ᠰᠦᠩᠱᠠᠨ ᠲᠣᠭᠤᠷᠢᠭ ᠤᠨ 1 — 2 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2024/3/29
    ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠣᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠳᠬᠤᠨ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠣᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2024 ᠣᠨ ᠤ 1 — 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ25.4% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 10.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ᠃    ᠠᠵᠤ ᠦᠢᠯᠡᠳᠪᠦᠷᠢ ᠶᠢᠨ ᠲᠦᠷᠦᠯ ᠵᠦᠢᠯ ᠢᠶᠠᠷ ᠠᠪᠴᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠦᠷᠳᠡᠭ 185.4% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ 6.4% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 19.8% ᠪᠠᠷ ᠪᠠᠭᠤᠷᠠᠪᠠ᠃    ᠦᠢᠯᠡᠳᠬᠦᠨ ᠤ ᠭᠠᠷᠤᠯᠲᠠ‌‍ᠢᠶ᠋ᠠᠷ ᠠᠪᠴᠤ ᠦᠵᠡᠪᠡᠯ᠂ 7 ᠵᠦᠢᠯ ᠤᠨ ᠭᠤᠤᠯ ᠪᠣᠯᠬᠤ ᠠᠵᠤ ᠦᠢᠯᠡᠳᠪᠦᠷᠢ ᠶᠢᠨ  ᠦᠢᠯᠡᠳᠬᠦᠨ ᠤ ᠳᠣᠲᠣᠷᠠᠬᠢ 4 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠲᠣᠰ ᠲᠣᠰ ᠪᠦᠲᠦᠭᠡᠭᠳᠡᠬᠦᠨ ᠤ ᠰᠢᠬᠢᠷ 100% ᠪᠠᠷ ᠨᠡᠮᠡᠭᠳᠡᠵᠦ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 100% ᠪᠠᠷ ᠨᠡᠮᠡᠭᠳᠡᠵᠦ᠂ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ 17.7% ᠪᠠᠷ ᠨᠡᠮᠡᠭᠳᠡᠵᠦ᠂ ᠱᠦᠢᠨᠢ ᠪᠤᠲ᠋ᠤᠨ ᠤ ᠴᠠᠬᠢᠯᠭᠠᠨ ᠪᠠᠭᠠᠨ᠎ᠠ 224% ᠪᠠᠷ ᠨᠡᠮᠡᠭᠳᠡᠪᠡ᠃    ᠲᠤᠯᠭᠠᠭᠤᠷᠢ ᠠᠵᠢᠯ ᠲᠥᠷᠥᠯ ᠢᠶᠠᠷ ᠠᠪᠴᠤ ᠦᠵᠡᠪᠡᠯ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 19.8% ᠪᠠᠷ ᠪᠠᠭᠤᠷᠠᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 13 ᠵᠠᠭᠤᠨ ᠤ ᠨᠢᠭᠡᠴᠢ ᠪᠠᠭᠤᠷᠠᠭᠤᠯᠪᠠ᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2024 ᠣᠨ ᠤ 1 — 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.6% ᠪᠠᠭᠤᠷᠠᠪᠠ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.5% ᠪᠠᠷ ᠪᠠᠭᠤᠷᠠᠪᠠ︔ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29.7% ᠪᠠᠷ ᠪᠠᠭᠤᠷᠠᠪᠠ᠃    ᠲᠥᠷᠥᠯ ᠵᠦᠢᠯ ᠤᠨ ᠮᠡᠳᠡᠭᠦᠯᠬᠦ ᠲᠤᠭ᠎ᠠ ᠠᠴᠠ ᠦᠵᠡᠪᠡᠯ᠂ ᠲᠤᠭ᠎ᠠ ᠮᠡᠳᠡᠭᠦᠯᠦᠭᠰᠡᠨ ᠲᠥᠷᠥᠯ ᠵᠦᠢᠯ 45 ᠪᠠᠶᠢᠵᠤ᠂ ᠬᠥᠮᠥᠷᠭᠡ ᠳᠤ ᠪᠠᠶᠢᠭ᠎ᠠ ᠪᠥᠬᠦ ᠲᠥᠷᠥᠯ ᠵᠦᠢᠯ ᠤᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ ᠵᠥᠪᠬᠡᠨ 40.2% ᠲᠤ ᠬᠦᠷᠴᠡᠶ᠃    ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ    2024 ᠣᠨ ᠤ 1 — 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.8% ᠪᠠᠭᠤᠷᠠᠪᠠ     ᠭᠤᠤᠯ ᠪᠣᠯᠬᠤ ᠲᠠᠸᠠᠷ ᠤᠨ ᠪᠣᠷᠣᠯᠠᠭᠤᠯᠭ᠎ᠠ ᠠᠴᠠ ᠦᠵᠡᠪᠡᠯ᠂ ᠬᠢᠵᠠᠭᠠᠷ ᠲᠤᠭ᠎ᠠ ᠠᠴᠠ ᠳᠡᠭᠡᠭᠰᠢᠬᠢ ᠨᠢᠭᠡᠴᠡ ᠶᠢᠨ ᠪᠠᠭᠤᠷᠠᠯᠲᠠ ᠶᠢᠨ ᠬᠡᠮᠵᠢᠶ᠎ᠡ ᠪᠠᠷ ᠨᠡᠯᠢᠶᠡᠳ ᠶᠡᠭᠡ ᠠᠵᠢᠯ ᠲᠥᠷᠥᠯ ᠪᠣᠯ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠥᠷᠥᠯ᠂ ᠠᠷᠢᠬᠢ ᠲᠠᠮᠠᠬᠢᠨ ᠤ ᠲᠥᠷᠥᠯ᠂ ᠤᠰᠤᠨ ᠭᠠᠷᠤᠯᠲᠠ ᠶᠢᠨ ᠲᠥᠷᠥᠯ ᠪᠠᠶᠢᠵᠤ᠂ ᠲᠣᠰ ᠲᠣᠰ 50.2%᠂ 44.1%᠂ 34.4% ᠪᠠᠷ ᠪᠠᠭᠤᠷᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号