ᠰᠦᠩᠱᠠᠨ ᠲᠣᠭᠤᠷᠢᠭ ᠪᠤᠯᠤᠨ ᠪᠡᠭᠡᠵᠢᠩ ᠤᠨ ᠰᠢᠨ ᠹᠠ ᠲᠠᠷᠢᠶᠠᠯᠠᠩ ᠣᠶ ᠰᠢᠭᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠢᠯᠢᠭᠲᠦ ᠳᠡᠯᠳᠡᠦ ᠶᠢᠨ ᠮᠦᠬᠦ ᠶᠢᠨ ᠠᠮᠢ ᠠᠬᠤᠶ ᠶᠢᠨ ᠲᠡᠵᠢᠭᠡᠪᠦᠷᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/3/8
     3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠪᠣᠯᠤᠨ ᠪᠡᠭᠡᠵᠢᠩ ᠤᠨ ᠰᠢᠨ ᠹᠠ ᠲᠠᠷᠢᠶᠠᠯᠠᠩ ᠣᠶ ᠰᠢᠭᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠢᠯᠢᠭᠲᠦ ᠳᠡᠯᠳᠡᠦ ᠶᠢᠨ ᠮᠦᠬᠦ ᠶᠢᠨ ᠠᠮᠢ ᠠᠬᠤᠶ ᠶᠢᠨ ᠲᠡᠵᠢᠭᠡᠪᠦᠷᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠺᠠᠩ ᠭᠤᠤ ᠪᠢᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
E:\20210708蒙古文网站工作\蒙古文网站工作\赤峰市松山区人民政府文件翻译\2微信公众号\2024年\35松山区与北京新发农林有限责任公司举行灵芝菇生态养种植基地项目签约仪式\b58d018924f4183cb12e7e8225b866d3.jpg     
     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠰᠦᠩᠱᠠᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠴᠢᠳᠠᠪᠤᠷᠢᠲᠠᠨ ᠤ ᠡᠬᠢ ᠪᠠᠶᠠᠯᠢᠭ ᠡᠯᠪᠡᠭ ᠳᠡᠯᠪᠡᠭ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ᠂ ᠢᠯᠠᠩᠭᠤᠶ᠎ᠠ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠡᠳ᠋ ᠭᠠᠷᠤᠯᠲᠠ᠂ ᠡᠬᠢ ᠪᠠᠶᠠᠯᠢᠭ ᠡᠯᠪᠡᠭ ᠳᠡᠯᠪᠡᠭ ᠪᠠᠶᠢᠳᠠᠭ᠃ ᠪᠡᠭᠡᠵᠢᠩ ᠤᠨ ᠰᠢᠨ ᠹᠠ ᠲᠠᠷᠢᠶᠠᠯᠠᠩ ᠤᠢ ᠰᠢᠭᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠳᠤ ᠬᠦᠷᠭᠡᠵᠦ ᠦᠷ᠎ᠡ ᠠᠰᠢᠭ ᠲᠤ ᠬᠦᠷᠭᠡᠬᠦ ᠶᠢ ᠲᠦᠷᠭᠡᠨ ᠪᠡᠶᠡᠯᠡᠭᠦᠯᠬᠦ ᠶᠢ ᠬᠦᠰᠡᠵᠦ ᠪᠠᠶᠢᠨ᠎ᠠ ᠃ ᠰᠦᠩᠱᠠᠨ ᠲᠣᠭᠤᠷᠢᠭ ᠤᠨ ᠬᠢᠨ ᠴᠢᠨᠠᠷ ᠰᠠᠶᠢᠲᠠᠢ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠬᠠᠩᠭᠠᠵᠤ᠂ ᠰᠢᠯᠢᠳᠡᠭ ᠰᠠᠶᠢᠨ ᠣᠷᠴᠢᠨ ᠲᠣᠭᠤᠷᠢᠨ ᠢ ᠡᠭᠦᠳᠴᠦ᠂ ᠺᠣᠮᠫᠠᠨᠢ ᠶᠢᠨ ᠰᠦᠩᠱᠠᠨ ᠲᠣᠭᠤᠷᠢᠭ ᠲᠠᠬᠢ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠬᠦ ᠪᠣᠯᠤᠨ᠎ᠠ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠱᠢ ᠴᠤᠤ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠪᠡᠭᠡᠵᠢᠩ ᠤᠨ ᠰᠢᠨ ᠹᠠ ᠲᠠᠷᠢᠶᠠᠯᠠᠩ ᠤᠢ ᠰᠢᠭᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤᠬᠢᠷᠠᠯᠴᠠᠪᠠ᠃ ᠣᠶᠢᠯᠠᠭᠠᠭᠰᠠᠨ ᠢᠶᠠᠷ᠂ ᠪᠢᠯᠢᠭᠲᠦ ᠳᠡᠯᠳᠡᠦ ᠶᠢᠨ ᠮᠦᠬᠦ ᠶᠢᠨ ᠠᠮᠢ ᠠᠬᠤᠶ ᠶᠢᠨ ᠲᠡᠵᠢᠭᠡᠪᠦᠷᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠳᠤ ᠪᠠᠷᠤᠭ 100 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠡᠭᠦᠨ ᠳᠤ ᠠᠮᠢ ᠠᠬᠤᠶ ᠶᠢᠨ ᠲᠡᠵᠢᠭᠡᠪᠦᠷᠢ ᠶᠢᠨ ᠰᠠᠭᠤᠷᠢᠨ ᠭᠠᠵᠠᠷ ᠤᠨ ᠲᠥᠷᠥᠯ ᠵᠦᠢᠯ᠂ ᠲᠠᠷᠢᠶᠠᠯᠠᠩ ᠪᠠ ᠬᠡᠷᠡᠯ ᠤᠨ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ᠂ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠵᠡᠷᠭᠡ ᠠᠭᠤᠯᠭ᠎ᠠ ᠪᠠᠭᠲᠠᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号