᠦᠯᠬᠢᠨ ᠠᠬᠢᠭᠤᠯᠵᠤ᠂ | ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠬᠠᠤᠯᠢ ᠲᠣᠭᠲᠠᠭᠠᠯ ᠠᠴᠠ | ᠵᠥᠷᠢᠴᠡᠭᠰᠡᠨ ᠮᠡᠬᠡᠯᠡᠨ ᠬᠠᠭᠤᠷᠬᠤ ᠳᠠᠭᠠᠳᠬᠠᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ | ᠲᠦᠮᠡᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ ︽ᠠᠮᠢ ᠵᠢᠭᠤᠬᠤ ᠮᠥᠩᠭᠦ︾ ᠶᠢ ᠰᠠᠶᠢᠲᠤᠷ ᠰᠠᠬᠢᠨ | ᠬᠠᠮᠠᠭᠠᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠠᠰᠤᠲᠠᠨ ᠢ ᠠᠰᠠᠷᠠᠬᠤ ᠲᠥᠪ ᠤᠨ | ᠬᠦᠷᠢᠶᠡᠯᠡᠩ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠰᠤᠲᠠᠶᠢᠴᠤᠳ ᠤᠨ ᠬᠤᠭᠤᠯᠠᠨ ᠰᠢᠷᠡᠭᠡᠨ ᠤ | ᠦᠢᠯᠡᠴᠢᠯᠡᠭᠡᠨ ᠤ ᠴᠡᠭ ᠢ ᠳᠡᠯᠭᠡᠷᠡᠭᠦᠯᠵᠦ᠂ ᠪᠡᠭᠡᠵᠢᠩ ᠤᠨ ᠨᠠᠰᠤᠲᠠᠶᠢᠴᠤᠳ ᠤᠨ ︽ᠡᠪᠦᠯ ᠡᠮᠦᠨ᠎ᠡ ᠵᠤᠨ ᠤᠮᠠᠷ᠎ᠠ︾ | ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠲᠣᠭᠲᠠᠴᠠ ᠶᠢ ᠢᠳᠡᠪᠬᠢᠲᠡᠢ ᠵᠣᠯᠭᠠᠭᠤᠯᠵᠤ᠂ | ᠬᠡᠦᠬᠡᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ ᠨᠢᠭᠡ ᠨᠠᠰᠤᠲᠠᠨ ᠨᠢᠭᠡ | ᠬᠡᠦᠬᠡᠳ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠦᠬᠦ ᠬᠦᠴᠦ ᠪᠠᠷ ᠢᠶᠠᠨ ᠡᠷᠬᠢᠯᠡᠨ᠎ᠡ᠃ | ᠰᠤᠷᠭᠠᠭᠤᠯᠢ ᠳᠤ ᠣᠷᠣᠬᠤ ᠠᠴᠠ ᠡᠮᠦᠨᠡᠬᠢ ᠴᠢᠨᠠᠷ ᠰᠠᠶᠢᠲᠠᠶ ᠰᠤᠷᠭᠠᠨ ᠬᠥᠮᠦᠵᠢᠯ ᠢ ᠬᠥᠭᠵᠢᠭᠦᠯᠵᠦ᠂ ᠲᠦᠭᠡᠮᠡᠯ | ᠬᠠᠷᠠᠭᠠᠯᠵᠠᠬᠤ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85% ᠠᠴᠠ ᠳᠡᠭᠡᠭᠰᠢ ᠳᠤ | ᠬᠦᠷᠦᠭᠦᠯᠵᠦ᠂ ᠨᠢᠯᠬ᠎ᠠ ᠬᠡᠤᠬᠡᠳ ᠢ ᠰᠠᠶᠢᠲᠤᠷ ᠪᠤᠶᠢᠵᠢᠭᠤᠯᠬᠤ ᠶᠢ ᠠᠬᠢᠭᠤᠯᠤᠨ᠎ᠠ᠃ ᠴᠢᠨᠠᠷ ᠰᠠᠶᠢᠲᠠᠶ ᠪᠥᠭᠡᠳ | ᠲᠡᠩᠴᠡᠭᠦᠷᠢᠲᠡᠶ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠲᠠᠪᠤᠨ ᠬᠥᠮᠦᠵᠢᠯ︾ ᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ᠰᠤᠷᠤᠯᠭ᠎ᠠ ᠲᠠᠢ ᠪᠥᠭᠡᠳ ᠰᠢᠯᠢᠳᠡᠭ ᠰᠤᠷᠭᠠᠨ ᠬᠥᠮᠦᠵᠢᠯ ᠲᠠᠢ ᠪᠠᠶᠢᠬᠤ ᠶᠢ ᠪᠡᠶᠡᠯᠡᠭᠦᠯᠦᠨ᠎ᠡ᠃ ᠴᠢᠨᠠᠷ | ᠰᠠᠶᠢᠲᠠᠶ ᠣᠯᠠᠨ ᠡᠰᠢᠲᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠬᠥᠭᠵᠢᠭᠦᠯᠵᠦ᠂ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠵᠥᠭᠡᠯᠡᠨ ᠬᠠᠲᠠᠭᠤ ᠬᠡᠷᠡᠭᠰᠡᠯ ᠤᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠵᠦ᠂ ᠵᠢᠩᠬᠢᠨᠢ | ᠠᠩᠭᠢ ᠳᠤ ᠣᠷᠣᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠠᠯᠲᠠᠨ ᠦᠰᠦᠭᠲᠦ ᠫᠠᠶᠢᠰᠠ ᠶᠢ | ᠭᠡᠷᠡᠯᠲᠦᠭᠦᠯᠦᠨ᠎ᠡ᠃ ᠬᠡᠦᠬᠡᠳ ᠤᠨ ᠴᠡᠴᠡᠷᠯᠢᠭ ᠤᠨ ᠪᠠᠭᠰᠢ ᠶᠢᠨ ᠣᠷᠣᠨ ᠲᠤᠭ᠎ᠠ ᠶᠢ ᠲᠦᠷᠭᠡᠪᠴᠢᠯᠡᠨ | ᠰᠢᠯᠤᠭᠤᠳᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠩᠨᠡᠭᠡ ᠶᠢ ᠲᠣᠭᠲᠠᠪᠤᠷᠢᠵᠢᠭᠤᠯᠤᠨ᠂ | ᠪᠠᠭᠰᠢ ᠶᠢ ᠱᠠᠩᠨᠠᠨ ᠬᠥᠬᠢᠭᠦᠯᠬᠦ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠶᠢᠨ ᠲᠦᠷᠢᠮ ᠢ | ᠰᠦᠪᠡᠭᠴᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠦᠨ᠂ ᠨᠠᠰᠤᠨ ᠤ ᠠᠮᠠᠷᠠᠯᠲᠠ ᠶᠢ ᠬᠤᠶᠢᠰᠢᠯᠠᠭᠤᠯᠬᠤ ᠪᠠᠭᠰᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠮᠣᠷᠠᠯ ᠴᠢᠳᠠᠪᠤᠷᠢ ᠬᠤᠤᠰᠯᠠᠭᠰᠠᠨ ᠪᠠᠭᠰᠢ ᠶᠢᠨ ᠡᠩᠨᠡᠭᠡ ᠶᠢ ᠪᠤᠢ ᠪᠣᠯᠭᠠᠨ᠎ᠠ᠃ ᠶᠡᠷᠦᠩᠬᠡᠶ ᠪᠡᠯᠡ | ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠤᠨ ᠰᠦᠩᠱᠠᠨ ᠤ ᠨᠠᠢᠮᠠᠳᠤᠭᠠᠷ ᠳᠤᠮᠳᠠᠳᠤ ᠰᠤᠷᠭᠠᠭᠤᠯᠢ᠂ | ᠶᠢᠰᠦᠳᠦᠭᠡᠷ ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ ᠵᠡᠷᠭᠡ 12 ᠲᠦᠷᠦᠯ ᠵᠦᠢᠯ ᠢ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠵᠤ᠂ ᠳ᠋ᠠ ᠰᠢ ᠨᠢᠦ ᠪᠠᠭ᠎ᠠ ᠰᠤᠷᠭᠠᠭᠤᠯᠢ᠂ ᠭᠤᠴᠢᠳᠤᠭᠠᠷ ᠬᠡᠦᠬᠡᠳ ᠤᠨ | ᠴᠡᠴᠡᠷᠯᠢᠭ ᠵᠡᠷᠭᠡ 6 ᠲᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠬᠠᠩᠭᠠᠯᠭ᠎ᠠ ᠶᠢ ᠦᠷᠭᠡᠳᠬᠡᠨ᠎ᠡ᠃ | ᠡᠷᠡᠭᠦᠯ ᠡᠩᠬᠡ ᠰᠦᠩᠱᠠᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ︽ᠨᠢᠭᠲᠠ | ᠬᠡᠯᠪᠡᠷᠢ ᠶᠢᠨ ᠬᠤᠳᠠ ᠶᠢᠨ ᠡᠮ ᠡᠮᠨᠡᠯᠭᠡ ᠶᠢᠨ ᠪᠦᠯᠦᠭᠯᠡᠯ︾ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠶ ᠡᠮ | ᠡᠮᠨᠡᠯᠭᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠨᠡᠩ | ᠤᠯᠠᠨ ᠤᠯᠠᠨ ᠲᠦᠮᠡᠨ ᠢ ᠡᠪᠡᠳᠴᠢᠨ ᠦᠵᠡᠭᠦᠯᠬᠦ ᠪᠣᠯᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ DIP | ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ | ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠢ | ᠡᠪᠡᠳᠴᠢᠨ ᠦᠵᠡᠭᠦᠯᠵᠦ ᠳᠡᠶᠢᠯᠬᠦ ᠪᠣᠯᠭᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ | ᠬᠠᠶ᠋ᠢᠭ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ ᠢ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠨᠠᠶᠢᠳᠠᠨ ᠬᠥᠮᠦᠵᠢᠭᠦᠯᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠪᠠ ᠳ᠋ᠠ ᠮᠢᠶᠣᠣ ᠪᠠᠯᠭᠠᠰᠤ ᠵᠡᠷᠭᠡ 4 ᠰᠢᠶᠠᠩ ᠪᠠᠯᠭᠠᠰᠤᠨ ᠤ ᠭᠤᠣᠯ ᠡᠷᠡᠭᠦᠯ | ᠬᠠᠮᠠᠭᠠᠯᠠᠯ ᠤᠨ ᠬᠤᠷᠢᠶ᠎ᠠ ᠶᠢ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠪᠠᠷ ᠪᠡᠯᠡᠳᠬᠡᠵᠦ᠂ ᠪᠤᠢ | ᠪᠦᠬᠦᠢ ᠤᠯᠠᠨ ᠲᠦᠮᠡᠨ ᠤ ᠡᠪᠡᠳᠴᠢᠨ ᠢ ᠰᠠᠶᠢᠲᠤᠷ ᠡᠮᠨᠡᠭᠦᠯᠦᠨ᠎ᠡ᠃ ︽ᠪᠦᠬᠦ ᠤᠯᠤᠰ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ ᠤᠯᠤᠰ ᠤᠨ ᠰᠢᠯᠭᠠᠨ ᠪᠠᠶᠢᠴᠠᠭᠠᠯᠲᠠ ᠳᠤ | ᠥᠩᠭᠡᠷᠡᠭᠦᠯᠬᠦ ᠶᠢ ᠬᠦᠴᠦᠯᠡᠨ ᠪᠠᠲᠤᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠯᠠᠪᠳᠠᠭᠤᠨ ᠪᠠᠲᠤᠲᠠᠶ | ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠡᠦᠬᠡᠳ | ᠰᠠᠭᠠᠲᠠᠭᠤᠯᠬᠤ ᠦᠢᠯᠡᠴᠢᠯᠡᠭᠡ ᠵᠡᠷᠭᠡ ᠦᠷᠡᠵᠢᠯ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ | ᠠᠬᠢᠭᠤᠯᠤᠨ᠎ᠠ᠃ | ᠨᠡᠶᠢᠭᠡᠮ ᠤᠨ ᠦᠢᠯᠡᠰ ᠤᠨ ᠴᠡᠴᠡᠭᠯᠡᠯ ᠬᠥᠭᠵᠢᠯ ᠢ ᠲᠦᠯᠬᠢᠨ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠪᠥᠬᠦ ᠬᠦᠴᠦᠨ ᠢᠶᠠᠷ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠲᠠᠢ ᠤᠶᠠᠯᠳᠤᠭᠤᠯᠤᠨ᠂ ᠪᠦᠬᠦ ᠠᠷᠠᠳ ᠢᠶᠠᠷ ᠢᠶᠠᠨ ᠨᠣᠮ ᠤᠩᠰᠢᠬᠤ᠂ | ᠰᠣᠶᠣᠯ ᠤᠨ ᠤᠬᠠᠭᠤᠯᠭ᠎ᠠ ᠬᠢᠬᠦ ᠵᠡᠷᠭᠡ ᠠᠵᠢᠯᠯᠠᠭ᠎ᠠ ᠶᠢ 230 ᠲᠠᠯᠠᠪᠤᠷ ᠠᠴᠠ ᠳᠡᠭᠡᠭᠰᠢ ᠦᠷᠨᠢᠭᠦᠯᠦᠨ᠎ᠡ᠃ | ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠥᠬᠡᠶ ᠬᠡᠷᠡᠭᠵᠢᠭᠦᠯᠵᠦ᠂ ︽ | ᠬᠤᠲᠠ ᠶᠢᠨ ᠤᠯᠠᠭᠠᠨᠮᠥ᠋ᠴᠢᠷ︾ ᠤᠨ ᠨᠠᠷᠠᠲᠤ ᠲᠥᠷᠥᠯ ᠲᠡᠮᠳᠡᠭᠲᠦ ᠶᠢ ᠶᠡᠬᠡᠪᠡᠷ ᠳᠡᠯᠭᠡᠷᠡᠭᠦᠯᠦᠨ᠂ ᠰᠠᠨ ᠽᠦᠸᠧ | ᠳ᠋ᠢᠶᠠᠨ᠂ ᠭᠠᠩ ᠸᠠᠭᠠᠷ ᠤᠨ ᠤᠭᠤᠷᠬᠠᠶ᠂ ᠰᠢᠶᠠ ᠵᠢᠶᠠ ᠳ᠋ᠢᠶᠠᠨ ᠤ ᠪᠠᠭᠤᠷᠢ ᠵᠡᠷᠭᠡ ᠭᠤᠤᠯᠳᠠᠯᠭ᠎ᠠ ᠲᠠᠢ ᠲᠡᠤᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ | ᠥᠪ ᠤᠨ ᠠᠭᠤᠯᠤᠭᠳᠠᠬᠤᠨ ᠢ ᠭᠦᠨ ᠠᠭᠤᠳᠠᠯᠤᠨ᠎ᠠ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ | ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ | ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠴᠡᠷᠢᠭ ᠤᠨ ᠠᠯᠪᠠᠨ ᠠᠴᠠ ᠪᠠᠭᠤᠭᠰᠠᠳ᠂ ᠭᠠᠳᠠᠭᠠᠳᠤ | ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠶ ᠲᠥᠯᠥᠪᠯᠡᠵᠦ ᠰᠠᠶᠢᠲᠤᠷ ᠬᠢᠨ᠎ᠠ᠃ | ︵ᠨᠠᠢᠮᠠ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ | ᠠᠵᠢᠯ ᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠳᠠᠭᠠᠯᠠᠯᠲᠠ | ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠲᠠᠯᠳᠠ ᠥᠷᠢ ᠥᠭᠴᠡᠭᠡ ᠶᠢᠨ ᠨᠡᠮᠡᠭᠳᠡᠯ ᠢ ᠬᠤᠷᠢᠭᠯᠠᠨ᠎ᠠ᠃ | ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ᠂ | ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ | ᠱᠤᠭᠤᠮ ᠢ ᠡᠷᠡᠰ ᠰᠠᠬᠢᠨ᠎ᠠ᠃ ︽ᠲᠤᠰᠢᠶᠠᠬᠤ ᠶᠢ ᠪᠠᠲᠤᠯᠠᠬᠤ ᠠᠰᠠᠷ ᠂ ᠠᠷᠠᠳ ᠤᠨ ᠠᠮᠢᠳᠤᠷᠠᠯ ᠢ ᠪᠠᠲᠤᠯᠠᠬᠤ᠂ | ᠲᠣᠭᠲᠠᠭᠤᠨ ᠪᠠᠶᠢᠳᠠᠯ ᠢ ᠪᠠᠲᠤᠯᠠᠬᠤ︾ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠬᠤᠳᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ︽ᠲᠤᠤᠷᠴᠢᠯᠠᠯᠳᠠ + | ᠤᠶᠤᠨᠴᠢᠯᠠᠯᠲᠠ︾ ᠨᠡᠶᠢᠭᠡᠮ ᠲᠣᠭᠤᠷᠢᠭ ᠤᠨ ᠵᠠᠭᠪᠤᠷ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢ ᠡᠴᠦᠰ ᠲᠤᠨᠢ ᠲᠤᠯᠲᠠᠯ᠎ᠠ ᠵᠠᠬ᠎ᠠ ᠬᠢᠵᠠᠭᠠᠷ ᠣᠷᠣᠨ ᠳᠤ ᠬᠦᠷᠭᠡᠬᠦ ᠠᠵᠢᠯ ᠤᠨ ᠪᠠᠶᠢᠷᠢᠰᠢᠯ ᠢ | ᠪᠠᠶᠢᠭᠤᠯᠤᠨ᠎ᠠ᠃ ᠵᠠᠷᠭᠤ ᠶᠢᠨ ᠪᠤᠰᠤ ᠵᠢᠭᠤᠷᠠᠯᠳᠤᠭᠠᠨ ᠤ ᠪᠠᠶᠢᠭᠤᠯᠤᠯ ᠲᠣᠭᠲᠠᠴᠠ ᠶᠢ ᠰᠢᠯᠢᠳᠡᠭᠵᠢᠭᠦᠯᠵᠦ᠂ | ᠨᠡᠶᠢᠭᠡᠮ ᠤᠨ ᠵᠥᠷᠢᠴᠡᠯ ᠢ ᠲᠣᠬᠢᠲᠠᠶ ᠡᠶᠡᠳᠡᠭᠦᠯᠦᠨ ᠰᠢᠢᠳᠪᠦᠷᠢᠯᠡᠨ᠎ᠡ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽3+3︾ + ︽1+N︾ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ | ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ᠎ᠡ᠃ | ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠯᠠᠨ ᠲᠦᠮᠡᠨ ᠤ ᠢᠳᠡᠭᠡᠨ | ᠤᠮᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ ᠠᠮᠤᠷ ᠲᠦᠪᠰᠢᠨ ᠤ | ᠵᠢᠭᠠᠯᠲᠠ ᠲᠤᠭ᠎ᠠ ᠶᠢᠨ ᠦᠷᠭᠦᠯᠵᠢᠯᠡᠨ ᠳᠡᠭᠡᠭᠰᠢᠯᠡᠬᠦ ᠶᠢ ᠦᠨᠡᠨ ᠬᠦ ᠪᠠᠲᠤᠯᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ | ᠵᠠᠮᠨᠠᠬᠤ ᠳᠤ᠂ ᠡᠭᠦᠷᠭᠡ ᠬᠠᠷᠢᠭᠤᠴᠠᠯᠭ᠎ᠠ ᠡᠮᠦᠨ᠎ᠡ ᠪᠠᠶᠢᠨ᠎ᠠ᠂ ᠬᠦᠨᠳᠦ ᠡᠭᠦᠷᠭᠡ ᠮᠥᠷᠥᠨ ᠳᠡᠭᠡᠷ᠎ᠡ ᠪᠠᠶᠢᠨ᠎ᠠ᠃ ᠪᠢᠳᠡ | ᠯᠠᠪᠳᠠᠭᠤᠨ ᠪᠠᠲᠤᠲᠠᠶ ᠪᠠᠷ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠤᠯᠤᠰ ᠲᠥᠷᠥ ᠶᠢᠨ ᠲᠠᠯ᠎ᠠ ᠪᠠᠷ | ᠪᠠᠲᠤ ᠴᠢᠩᠭ᠎ᠠ᠂ ᠴᠢᠳᠠᠪᠤᠷᠢ ᠰᠠᠶᠢᠲᠠᠶ᠂ ᠣᠪᠣᠷ ᠰᠤᠷᠲᠠᠯ ᠰᠢᠯᠢᠳᠡᠭ ᠰᠠᠶᠢᠨ᠂ ᠠᠷᠢᠭᠤᠨ ᠴᠢᠬᠡᠴᠢ᠂ ᠠᠷᠠᠳ | ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ | ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠡᠷᠡᠰ ᠪᠡᠶᠡᠯᠡᠭᠦᠯᠦᠨ᠎ᠡ᠃ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠢᠮᠠᠭᠲᠠ ᠬᠡᠬᠦᠳᠡᠭ ᠴᠡᠭᠡᠵᠢᠨ ᠳᠡᠭᠡᠨ ︽ | ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠶᠢ ᠪᠠᠲᠤ ᠴᠡᠭᠡᠵᠢᠯᠡᠵᠦ᠂ ︽ᠬᠤᠶᠠᠷ ᠢ | ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠬᠡᠷᠡᠭᠵᠢᠭᠦᠯᠵᠦ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ | ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ | ᠠᠬᠢᠭᠤᠯᠤᠨ᠎ᠠ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ | ᠡᠯ᠎ᠡ ᠭᠤᠭᠴᠤᠭ᠎ᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠤᠭᠤᠷᠢᠭ ᠤᠨ | ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠢᠮᠠᠭᠲᠠ ᠡᠴᠦᠰ ᠲᠤᠨᠢ ᠲᠤᠯᠲᠠᠯ᠎ᠠ᠂ ᠥᠨᠳᠥᠷ | ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠎ᠠ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠪᠡᠶᠡᠯᠡᠭᠦᠯᠦᠨ᠎ᠡ᠃ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠲᠣᠭᠲᠠᠴᠠ ᠶᠢ ᠪᠦᠷᠢᠨᠰᠢᠬᠦᠯᠵᠤ᠂ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠬᠢᠨᠠᠮᠠᠭᠠᠶ ᠬᠡᠷᠡᠭᠵᠢᠭᠦᠯᠦᠨ᠎ᠡ᠃ | ᠴᠢᠬᠤᠯᠠ ᠶᠡᠭᠡ ᠤᠴᠢᠷ ᠶᠠᠪᠤᠳᠠᠯ ᠢ ᠲᠤᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠶ ᠭᠦᠢᠴᠡᠳᠬᠡᠵᠦ᠂ | ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠨᠢᠭᠡᠪᠦᠷᠢ ᠶᠢ ᠴᠥᠮ ᠬᠠᠤᠯᠢ ᠲᠣᠭᠲᠠᠭᠠᠯ ᠶᠣᠰᠣᠭᠠᠷ᠂ ᠲᠦᠪ ᠭᠤᠤᠯᠴᠢ ᠢᠯᠡ | ᠲᠤᠳᠤ ᠪᠠᠶᠢᠯᠭᠠᠨ᠎ᠠ᠃ | ᠦᠨᠡᠨ ᠪᠣᠳᠠᠲᠠᠶ ᠠᠵᠢᠯᠯᠠᠨ ᠲᠡᠷᠢᠭᠦᠨ ᠳᠤ ᠣᠷᠣᠬᠤ ᠪᠠᠷ ᠲᠡᠮᠡᠴᠡᠬᠦ ᠶᠢ ᠡᠷᠡᠰ ᠪᠡᠶᠡᠯᠡᠭᠦᠯᠦᠨ᠎ᠡ᠃ ︽ | ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠯ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠮᠥᠨ︾ ᠭᠡᠬᠦ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠡᠷᠡᠭ ᠶᠠᠪᠤᠳᠠᠯ ᠢ ᠲᠡᠷᠢᠭᠦᠨ ᠳᠤ ᠲᠠᠯᠪᠢᠬᠤ ᠪᠠᠷ ᠲᠡᠮᠡᠴᠡᠬᠦ ᠶᠢ | ᠳᠣᠪᠤᠶᠢᠯᠭᠠᠨ᠂ ᠡᠯ᠎ᠡ ᠵᠦᠢᠯ ᠤᠨ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠳᠥᠯᠭᠢᠨ ᠠᠬᠢᠭᠤᠯᠤᠨ᠎ᠠ᠃ | ︽ᠰᠢᠨ᠎ᠡ ᠨᠣᠶᠠᠨ ᠬᠠᠭᠤᠴᠢᠨ ᠳᠠᠩᠰᠠ ᠶᠢ ᠥᠯᠥ ᠬᠠᠮᠢᠶᠠᠷᠬᠤ︾ ᠶᠢ ᠴᠢᠩᠭ᠎ᠠ ᠵᠤᠭᠰᠤᠭᠠᠵᠤ᠂᠂ ᠤᠴᠢᠷ | ᠶᠠᠪᠤᠳᠠᠯ ᠳᠤ ᠠᠶᠤᠯ ᠵᠣᠪᠠᠯᠠᠩ ᠠᠴᠠ ᠥᠯᠥ ᠬᠠᠶᠢᠬᠤᠷᠴᠤ᠂ ᠵᠥᠷᠢᠴᠡᠯ ᠳᠤ ᠰᠢᠭᠤᠳ ᠬᠠᠨᠳᠤᠨ᠎ᠠ᠃ ᠳᠡᠭᠡᠳᠦ | ᠱᠠᠳᠤ ᠨᠢ ᠳᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ | ᠭᠤᠷᠪᠠᠨ ᠤᠳᠠᠭᠠᠨ︾ ᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ︽ᠵᠠᠳᠠᠯᠤᠯᠲᠠ ᠲᠠᠢ | ᠰᠡᠳᠬᠢᠬᠦᠶ︾ ᠶᠢ ᠪᠠᠲᠤ ᠪᠠᠬᠢ ᠪᠣᠶ ᠪᠣᠯᠭᠠᠵᠤ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ | ᠦᠷ᠎ᠡ ᠪᠦᠲᠦᠭᠡᠯ ᠤᠨ ᠤᠬᠠᠮᠰᠠᠷ ᠢ ᠴᠢᠩᠭᠠᠷᠠᠭᠤᠯᠤᠨ᠎ᠠ᠃ ᠳᠡᠭᠡᠭᠰᠢ ᠳᠣᠷᠣᠭᠰᠢ ᠨᠡᠪᠲᠡᠷᠡᠯᠴᠡᠬᠦ᠂ ᠵᠡᠭᠦᠨᠰᠢ ᠪᠠᠷᠠᠭᠤᠨᠰᠢ | ᠬᠠᠮᠵᠢᠯᠴᠠᠬᠤ᠂ ᠰᠠᠨᠠᠭᠠᠴᠢᠯᠠᠭ᠎ᠠ ᠠᠴᠠ ᠪᠠᠨ ᠨᠢᠭᠡ ᠠᠯᠬᠤᠮ ᠤᠷᠤᠭᠰᠢᠯᠠᠬᠤ ᠶᠢ ᠴᠢᠩᠭᠠᠳᠬᠠᠵᠤ᠂ ᠵᠠᠪᠰᠠᠷ ᠦᠭᠡᠢ | ᠵᠣᠯᠭᠠᠭᠤᠯᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠠᠵᠢᠯ ᠤᠨ ᠪᠢᠲᠡᠭᠦᠦ ᠴᠠᠭᠠᠷᠢᠭ ᠢ ᠪᠠᠶᠢᠭᠤᠯᠤᠨ᠎ᠠ᠃ | | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠦᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠤᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠨ᠎ᠠ᠃ | ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠲᠣᠭᠤᠷᠢᠨ ᠪᠠᠶᠢᠴᠠᠭᠠᠬᠤ ᠵᠡᠷᠭᠡ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠡ᠃ ᠬᠢᠨᠠᠨ ᠪᠤᠳᠤᠵᠤ ᠬᠢᠨᠠᠯᠲᠠ | ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠤᠯᠳᠠᠯᠭ᠎ᠠ ᠲᠠᠢ | ᠪᠠᠯᠠ ᠣᠷᠣᠭᠤᠯᠤᠯᠲᠠ ᠶᠢᠨ ᠲᠥᠷᠥᠯ ᠵᠦᠢᠯ ᠵᠡᠷᠭᠡ ᠬᠦᠷᠢᠶᠡᠨ ᠳᠠᠬᠢ ᠬᠢᠨᠠᠨ ᠪᠤᠳᠤᠯᠲᠠ ᠶᠢ ᠴᠢᠩᠭᠠᠳᠬᠠᠨ᠎ᠠ᠃ | ᠢᠨᠵᠧᠨᠧᠷᠢᠩ ᠤᠨ ᠲᠦᠷᠦᠯ ᠵᠦᠢᠯ᠂ ᠤᠯᠤᠰ ᠤᠨ ᠥᠮᠴᠢᠯᠡᠯ ᠤᠨ ᠡᠳ᠋ ᠬᠦᠷᠦᠩᠬᠡ ᠤᠯᠤᠰ ᠤᠨ ᠥᠮᠴᠢᠯᠡᠯ ᠤᠨ | ᠠᠵᠤ ᠠᠬᠤᠶᠢᠯᠠᠯ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠶᠢᠨ ᠲᠦᠷᠢᠮ ᠤᠨ ᠰᠢᠩᠭᠡᠯᠢᠭ ᠢ ᠨᠢᠭᠲᠠ | ᠰᠦᠯᠵᠢᠵᠦ ᠪᠠᠬᠢᠵᠢᠭᠦᠯᠦᠨ᠎ᠡ᠃ | ᠲᠥᠯᠥᠭᠡᠯᠡᠭᠴᠢᠳ ᠡ︕ ᠠᠶᠠᠨ ᠵᠠᠮ ᠤᠷᠲᠤ ᠤᠳᠠᠭᠠᠨ᠂ ᠲᠡᠮᠡᠴᠡᠬᠦ ᠯᠠ ᠬᠡᠷᠡᠭᠲᠡᠢ︕ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠪᠦᠯᠬᠦᠮᠳᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ | ᠢᠲᠡᠭᠡᠯ ᠵᠣᠷᠢᠭ ᠢᠶᠠᠨ ᠪᠠᠲᠤᠳᠬᠠᠨ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ᠂ ᠣᠳᠣᠬᠢᠴᠢᠯᠠᠭᠰᠠᠨ | ᠰᠢᠨ᠎ᠡ ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠨᠡᠷ᠎ᠡ ᠦᠭᠡ ᠶᠢᠨ ᠲᠠᠶᠢᠯᠪᠤᠷᠢ | ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠳᠣᠯᠣᠳᠤᠭᠠᠷ ᠤᠳᠠᠭᠠᠨ ᠤ ᠪᠥᠬᠦᠳᠡ ᠬᠤᠷᠠᠯ ᠳᠡᠭᠡᠷ᠎ᠡ ᠳᠤᠷᠠᠳᠤᠭᠰᠠᠨ ᠨᠢ᠂ ᠪᠥᠬᠦ ᠣᠷᠣᠨ ᠤ ᠠᠵᠤ | ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠶ᠂ | ᠲᠠᠲᠠᠬᠤ ᠴᠢᠨᠠᠷᠲᠠᠶ᠂ ᠬᠥᠰᠢᠭᠦᠷᠭᠡ ᠶᠢᠨ ᠴᠢᠨᠠᠷᠲᠠᠶ ᠦᠢᠯᠡᠳᠦᠯ ᠲᠠᠢ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠦᠨ᠎ᠡ᠂ ᠲᠤᠬᠠᠶᠢᠯᠠᠪᠠᠯ᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ | ᠴᠤᠭᠴᠠᠵᠢᠭᠤᠯᠬᠤ ᠢᠨᠵᠧᠨᠧᠷᠢᠩ᠂ ᠬᠠᠯᠠᠭᠤᠨ ᠳᠤᠯᠠᠭᠠᠨ ᠤ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠤᠨ᠎ᠠ᠃ | ᠮᠢᠩᠭᠠᠨ ᠲᠦᠮᠡᠨ ᠢᠨᠵᠧᠨᠧᠷᠢᠩ᠄ ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ | ᠴᠡᠭᠴᠡᠯᠡᠨ ᠵᠠᠰᠠᠬᠤ ᠢᠨᠵᠧᠨᠧᠷᠢᠩ᠃ | ᠭᠤᠷᠪᠠ ᠶᠢ ᠲᠡᠮᠡᠴᠡᠨ ᠤᠯᠬᠤ᠄ ᠳᠡᠭᠡᠳᠦ ᠱᠠᠲᠤᠨ ᠤ ᠪᠡᠯᠡ ᠮᠥᠩᠭᠦ ᠶᠢ ᠤᠯᠬᠤ ᠪᠠᠷ ᠴᠢᠷᠮᠠᠶᠢᠬᠤ᠂ ᠲᠦᠷᠦ ᠶᠢᠨ | ᠪᠤᠳᠤᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠬᠤ᠂ ᠲᠤᠷᠰᠢᠯᠲᠠ ᠬᠢᠵᠦ ᠦᠯᠢᠭᠡᠷ ᠵᠢᠱᠢᠶ᠎ᠡ ᠦᠵᠡᠭᠦᠯᠬᠦ ᠪᠠᠷ | ᠴᠢᠷᠮᠠᠶᠢᠨ᠎ᠠ᠃ | ᠤᠯᠤᠰ ᠤᠨ ᠳᠡᠭᠡᠳᠦ ᠰᠢᠨ᠎ᠡ ᠮᠡᠷᠭᠡᠵᠢᠯ᠄ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠃ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠠᠵᠤ ᠠᠬᠤᠶᠢᠯᠠᠯ᠄ ᠤᠯᠤᠰ ᠤᠨ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠠᠵᠤ ᠠᠬᠤᠶᠢᠯᠠᠯ᠃ | ᠴᠠᠬᠢᠯᠭᠠᠨ ᠢᠶᠠᠷ ᠤᠰᠤ ᠶᠢ ᠨᠤᠭᠤᠯᠬᠤ᠄ ᠤᠰᠤᠨ ᠬᠥᠭᠡᠷᠭᠡ ᠶᠢᠨ ᠠᠵᠢᠯᠯᠠᠬᠤ ᠦᠶ᠎ᠡ ᠳᠤ 1 ᠭᠷᠠᠳᠦ᠋ᠰ ᠤᠨ | ᠴᠠᠬᠢᠯᠭᠠᠨ ᠡᠨᠧᠷᠭᠢ ᠵᠠᠷᠤᠴᠠᠭᠤᠯᠵᠤ ᠭᠠᠷᠭᠠᠭᠰᠠᠨ ᠤᠰᠤᠨ ᠤ ᠬᠡᠮᠵᠢᠶ᠎ᠡ ᠶᠢ ᠴᠠᠬᠢᠯᠭᠠᠨ ᠢᠶᠠᠷ ᠤᠰᠤ ᠶᠢ ᠨᠤᠭᠤᠯᠬᠤ | ᠢᠯᠡᠳᠬᠡᠮᠵᠢ ᠭᠡᠨ᠎ᠡ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠴᠠᠬᠢᠯᠭᠠᠨ ᠬᠡᠷᠡᠭᠯᠡᠬᠦ ᠬᠡᠮᠵᠢᠶᠡᠨ ᠤ | ᠲᠤᠭ᠎ᠠ ᠪᠠᠷᠢᠮᠲᠠ ᠪᠠᠷ ᠳᠡᠮᠵᠢᠨ᠂ ᠴᠠᠬᠢᠯᠭᠠᠨ ᠢᠶᠠᠷ ᠤᠰᠤ ᠶᠢ ᠨᠤᠭᠤᠯᠬᠤ ᠢᠯᠡᠳᠬᠡᠮᠵᠢ ᠶᠢ ᠦᠷᠡᠵᠢᠭᠦᠯᠦᠭᠡᠳ | ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢᠨ ᠲᠤᠭ᠎ᠠ ᠪᠠᠷᠢᠮᠲᠠ ᠶᠢ ᠣᠯᠳᠠᠭ᠂ ᠡᠨᠡ ᠬᠦ | ᠶᠠᠪᠤᠴᠠ ᠶᠢ ᠴᠠᠬᠢᠯᠭᠠᠨ ᠢᠶᠠᠷ ᠤᠰᠤ ᠶᠢ ᠨᠤᠭᠤᠯᠬᠤ ᠭᠡᠨ᠎ᠡ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠶᠠᠷ ᠢ ᠡᠵᠡᠮᠳᠡᠬᠦ᠄ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠡᠵᠡᠮᠳᠡᠨ᠎ᠡ᠃ | ᠭᠤᠷᠪᠠᠨ ᠣᠷᠣᠨ ᠭᠤᠷᠪᠠᠨ ᠱᠤᠭᠤᠮ᠄ ︽ᠭᠤᠷᠪᠠᠨ ᠣᠷᠣᠨ︾ ᠭᠡᠳᠡᠭ ᠨᠢ ᠬᠤᠲᠠ ᠪᠠᠯᠭᠠᠰᠤ ᠶᠢᠨ ᠣᠷᠣᠨ ᠵᠠᠶ | ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠶᠢᠨ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠣᠶ᠂ ︽ᠭᠤᠷᠪᠠᠨ ᠱᠤᠭᠤᠮ︾ ᠨᠢ ᠲᠣᠰ ᠲᠣᠰ | ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠳᠤ | ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ | ᠵᠦᠢᠯ ᠤᠨ ᠡᠵᠡᠮᠳᠡᠬᠦ ᠱᠤᠭᠤᠮ ᠲᠠᠢ ᠲᠣᠬᠢᠷᠠᠯᠴᠠᠨ᠎ᠠ᠃ | ᠰᠠᠯᠬᠢᠨ ᠬᠦᠴᠦᠨ ᠤ ᠴᠠᠬᠢᠯᠭᠠᠨ ᠤ ︽ᠶᠡᠭᠡ ᠶᠢ ᠨᠢ ᠳᠡᠭᠡᠭᠰᠢᠯᠡᠭᠦᠯᠵᠦ ᠪᠠᠭ᠎ᠠ ᠶᠢ ᠨᠢ ᠳᠠᠷᠤᠨ᠎ᠠ︾᠄ | ᠬᠠᠭᠤᠴᠢᠷᠬᠠᠰᠠᠨ᠂ ᠬᠡᠪᠴᠢᠶ᠎ᠡ ᠪᠠᠷ ᠪᠠᠭ᠎ᠠ ᠮᠠᠰᠢᠨ ᠴᠣᠭᠴᠠᠯᠠᠪᠤᠷᠢ ᠶᠢ ᠬᠠᠭᠠᠵᠤ ᠵᠣᠭᠰᠣᠭᠠᠨ᠎ᠠ᠂ ᠶᠡᠭᠡ | ᠪᠠᠭᠲᠠᠭᠠᠮᠵᠢ ᠲᠠᠢ᠂ ᠥᠨᠳᠥᠷ ᠪᠣᠯᠵᠣᠯᠲᠤ ᠲᠤᠭ᠎ᠠ ᠲᠠᠢ ᠮᠠᠰᠢᠨ ᠴᠣᠭᠴᠠᠯᠠᠪᠤᠷᠢ ᠶᠢ ᠡᠬᠢᠯᠡᠭᠦᠯᠦᠨ᠎ᠡ᠃ | ᠡᠪᠦᠯ ᠡᠮᠦᠨ᠎ᠡ ᠵᠣᠨ ᠤᠮᠠᠷ᠎ᠠ᠄ ᠪᠡᠭᠡᠵᠢᠩ ᠬᠤᠲᠠ ᠶᠢᠨ ᠬᠢᠨ ᠪᠡᠭᠡᠵᠢᠩ ᠤᠨ ᠨᠠᠰᠤᠲᠠᠶᠢᠴᠤᠳ ᠤᠨ ᠡᠪᠦᠯ ᠤᠨ | ᠤᠯᠠᠷᠢᠯ ᠳᠤ ᠬᠠᠶᠢᠨᠠᠨ ᠳᠤ ᠬᠦᠷᠴᠦ᠂ ᠵᠣᠨ ᠤ ᠤᠯᠠᠷᠢᠯ ᠳᠤ ᠾᠧᠪᠸᠢ᠂ ᠥᠪᠥᠷ ᠮᠣᠩᠭᠤᠯ ᠵᠡᠷᠭᠡ ᠤᠮᠠᠷᠠᠲᠤ ᠶᠢᠨ | ᠭᠠᠵᠠᠷ ᠣᠷᠣᠨ ᠳᠤ ᠨᠡᠭᠦᠳᠡᠯ ᠤᠨ ᠰᠢᠪᠠᠭᠤ ᠮᠠᠶ᠋ᠢᠭ ᠤᠨ ᠵᠤᠭᠠᠴᠠᠨ ᠰᠠᠭᠤᠬᠤ ᠶᠢ ᠵᠣᠷᠢᠭᠵᠢᠭᠤᠯᠤᠨ ᠳᠡᠮᠵᠢᠨ᠎ᠡ᠃ | ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ᠄ ᠨᠢᠭᠡ ᠵᠦᠢᠯ ᠤᠨ ᠰᠢᠨ᠎ᠡ ᠬᠡᠯᠪᠡᠷᠢ ᠶᠢᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠭᠪᠤᠷ᠂ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ | ᠡᠮᠨᠡᠯᠭᠡ ᠶᠢᠨ ᠬᠤᠷᠢᠶ᠎ᠠ ᠪᠠᠷ ᠭᠤᠤᠯ ᠪᠣᠯᠭᠠᠵᠤ᠂ ᠬᠤᠲᠠ᠂ ᠲᠣᠭᠤᠷᠢᠭ ᠤᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠲᠠ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠯᠳᠦᠭᠦᠯᠦᠨ᠎ᠡ᠃ | ᠡᠮᠴᠢᠯᠡᠭᠡᠨ ᠤ ᠳᠠᠭᠠᠳᠬᠠᠯ ᠤᠨ DIP ᠰᠦᠢᠳᠬᠡᠯ ᠲᠤᠰᠢᠶᠠᠬᠤ ᠠᠷᠭ᠎ᠠ ᠮᠠᠶ᠋ᠢᠭ᠄ ᠣᠷᠣᠨ ᠪᠦᠰᠡ ᠶᠢᠨ | ᠲᠤᠭ᠎ᠠ ᠶᠢᠨ ᠠᠷᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ | ᠥᠷᠲᠡᠭ ᠢᠶᠠᠷ ᠰᠦᠢᠳᠬᠡᠯ ᠲᠤᠰᠢᠶᠠᠨ᠎ᠠ᠃ | ︽3+3︾ + ︽1+N︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ᠄ ︽3+3︾ | ᠭᠡᠳᠡᠭ ᠨᠢ ᠳᠠᠷᠤᠶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮᠵᠢᠯᠲᠡ᠂ ᠵᠢᠷᠤᠮᠵᠢᠯᠲᠠ᠂ ᠮᠡᠳᠡᠭᠡ | ᠵᠠᠩᠭᠢᠵᠢᠯᠲᠠ ᠶᠢᠨ ︽ᠭᠤᠷᠪᠠᠨ ᠲᠠᠯ᠎ᠠ ᠶᠢᠨ ᠬᠤᠯᠪᠣᠯᠳᠤᠯ︾ ᠢ ᠲᠦᠯᠬᠢᠨ ᠠᠬᠢᠭᠤᠯᠵᠤ᠂ ᠡᠮᠦᠨ᠎ᠡ ᠦᠵᠦᠭᠦᠷ ᠤᠨ | ᠰᠡᠷᠭᠡᠶᠢᠯᠡᠯᠲᠡ᠂ ᠳᠤᠮᠳᠠ ᠦᠵᠦᠭᠦᠷ ᠤᠨ ᠵᠠᠰᠠᠯᠲᠠ᠂ ᠲᠡᠭᠦᠰᠬᠡᠯ ᠦᠵᠦᠭᠦᠷ ᠤᠨ ᠪᠠᠲᠤᠯᠠᠭ᠎ᠠ ᠶᠢᠨ ︽ᠭᠤᠷᠪᠠᠨ | ᠦᠵᠦᠭᠦᠷ ᠤᠨ ᠬᠦᠴᠦᠯᠡᠴᠡ︾ ᠳᠤ ᠠᠩᠬᠠᠷᠤᠯ ᠢᠶᠠᠨ ᠲᠥᠪᠯᠡᠷᠡᠭᠦᠯᠦᠨ᠎ᠡ︔ ︽1+N︾ ᠭᠡᠳᠡᠭ ᠨᠢ ᠳᠠᠷᠤᠶ ︽ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠂ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ | ᠬᠤᠷᠠᠯᠳᠤᠭᠠᠨ ᠤ ᠲᠣᠭᠤᠷᠢᠨ ᠳᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ ᠬᠤᠳᠠ ᠶᠢᠨ | ᠬᠡᠪᠴᠢᠶᠡᠨ ᠤ ᠵᠠᠰᠠᠯᠲᠠ᠂ ᠭᠤᠷᠪᠠ ᠶᠢ ᠲᠣᠬᠢᠷᠠᠭᠤᠯᠤᠨ ᠬᠤᠯᠪᠣᠯᠳᠤᠭᠤᠯᠬᠤ ᠵᠡᠷᠭᠡ ︽N︾ ᠲᠠᠯ᠎ᠠ ᠶᠢᠨ | ᠨᠡᠶᠢᠭᠡᠮ ᠤᠨ ᠵᠠᠰᠠᠯᠲᠠ ᠶᠢᠨ ᠬᠦᠴᠦᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠬᠢᠭᠡᠳ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠨᠢᠭᠡ | ᠴᠤᠭᠴᠠᠵᠢᠭᠤᠯᠤᠭᠰᠠᠨ ᠠᠵᠢᠯ ᠤᠨ ᠰᠢᠰᠲ᠋ᠧᠮ ᠢ ᠪᠠᠶᠢᠭᠤᠯᠬᠤ ᠶᠠᠪᠤᠳᠠᠯ ᠪᠣᠯᠤᠨ᠎ᠠ᠃ |