114 ᠳ᠋ᠦ᠋ᠭᠡᠷ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ | 3 ᠰᠠᠷ᠎ᠠ ᠶᠢᠨ 5 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ | ᠼᠦᠩ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠡᠭᠲᠡᠢ ᠠᠵᠢᠯᠲᠠᠳ ᠢ ᠪᠣᠯᠭᠤᠭᠠᠨ ᠲᠣᠬᠤᠨᠢᠭᠤᠯᠵᠤ᠂ | ᠲᠡᠳᠡᠨ ᠢᠶᠠᠷ ᠳᠠᠮᠵᠢᠭᠤᠯᠤᠨ ᠪᠦᠬᠦ ᠲᠣᠭᠤᠷᠢᠭ ᠤᠨ ᠡᠯ᠎ᠡ ᠠᠵᠢᠯ ᠲᠦᠷᠦᠯ᠂ ᠡᠯ᠎ᠡ ᠹᠷᠣᠨᠲ ᠤᠨ ᠥᠷᠭᠡᠨ ᠤᠯᠠᠨ | ᠡᠮᠡᠭᠲᠡᠶᠢᠴᠦᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ | ᠵᠢᠶᠠᠩ ᠼᠦᠩ ᠤᠷᠢᠳ ᠬᠤᠵᠢᠳ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ᠂ ᠲᠢᠶᠧ ᠳ᠋ᠦᠩ | ᠵᠡᠭᠡᠯᠢ ᠭᠤᠳᠤᠮᠵᠢ ᠶᠢᠨ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ᠂ ᠰᠦᠩᠱᠠᠨ ᠲᠣᠭᠤᠷᠢᠭ ᠤᠨ ᠠᠷᠪᠠᠨ | ᠳᠣᠯᠣᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠡᠮᠡᠭᠲᠡᠢ ᠡᠮᠨᠡᠯᠭᠡ ᠶᠢᠨ ᠠᠵᠢᠯᠳᠠᠨ᠂ ᠡᠮᠡᠭᠲᠡᠢ ᠨᠡᠶᠢᠭᠡᠮ | ᠲᠣᠭᠤᠷᠢᠭ ᠤᠨ ᠺᠠᠳ᠋ᠷ᠂ ᠡᠮᠡᠭᠲᠡᠢ ᠪᠠᠭᠰᠢ ᠨᠠᠷ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ | ᠪᠠᠶᠢᠳᠠᠯ ᠢ ᠠᠰᠠᠭᠤᠨ ᠯᠠᠪᠯᠠᠵᠤ᠂ ᠲᠡᠳᠡᠨ ᠤ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ | ᠬᠦᠷᠭᠡᠪᠡ᠃ | ᠵᠢᠶᠠᠩ ᠼᠦᠩ ᠠᠴᠠ ᠥᠷᠭᠡᠨ ᠤᠯᠠᠨ ᠡᠮᠡᠭᠲᠡᠶᠢᠴᠦᠳ ᠰᠠᠶᠢᠨ ᠰᠠᠶᠢᠬᠠᠨ ᠰᠤᠷᠲᠠᠯ ᠢᠶᠠᠨ ᠦᠷᠭᠦᠯᠵᠢᠯᠡᠨ | ᠪᠠᠷᠢᠮᠲᠠᠯᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠣᠳᠣᠬᠢᠴᠢᠯᠠᠭᠰᠠᠨ ᠰᠦᠩᠱᠠᠨ ᠤ | ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠵᠦ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ | ᠬᠦᠰᠡᠪᠡ᠃ | ᠵᠢᠶᠠᠩ ᠼᠦᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ᠨᠢ ᠨᠠᠮ ᠤᠨ ᠡᠮᠡᠭᠲᠡᠶᠢᠴᠦᠳ ᠤᠨ ᠬᠠᠮᠲᠤᠯᠢᠭ ᠯᠤᠭ᠎ᠠ ᠬᠠᠷᠢᠯᠴᠠᠬᠤ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠤᠨ ᠲᠡᠦᠬᠡ ᠶᠢᠨ | ᠬᠠᠷᠢᠭᠤᠴᠠᠯᠭᠠᠲᠤ ᠰᠡᠳᠬᠢᠯᠭᠡ ᠪᠣᠯᠤᠨ ᠡᠵᠡᠨ ᠬᠥᠮᠦᠨ ᠤ ᠵᠣᠷᠢᠭ ᠰᠠᠨᠠᠭ᠎ᠠ ᠶᠢ ᠬᠥᠭᠵᠢᠭᠡᠵᠦ᠂ ᠡᠮᠡᠭᠲᠡᠶᠢᠴᠦᠳ ᠤᠨ | ᠳᠣᠲᠣᠨᠣ ᠬᠥᠮᠦᠨ᠂ ᠲᠥᠷᠬᠦᠮ ᠤᠨ ᠬᠥᠮᠦᠨ ᠪᠣᠯᠬᠤ ᠪᠠᠷ ᠴᠢᠷᠮᠠᠶᠢᠵᠤ᠂ ᠡᠮᠡᠭᠲᠡᠶᠢᠴᠦᠳ ᠤᠨ ᠬᠦᠴᠦᠨ ᠢ ᠨᠡᠩ | ᠰᠠᠶᠢᠲᠤᠷ ᠨᠢᠭᠲᠠᠷᠠᠭᠤᠯᠵᠤ᠂ ᠰᠦᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ | ᠬᠡᠷᠡᠭᠲᠡᠢ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠲᠣᠬᠤᠨᠢᠭᠤᠯᠤᠯᠲᠠ ᠳᠤ | ᠣᠷᠣᠯᠴᠠᠪᠠ᠃ |