ᠰᠦᠩᠱᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ᠄ ᠠᠷᠠᠳ ᠤᠨ ᠲᠥᠯᠥᠭᠡ ᠬᠤᠳᠠ ᠶᠢ ᠬᠠᠮᠢᠶᠠᠷᠴᠤ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠵᠦ ᠬᠤᠳᠠ ᠶᠢᠨ ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ
ᠨᠡᠶᠢᠲᠡᠯᠡᠭᠰᠡᠨ ᠴᠠᠭ᠄
2024/3/27
    ᠰᠦᠩᠱᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠬᠥᠲᠥᠯᠥᠭᠴᠢ ᠰᠢᠨ ᠮᠧᠩ ᠲᠦᠩ᠄ ᠸᠠᠩ ᠲᠣᠪᠴᠢᠶᠠᠨ ᠳᠠᠷᠤᠭ᠎ᠠ ᠲᠠ ᠰᠠᠶᠢᠨ ᠤᠤ᠂ ᠡᠨᠡ ᠵᠢᠯ ᠤᠨ ᠲᠣᠭᠤᠷᠢᠭ ᠤᠨ ᠨᠠᠮ ᠤᠨ ᠬᠤᠷᠢᠶᠠᠨ ᠤ ᠪᠥᠬᠦᠳᠡ ᠬᠤᠷᠠᠯ ᠪᠠ ᠲᠣᠭᠤᠷᠢᠭ ᠤᠨ ᠬᠤᠶᠠᠷ ᠬᠤᠷᠠᠯ ᠤᠨ ᠮᠡᠳᠡᠭᠦᠯᠦᠯᠲᠡ ᠳᠤ ᠴᠥᠮ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠶ ᠵᠣᠬᠢᠴᠠᠩᠭᠤᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠪᠢᠳᠡ ᠡᠨᠡ ᠬᠦ ᠠᠵᠢᠯ ᠢ ᠬᠡᠷᠬᠢᠨ ᠥᠷᠨᠢᠭᠦᠯᠬᠦ ᠪᠣᠶ︖    ᠰᠦᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠸᠠᠩ ᠰᠢᠤᠸᠠᠢ ᠶᠦᠩ᠄ ᠣᠶᠢᠷ᠎ᠠ ᠶᠢᠨ ᠬᠤᠶᠠᠷ ᠵᠢᠯ ᠳᠤ᠂ ᠰᠦᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠲᠠ ᠶᠢᠨ ᠠᠷᠠᠳ ᠲᠤ  ᠦᠢᠯᠡᠴᠢᠯᠡᠬᠦ ᠬᠠᠮᠢᠶᠠᠷᠤᠭᠴᠢ ᠪᠣᠯᠤᠭᠰᠠᠨ ᠤ ᠬᠤᠪᠢ ᠳᠤ᠂ ︽ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠡᠩᠨᠡᠭᠡᠨ ᠤ ᠳᠦᠷᠢ ᠲᠥᠷᠬᠦ ᠶᠢ ᠳᠡᠭᠡᠭᠰᠢᠯᠡᠭᠦᠯᠬᠦ︾ ᠶᠢ ᠠᠵᠢᠯ ᠤᠨ ᠭᠤᠤᠯᠳᠠᠯᠭ᠎ᠠ ᠪᠠᠨ ᠪᠣᠯᠭᠠᠵᠤ᠂ ︽ᠡᠶᠡᠯᠳᠡᠭ ᠢᠶᠠᠷ ᠬᠠᠤᠯᠢ ᠬᠡᠷᠡᠭᠵᠢᠭᠦᠯᠬᠦ︾ ︽ᠠᠩᠬ᠎ᠠ ᠵᠥᠷᠢᠴᠡᠪᠡᠯ ᠥᠯᠥ ᠲᠣᠷᠭᠠᠬᠤ︾ ︽ᠣᠯᠠᠨ ᠲᠦᠮᠡᠨ ᠳᠤ ᠦᠢᠯᠡᠴᠢᠯᠡᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠭᠰᠡᠭᠡᠷ ᠢᠷᠡᠪᠡ᠃ 2024 ᠣᠨ ᠳᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ︽ᠡᠩᠨᠡᠭᠡᠨ ᠤ ᠪᠠᠶᠢᠭᠤᠯᠤᠯᠲᠠ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠳᠦᠷᠢ ᠲᠥᠷᠬᠦ ᠶᠢ ᠳᠡᠭᠡᠭᠰᠢᠯᠡᠭᠦᠯᠬᠦ᠂ ᠣᠯᠠᠨ ᠲᠦᠮᠡᠨ ᠳᠤ ᠦᠢᠯᠡᠴᠢᠯᠡᠬᠦ︾ ᠭᠤᠣᠯ ᠬᠥᠭ ᠠᠶᠠᠰ ᠢ ᠦᠷᠭᠦᠯᠵᠢᠯᠡᠨ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ 12345᠂ ᠬᠤᠲᠠ ᠶᠢᠨ ᠬᠠᠮᠢᠶᠠᠷᠤᠯᠲᠠ ᠶᠢᠨ ᠬᠠᠯᠠᠮᠰᠢᠯ ᠤᠲᠠᠰᠤ ᠵᠡᠷᠭᠡ ᠲᠠᠪᠴᠠᠩ ᠢ ᠭᠦᠢᠴᠡᠳ ᠠᠰᠢᠭᠯᠠᠨ᠂ ᠪᠣᠳᠠᠲᠠᠶ ᠲᠠᠢ ᠪᠠᠨ ᠤᠶᠠᠯᠳᠤᠭᠤᠯᠤᠨ᠂ ᠤᠯᠠᠮ ᠨᠢᠭᠡ ᠠᠯᠬᠤᠮ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ ᠴᠢᠩᠭ᠎ᠠ ᠴᠡᠭᠴᠡᠯᠡᠨ ᠵᠠᠰᠠᠵᠤ᠂ ᠨᠠᠷᠢᠯᠢᠭ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠵᠦ᠂ ᠠᠷᠠᠳ ᠤᠨ ᠵᠣᠪᠠᠨᠢᠯ ᠢ ᠠᠷᠢᠯᠭᠠᠬᠤ ᠳᠤ ᠨᠠᠷᠢᠨ ᠨᠢᠮᠪᠠᠶ ᠦᠢᠯᠡᠴᠢᠯᠡᠨ᠂ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠯᠲᠠ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠶᠢᠨ ᠶᠡᠷᠦᠩᠬᠡᠶᠢᠯᠡᠨ ᠵᠠᠰᠠᠬᠤ ᠴᠢᠳᠠᠪᠤᠷᠢ ᠪᠠ ᠵᠠᠰᠠᠬᠤ ᠰᠢᠰᠲ᠋ᠧᠮᠵᠢ ᠶᠢᠨ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠤᠨ᠎ᠠ᠃    ᠰᠦᠩᠱᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ ᠰᠢᠨ ᠮᠧᠩ ᠲᠦᠩ᠄ ᠸᠠᠩ ᠲᠣᠪᠴᠢᠶᠠᠨ ᠳᠠᠷᠤᠭ᠎ᠠ ᠡ᠂ ᠬᠤᠳᠠ ᠶᠢᠨ ᠬᠠᠮᠢᠶᠠᠷᠤᠯᠲᠠ ᠡᠯ᠎ᠡ ᠲᠠᠯ᠎ᠠ ᠳᠤ ᠬᠤᠯᠪᠣᠭᠳᠠᠨ᠎ᠠ᠂ ᠥᠨᠳᠥᠷ ᠪᠠᠷᠢᠮᠵᠢᠶ᠎ᠠ ᠪᠠᠷ ᠬᠤᠳᠠ ᠶᠢ ᠰᠢᠨᠡᠳᠬᠡᠬᠦ᠂ ᠬᠤᠳᠠ ᠶᠢ ᠡᠵᠡᠩᠨᠡᠨ ᠬᠠᠮᠢᠶᠠᠷᠬᠤ ᠪᠠ ᠰᠠᠭᠤᠷᠢ ᠲᠥᠬᠦᠭᠡᠷᠦᠮᠵᠢ ᠶᠢ ᠴᠢᠨᠠᠷ ᠰᠠᠶᠢᠲᠠᠢ ᠪᠦᠳᠦᠬᠡᠨ ᠪᠠᠶᠢᠭᠤᠯᠬᠤ ᠲᠠᠯ᠎ᠠ ᠪᠠᠷ᠂ ᠮᠠᠨ ᠤ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠪᠠᠰᠠ ᠠᠯᠢ ᠬᠡᠳᠦᠨ ᠲᠠᠯ᠎ᠠ ᠪᠠᠷ ᠠᠵᠢᠯ ᠢᠶᠠᠨ ᠥᠷᠨᠢᠭᠦᠯᠬᠦ ᠪᠤᠢ︖      ᠰᠦᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠸᠠᠩ ᠰᠢᠤᠸᠠᠢ ᠶᠦᠩ᠄ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠭᠦᠳᠡ ᠬᠤᠷᠠᠯ ᠪᠣᠯᠤᠨ ᠰᠦᠩᠱᠠᠨ ᠲᠣᠭᠤᠷᠢᠭ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠬᠤᠲᠠ ᠶᠢᠨ ᠬᠠᠮᠢᠶᠠᠷᠤᠯᠲᠠ ᠶᠢᠨ ᠠᠵᠢᠯ ᠨᠢ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠰᠠᠭᠤᠷᠢᠯᠠᠵᠤ᠂ ᠠᠷᠠᠳ ᠤᠨ ᠠᠮᠢᠳᠤᠷᠠᠯ ᠢ ᠦᠨᠡᠨᠬᠦ ᠰᠠᠶᠢᠵᠢᠷᠠᠭᠤᠯᠬᠤ ᠭᠤᠣᠯ ᠬᠥᠭ ᠠᠶᠠᠰ ᠲᠤ ᠦᠢᠯᠡᠴᠢᠯᠡᠬᠦ ᠪᠣᠯᠤᠨ᠎ᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠠᠯ᠎ᠠ ᠪᠠᠷ᠂ ︽ᠵᠢᠷᠭᠤᠭᠠᠨ ᠢᠨᠵᠧᠨᠧᠷᠢᠩ︾ ᠤᠨ ᠲᠥᠷᠥᠯ ᠵᠦᠢᠯ ᠢ ᠥᠷᠨᠢᠭᠦᠯᠬᠦ ᠲᠠᠢ ᠤᠶᠠᠯᠳᠤᠭᠤᠯᠤᠨ᠂ ᠰᠦᠩᠱᠠᠨ ᠲᠣᠭᠤᠷᠢᠭ ᠲᠤ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠳᠤ ᠬᠤᠯᠪᠣᠭᠳᠠᠭᠰᠠᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 1.8 ᠳ᠋ᠦᠩᠰᠢᠭᠤᠷ ᠲᠥᠭᠦᠷᠢᠭ ᠪᠠᠶᠢᠵᠤ᠂ ᠶᠠᠪᠠᠭᠠᠨ ᠬᠥᠮᠦᠨ ᠤ ᠵᠠᠮ ᠢ ᠰᠡᠯᠪᠢᠨ ᠵᠠᠰᠠᠵᠤ ᠥᠭᠡᠷᠡᠴᠢᠯᠡᠬᠦ᠂ ᠤᠶᠤᠨᠲᠤ ᠵᠠᠮ ᠤᠨ ᠳ᠋ᠧᠩ ᠢ ᠲᠠᠰ ᠳᠡᠪᠰᠢᠭᠦᠯᠬᠦ᠂ ᠴᠡᠴᠡᠷᠯᠢᠭ ᠤᠨ ᠣᠶ ᠮᠣᠳᠣ ᠶᠢ ᠨᠥᠬᠦᠵᠦ ᠳᠠᠷᠢᠬᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠪ᠂ ᠪᠠᠷᠢᠯᠭ᠎ᠠ ᠶᠢᠨ ᠬᠤᠭ ᠨᠣᠪᠰᠢ ᠶᠢ ᠪᠤᠯᠠᠬᠤ ᠲᠠᠯᠠᠪᠤᠷ ᠤᠨ ᠬᠤᠶᠠᠳᠤᠭᠠᠷ ᠬᠤᠭᠤᠴᠠᠭ᠎ᠠ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠢ ᠪᠠᠭᠲᠠᠭᠠᠨ᠎ᠠ᠃ ᠣᠳᠣᠬᠠᠨ ᠳᠤ ᠶᠠᠭ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠬᠡᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠠᠭ ᠲᠤᠬᠠᠶ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃ ᠬᠤᠲᠠ ᠶᠢᠨ ᠶᠠᠪᠤᠳᠠᠯ᠂  ᠴᠡᠴᠡᠷᠯᠢᠭᠵᠢᠯᠲᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠷᠠᠴᠢᠯᠠᠨ ᠬᠠᠮᠠᠭᠠᠯᠠᠯᠲᠠ ᠶᠢᠨ ᠲᠠᠯ᠎ᠠ ᠪᠠᠷ᠂ ᠭᠤᠤᠯ ᠬᠤᠲᠠ ᠲᠣᠭᠤᠷᠢᠭ ᠲᠤ ᠨᠢᠭᠡᠨᠲᠡ ᠰᠢᠨ᠎ᠡ ᠬᠤᠲᠠ ᠲᠣᠭᠤᠷᠢᠭ᠂ ᠬᠠᠭᠤᠴᠢᠨ ᠬᠤᠲᠠ ᠲᠣᠭᠤᠷᠢᠭ᠂ ᠰᠢᠨ ᠺᠧ ᠬᠦᠷᠢᠶᠡᠯᠡᠩ ᠲᠣᠭᠤᠷᠢᠭ ᠢᠶᠠᠷ ᠭᠤᠷᠪᠠᠨ ᠲᠣᠮᠣ ᠭᠤᠤᠯ ᠣᠷᠣᠨ ᠪᠦᠰᠡ ᠪᠣᠯᠭᠠᠭᠰᠠᠨ᠂ ᠪᠡᠭᠡᠵᠢᠩ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ᠂ ᠪᠡᠭᠡᠵᠢᠩ ᠤᠨ ᠬᠤᠲᠠ ᠶᠢᠨ ᠶᠠᠪᠤᠳᠠᠯ ᠤᠨ ᠵᠠᠮ ᠬᠥᠭᠦᠷᠭᠡ ᠶᠢᠨ ᠪᠦᠯᠦᠭᠯᠡᠯ᠂ ᠢ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠱᠦᠨ ᠲᠦᠩ ᠺᠣᠮᠫᠠᠨᠢ ᠪᠠᠷ ᠭᠤᠤᠯ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠪᠣᠯᠭᠠᠭᠰᠠᠨ᠂ ︽ᠨᠢᠭᠡ ᠴᠤᠭᠴᠠᠵᠢᠭᠰᠠᠨ ᠲᠥᠷᠥᠯ ᠵᠦᠢᠯ ᠢ ᠰᠢᠯᠭᠠᠨ ᠬᠢᠨᠠᠬᠤ ᠠᠷᠭ᠎ᠠ︾ ᠪᠠᠷ ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ ᠪᠣᠯᠭᠠᠭᠰᠠᠨ ᠵᠠᠬ᠎ᠠ ᠳᠡᠯᠭᠡᠭᠦᠷᠴᠢᠯᠡᠭᠰᠡᠨ ᠭᠤᠤᠯ ᠴᠣᠭᠴᠠ ᠶᠢᠨ ᠡᠵᠡᠩᠨᠡᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠪᠡ᠃ ᠬᠢᠨᠠᠨ ᠬᠠᠮᠢᠶᠠᠷᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠨᠥᠬᠦᠴᠡᠯ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠲᠠ ᠶᠢᠨ ᠡᠳᠦᠷ ᠲᠤᠲᠤᠮ ᠤᠨ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠠᠷᠢᠭᠤᠨ ᠴᠡᠪᠡᠷ ᠬᠤᠲᠠ ᠶᠢ ᠳᠠᠬᠢᠨ ᠬᠢᠨᠠᠬᠤ ᠠᠵᠢᠯ ᠲᠠᠢ ᠤᠶᠠᠯᠳᠤᠭᠤᠯᠤᠨ᠂ ︽ᠭᠤᠣᠯ ᠵᠠᠮ ᠢ ᠴᠢᠩᠭ᠎ᠠ ᠬᠠᠮᠢᠶᠠᠷᠬᠤ᠂ ᠳᠡᠳ᠋ ᠭᠤᠣᠯ ᠵᠠᠮ ᠢ ᠴᠢᠩᠭ᠎ᠠ ᠡᠵᠡᠮᠳᠡᠬᠦ᠂ ᠵᠢᠵᠢᠭ ᠵᠡᠭᠡᠯᠢ ᠭᠤᠳᠤᠮᠵᠢ ᠶᠢ ᠵᠢᠷᠤᠮᠵᠢᠭᠤᠯᠬᠤ︾ ᠠᠵᠢᠯ ᠤᠨ ᠴᠢᠭᠯᠡᠯᠲᠡ ᠶᠣᠰᠣᠭᠠᠷ᠂ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ︾ ᠵᠡᠷᠭᠡ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ᠂ ᠬᠦᠴᠢᠷ ᠠᠰᠠᠭᠤᠳᠠᠯ᠂ ᠲᠦᠭᠵᠢᠷᠡᠯ ᠤᠨ ᠴᠡᠭ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠢ ᠱᠠᠭᠠᠷᠳᠠᠵᠤ ᠴᠡᠭ ᠳᠡᠭᠡᠷ᠎ᠡ᠂ ᠵᠡᠭᠡᠯᠢ ᠳᠡᠭᠡᠷ᠎ᠡ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠨᠠᠩ ᠨᠠᠷᠢᠯᠢᠭ᠂ ᠨᠠᠩ ᠪᠦᠲᠦᠮᠵᠢᠲᠡᠶ ᠪᠣᠯᠭᠠᠵᠤ᠂ ᠣᠯᠠᠨ ᠲᠦᠮᠡᠨ ᠤ ᠠᠮᠢᠳᠤᠷᠠᠯ ᠢ ᠨᠠᠩ ᠲᠥᠬᠦᠮ᠂ ᠨᠠᠩ ᠲᠠᠭᠠᠯᠠᠮᠵᠢᠲᠠᠶ ᠪᠣᠯᠭᠠᠵᠤ᠂ ᠬᠤᠲᠠ ᠶᠢᠨ ᠣᠷᠴᠢᠨ ᠲᠣᠭᠤᠷᠢᠨ ᠢ ᠨᠠᠩ ᠴᠡᠪᠡᠷ ᠴᠡᠮᠴᠡᠭᠡᠷ᠂ ᠨᠠᠩ ᠭᠤᠶᠢᠳᠠ ᠰᠠᠶᠢᠬᠠᠨ ᠪᠤᠯᠭᠠᠨ᠎ᠠ᠃ ᠠᠳᠡ᠂ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠤᠨ ᠬᠤᠳᠠ ᠶᠢᠨ ᠬᠠᠮᠢᠶᠠᠷᠤᠯᠲᠠ ᠶᠢᠨ ᠠᠵᠢᠯ ᠳᠤ ᠨᠡᠩ ᠤᠯᠠᠨ ᠣᠶᠢᠯᠠᠭᠠᠯᠲᠠ᠂ ᠢᠲᠡᠭᠡᠯ ᠪᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号