ᠵᠢᠶᠠᠩ ᠼᠦᠩ ᠡᠮᠡᠭᠲᠡᠢ ᠠᠵᠢᠯᠲᠠᠳ ᠢ ᠪᠣᠯᠭᠤᠭᠠᠨ ᠲᠣᠬᠤᠨᠢᠭᠤᠯᠵᠤ ᠪᠦᠬᠦ ᠲᠣᠭᠤᠷᠢᠭ ᠤᠨ ᠥᠷᠭᠡᠨ ᠤᠯᠠᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ
ᠨᠡᠶᠢᠲᠡᠯᠡᠭᠰᠡᠨ ᠴᠠᠭ᠄
2024/3/8
     114 ᠳ᠋ᠦ᠋ᠭᠡᠷ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ 5 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠡᠭᠲᠡᠢ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠢᠶᠠᠷ ᠳᠠᠮᠵᠢᠭᠤᠯᠤᠨ ᠪᠦᠬᠦ ᠲᠣᠭᠤᠷᠢᠭ ᠤᠨ ᠡᠯ᠎ᠡ ᠠᠵᠢᠯ ᠲᠦᠷᠦᠯ᠂ ᠡᠯ᠎ᠡ ᠹᠷᠣᠨᠲ ᠤᠨ ᠥᠷᠭᠡᠨ ᠤᠯᠠᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃
E:\20210708蒙古文网站工作\蒙古文网站工作\赤峰市松山区人民政府文件翻译\2微信公众号\2024年\37姜丛看望慰问妇女工作者 向全区广大妇女同胞致以节日的祝福\d5034beef62d20859babcd12a5a26a0d.jpg     
     ᠵᠢᠶᠠᠩ ᠼᠦᠩ ᠤᠷᠢᠳ ᠬᠤᠵᠢᠳ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ᠂ ᠲᠢᠶᠧ ᠳ᠋ᠦᠩ ᠵᠡᠭᠡᠯᠢ ᠭᠤᠳᠤᠮᠵᠢ ᠶᠢᠨ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ᠂ ᠰᠦᠩᠱᠠᠨ ᠲᠣᠭᠤᠷᠢᠭ ᠤᠨ ᠠᠷᠪᠠᠨ ᠳᠣᠯᠣᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠡᠮᠡᠭᠲᠡᠢ ᠡᠮᠨᠡᠯᠭᠡ ᠶᠢᠨ ᠠᠵᠢᠯᠳᠠᠨ᠂ ᠡᠮᠡᠭᠲᠡᠢ ᠨᠡᠶᠢᠭᠡᠮ ᠲᠣᠭᠤᠷᠢᠭ ᠤᠨ ᠺᠠᠳ᠋ᠷ᠂ ᠡᠮᠡᠭᠲᠡᠢ ᠪᠠᠭᠰᠢ ᠨᠠᠷ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ ᠲᠡᠳᠡᠨ ᠤ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃      ᠵᠢᠶᠠᠩ ᠼᠦᠩ ᠠᠴᠠ ᠥᠷᠭᠡᠨ ᠤᠯᠠᠨ ᠡᠮᠡᠭᠲᠡᠶᠢᠴᠦᠳ ᠰᠠᠶᠢᠨ ᠰᠠᠶᠢᠬᠠᠨ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠣᠳᠣᠬᠢᠴᠢᠯᠠᠭᠰᠠᠨ ᠰᠦᠩᠱᠠᠨ ᠤ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠵᠦ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠪᠡ᠃      ᠵᠢᠶᠠᠩ ᠼᠦᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠨᠠᠮ ᠤᠨ ᠡᠮᠡᠭᠲᠡᠶᠢᠴᠦᠳ ᠤᠨ ᠬᠠᠮᠲᠤᠯᠢᠭ ᠯᠤᠭ᠎ᠠ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠤᠨ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠵᠡᠨ ᠬᠥᠮᠦᠨ ᠤ ᠵᠣᠷᠢᠭ ᠰᠠᠨᠠᠭ᠎ᠠ ᠶᠢ ᠬᠥᠭᠵᠢᠭᠡᠵᠦ᠂ ᠡᠮᠡᠭᠲᠡᠶᠢᠴᠦᠳ ᠤᠨ ᠳᠣᠲᠣᠨᠣ ᠬᠥᠮᠦᠨ᠂ ᠲᠥᠷᠬᠦᠮ ᠤᠨ ᠬᠥᠮᠦᠨ ᠪᠣᠯᠬᠤ ᠪᠠᠷ ᠴᠢᠷᠮᠠᠶᠢᠵᠤ᠂ ᠡᠮᠡᠭᠲᠡᠶᠢᠴᠦᠳ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠵᠤ᠂ ᠰᠦᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠲᠣᠬᠤᠨᠢᠭᠤᠯᠤᠯᠲᠠ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号