3 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ 2024 ᠣᠨ ᠤ | ᠪᠥᠬᠦ ᠲᠣᠭᠤᠷᠢᠭ ᠤᠨ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠵᠤ᠂ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ | ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠯᠢᠦ ᠰᠢᠤᠸᠠᠢ ᠴᠢᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ 2023 ᠣᠨ ᠤ ᠠᠵᠢᠯ ᠢ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠰᠤᠳᠤᠯᠤᠨ | ᠪᠠᠶᠢᠷᠢᠯᠠᠭᠤᠯᠤᠭᠰᠠᠨ ᠪᠥᠭᠡᠳ 2023 ᠣᠨ ᠤ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ | ᠤᠬᠠᠭᠤᠯᠭ᠎ᠠ ᠶᠢᠨ ᠠᠵᠢᠯ ᠤᠨ ᠲᠡᠷᠢᠭᠦᠨ ᠤ ᠨᠢᠭᠡᠴᠡ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ | ᠯᠢᠦ ᠰᠢᠤᠸᠠᠢ ᠴᠢᠨ ᠵᠢᠭᠠᠵᠤ ᠭᠠᠷᠭᠠᠭᠰᠠᠨ ᠨᠢ᠂ 2024 ᠣᠨ ᠪᠣᠯ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ᠪᠦᠬᠦ ᠲᠣᠭᠤᠷᠢᠭ ᠢᠶᠠᠷ ᠢᠶᠠᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ | ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ | ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠲᠠᠢ | ᠬᠠᠷᠭᠤᠭᠤᠯᠵᠤ᠂ ᠰᠢᠨ᠎ᠡ ᠪᠠᠶᠢᠳᠠᠯ ᠳᠣᠣᠷᠠᠬᠢ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢᠨ ᠣᠨᠴᠠᠯᠢᠭ ᠢ | ᠰᠤᠳᠤᠯᠵᠤ᠂ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠰᠢᠨ᠎ᠡ ᠪᠠᠶᠢᠳᠠᠯ ᠢ ᠲᠠᠬᠢᠨ ᠡᠭᠦᠳᠬᠦ | ᠬᠡᠷᠡᠭᠲᠡᠢ︔ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠢᠶᠠᠨ ᠬᠠᠶᠢᠷᠠᠯᠠᠵᠤ | ᠤᠯᠤᠰ ᠢᠶᠠᠨ ᠬᠠᠶᠢᠷᠠᠯᠠᠬᠤ ᠶᠢ ᠬᠥᠭᠵᠢᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ᠂ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ | ᠠᠬᠢᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠲᠠᠢ ᠥᠷᠨᠢᠬᠦ ᠶᠢ ᠠᠬᠢᠭᠤᠯᠬᠤ ᠬᠡᠷᠡᠭᠲᠡᠢ︔ ᠰᠢᠰᠲ᠋ᠧᠮᠲᠦ | ᠰᠡᠳᠬᠢᠬᠦᠢ ᠪᠠᠨ ᠴᠢᠩᠭᠠᠳᠬᠠᠵᠤ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠦᠬᠦᠯᠢ ᠴᠣᠭᠴᠠ ᠶᠢᠨ | ᠴᠢᠨᠠᠷᠲᠠᠢ ᠠᠬᠢᠭᠤᠯᠤᠯᠲᠠ ᠶᠢ ᠴᠢᠩᠭᠠᠳᠬᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠦᠴᠦᠷᠬᠡᠭ | ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ |