3 ᠰᠠᠷ᠎ᠠ ᠶᠢᠨ 4 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2024 ᠣᠨ ᠤ ᠲᠣᠭᠤᠷᠢᠭ ᠤᠨ | ᠵᠠᠰᠠᠭ ᠤᠨ ᠣᠷᠳᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠤᠯᠤᠰ ᠲᠦᠷᠦ ᠶᠢᠨ ᠲᠤᠪᠴᠢᠶ᠎ᠠ ᠶᠢᠨ | ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠣᠯᠤᠨ ︽ᠬᠤᠳᠠ ᠶᠢᠨ ᠲᠤᠰ ᠱᠠᠲᠤᠨ ᠤ ᠨᠢᠭᠡᠴᠡ ᠶᠢᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ | ᠨᠠᠶᠢᠳᠠᠨ ᠤᠷᠢᠵᠤ ᠬᠤᠯᠪᠣᠭᠳᠠᠯ ᠪᠦᠬᠦᠢ ᠪᠢᠴᠢᠭ ᠨᠠᠶᠢᠷᠠᠭᠤᠯᠬᠤ᠂ ᠬᠢᠨᠠᠨ ᠬᠠᠷᠭᠤᠭᠤᠯᠬᠤ᠂ ᠦᠨᠡᠯᠡᠨ ᠵᠢᠱᠢᠬᠦ ᠵᠡᠷᠭᠡ | ᠠᠵᠢᠯ ᠳᠤ ᠣᠷᠣᠯᠴᠠᠭᠤᠯᠬᠤ ᠶᠢ ᠵᠢᠷᠤᠮᠵᠢᠭᠤᠯᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ | ᠰᠣᠨᠣᠰᠪᠠ︔ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠵᠢᠴᠢ | ᠬᠡᠪᠴᠢᠶᠠᠵᠢᠯ ᠠᠴᠠ ᠳᠡᠭᠡᠭᠰᠢᠬᠢ ᠠᠷᠠᠯᠵᠢᠶᠠᠨ ᠤ ᠨᠢᠭᠡᠴᠡ ᠶᠢ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ︾ ᠶᠢ ᠬᠢᠨᠠᠨ | ᠵᠥᠪᠯᠡᠵᠦ ᠪᠠᠲᠤᠯᠠᠪᠠ︔ ᠵᠠᠰᠠᠭ ᠤᠨ ᠣᠷᠳᠣᠨ ᠤ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠲᠦᠷᠦ ᠶᠢᠨ | ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠰᠤᠷᠤᠯᠴᠠᠨ ᠤᠯᠠᠮᠵᠢᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ | ᠠᠳᠬᠤᠵᠤ᠂ ᠲᠦᠷᠦ ᠶᠢᠨ ᠪᠤᠳᠤᠯᠭ᠎ᠠ ᠶᠢᠨ ᠰᠤᠳᠠᠰᠤ ᠶᠢ ᠣᠨᠣᠪᠴᠢᠲᠠᠢ ᠡᠵᠡᠮᠳᠡᠬᠦ ᠪᠠᠷ ᠳᠠᠮᠵᠢᠭᠤᠯᠵᠤ᠂ ᠪᠦᠬᠦ | ᠲᠠᠯ᠎ᠠ ᠶᠢᠨ ᠠᠵᠢᠯ ᠢ ᠴᠢᠨᠠᠷ ᠰᠠᠶᠢᠲᠠᠢ ᠲᠥᠯᠥᠪᠵᠢᠭᠦᠯᠦᠨ ᠠᠬᠢᠭᠤᠯᠵᠤ᠂ ᠪᠦᠬᠦ ᠲᠣᠭᠤᠷᠢᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠦᠭᠵᠢᠭᠦᠯᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠶᠢ | ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠵᠤ | ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠴᠢᠨᠠᠷ | ᠰᠠᠶᠢᠲᠠᠢ ᠲᠦᠷᠦᠯ ᠵᠦᠢᠯ ᠢ ᠨᠥᠭᠡᠴᠡᠯᠡᠬᠦ ᠶᠢ ᠦᠷᠭᠦᠯᠵᠢᠯᠡᠨ ᠰᠦᠪᠡᠭᠴᠢᠯᠡᠬᠦ ᠶᠢᠨ ᠬᠠᠮᠲᠤ᠂ ᠠᠵᠤ ᠠᠬᠤᠶᠢᠯᠠᠯ ᠤᠨ | ᠪᠦᠷᠢᠳᠬᠡᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠤᠨ ᠵᠢᠯᠤᠭᠤᠳᠤᠯᠭ᠎ᠠ ᠪᠣᠯᠤᠨ ᠬᠢᠨᠠᠯᠲᠠ ᠶᠢ ᠨᠠᠷᠢᠨ | ᠬᠢᠨᠠᠮᠠᠭᠠᠢ ᠰᠠᠶᠢᠲᠤᠷ ᠬᠢᠵᠦ᠂ ︽ᠮᠥᠬᠦᠯᠢᠭ ᠢ ᠬᠥᠮᠥᠷᠭᠡ ᠳᠤ ᠣᠷᠣᠭᠤᠯᠬᠤ︾ ᠶᠢ ᠪᠠᠲᠤᠯᠠᠬᠤ ᠬᠡᠷᠡᠭᠲᠡᠢ᠃ ᠪᠥᠬᠦ | ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ ᠤᠷᠳᠤ ᠬᠤᠭᠤᠴᠠᠭᠠᠨ ᠤ ᠬᠦᠴᠦᠨ ᠪᠦᠬᠦᠢ | ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠤᠯᠠᠨ ᠡᠬᠢᠳᠤ ᠪᠣᠬᠢᠷᠲᠤᠯ ᠪᠠ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠦᠷᠦᠯ ᠬᠤᠪᠢᠶᠠᠨ ᠳᠦᠷᠦ ᠶᠢᠨ | ᠪᠤᠳᠤᠯᠭ᠎ᠠ ᠬᠡᠷᠡᠭᠵᠢᠭᠦᠯᠵᠦ᠂ ᠲᠤᠷᠰᠢᠯᠲᠠ ᠬᠢᠵᠦ ᠳᠦᠯᠬᠢᠨ ᠠᠬᠢᠭᠤᠯᠵᠤ᠂ ᠤᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠨᠢ ᠬᠤᠪᠢᠷᠠᠭᠤᠯᠤᠨ᠂ ᠬᠥᠳᠡᠭᠡ | ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ᠃ | ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠦᠨᠡᠨᠬᠦ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ ᠲᠦᠬᠦᠭᠡᠷᠦᠮᠵᠢᠲᠦ ᠲᠠᠷᠢᠶᠠᠯᠠᠩ ᠤᠨ | ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ | ᠪᠣᠬᠢᠷᠲᠤᠯ ᠦᠬᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ | ᠬᠥᠪᠴᠢ ᠶᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠱᠠᠲᠤᠨ ᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ | ᠴᠢᠨᠠᠭᠰᠢᠳᠠ ᠪᠠᠲᠤᠳᠬᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ | ᠭᠦᠨᠵᠡᠭᠡᠢ ᠲᠤᠤᠱᠯᠠᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ | ᠴᠢᠭᠯᠡᠭᠦᠯᠬᠦ ᠴᠢᠨᠠᠷᠲᠠᠢ ᠪᠠᠷ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠵᠤ᠂ ᠬᠦᠨᠳᠦ ᠶᠡᠭᠡ ᠣᠨᠴᠠ ᠶᠡᠭᠡ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠵᠦ᠂ ᠪᠦᠬᠦ ᠲᠣᠭᠤᠷᠢᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠬᠤᠢ᠂ ᠶᠠᠩ ᠸᠧᠨ ᠳ᠋ᠦᠩ᠂ ᠰᠢᠤᠢ ᠹᠸᠢ ᠶᠠᠨ᠂ ᠭᠦᠸᠧ | ᠮᠢᠩ ᠷᠦᠢ᠂ ᠯᠢ ᠰᠢᠶᠠᠨ ᠹᠦ᠋᠂ ᠴᠧᠨ ᠶᠠᠨ ᠶᠦᠩ᠂ ᠵᠤᠤ ᠱᠢ ᠴᠤᠤ ᠬᠤᠷᠠᠯ ᠳᠤ ᠣᠷᠣᠯᠴᠠᠪᠠ᠃ |