ᠰᠦᠩᠱᠠᠨ ᠤ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠡᠯᠰᠡᠬᠦ ᠴᠤᠭᠯᠠᠭᠠᠨ ᠰᠦᠩᠱᠠᠨ ᠸᠠᠨ ᠳ᠋ᠠ ᠲᠠᠯᠠᠪᠠᠶ ᠳᠤ ᠡᠬᠢᠯᠡᠪᠡ
ᠨᠡᠶᠢᠲᠡᠯᠡᠭᠰᠡᠨ ᠴᠠᠭ᠄
2024/4/1
    3 ᠰᠠᠷ᠎ᠠ ᠶᠢᠨ 29 ᠤ ᠡᠳᠦᠷ ︽ᠠᠵᠢᠯ ᠢᠶᠠᠷ ᠢᠷᠡᠭᠡᠳᠦᠶ ᠶᠢ ᠬᠥᠲᠥᠯᠥᠨ ᠵᠢᠯᠤᠭᠤᠳᠴᠤ᠂ ᠠᠵᠢᠯ ᠣᠯᠭᠤᠯᠲᠠ ᠶᠢᠨ ᠠᠶᠠᠯᠠᠯ ᠡᠬᠢᠯᠡᠬᠦ︾ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠡᠯᠰᠡᠬᠦ ᠴᠤᠭᠯᠠᠭᠠᠨ ᠰᠦᠩᠱᠠᠨ ᠸᠠᠨ ᠳ᠋ᠠ ᠲᠠᠯᠠᠪᠠᠶ ᠳᠤ ᠡᠬᠢᠯᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠦᠯᠵᠢᠶᠡᠨ ᠭᠠᠳᠠᠨᠠᠬᠢ ᠪᠠ ᠰᠦᠯᠵᠢᠶᠡᠨ ᠳᠡᠭᠡᠷᠡᠬᠢ ᠬᠡᠯᠪᠡᠷᠢ ᠪᠠᠷ ᠶᠠᠪᠤᠭᠳᠠᠵᠤ᠂ ᠨᠡᠶᠢᠲᠡ 150 ᠭᠠᠷᠤᠶ ᠠᠵᠤ ᠠᠬᠤᠶᠢᠯᠠᠯ ᠬᠤᠷᠠᠯ ᠳᠤ ᠣᠷᠣᠯᠴᠠᠵᠤ᠂ ᠺᠣᠮᠫᠢᠦ᠋ᠲ᠋ᠧᠷ᠂ ᠢᠳᠡᠭᠡᠨ ᠤᠮᠳᠠᠭᠠᠨ ᠵᠤᠭ᠎ᠠ ᠴᠡᠩᠭᠡᠯ᠂ ᠰᠤᠷᠭᠠᠨ ᠬᠥᠮᠦᠵᠢᠯ ᠪᠣᠯᠪᠠᠰᠤᠷᠠᠭᠤᠯᠤᠯ᠂ ᠰᠢᠨ᠎ᠡ ᠡᠨᠧᠷᠭᠢ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠵᠡᠷᠭᠡ ᠣᠯᠠᠨ ᠠᠵᠢᠯ ᠲᠥᠷᠥᠯ ᠤᠨ ᠬᠦᠷᠢᠶ᠎ᠡ ᠶᠢ ᠬᠠᠮᠤᠷᠴᠤ᠂ ᠰᠢᠨ᠎ᠡ ᠵᠠᠭᠤᠴᠢᠯᠠᠭᠤᠷ᠂ ᠵᠢᠷᠤᠭ ᠲᠥᠯᠥᠪᠯᠡᠭᠡ᠂ ᠦᠢᠯᠡᠳᠪᠦᠷᠢᠯᠡᠯ ᠦᠢᠯᠡᠳᠬᠦ᠂ ᠳᠡᠭᠡᠳᠦ ᠰᠢᠨ᠎ᠡ ᠮᠡᠷᠭᠡᠵᠢᠯ ᠤᠨ ᠰᠤᠳᠤᠯᠤᠨ ᠨᠡᠭᠡᠭᠡᠬᠦ ᠵᠡᠷᠭᠡ 3000 ᠭᠠᠷᠤᠶ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠥᠩᠭᠡᠷᠡᠭᠰᠡᠨ ᠬᠤᠭᠤᠴᠠᠭᠠᠨ ᠤ ᠠᠵᠢᠯᠲᠠᠨ ᠡᠯᠰᠡᠬᠦ ᠴᠤᠭᠯᠠᠭᠠᠨ ᠲᠠᠢ ᠬᠠᠷᠢᠴᠠᠭᠤᠯᠪᠠᠯ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠬᠦ ᠦᠢᠯᠡᠰ᠂ ᠡᠯᠧᠺᠲᠷᠣᠨ ᠮᠡᠳᠡᠭᠡ ᠵᠠᠩᠭᠢ ᠵᠡᠷᠭᠡ ᠬᠦᠷᠢᠶᠡᠨ ᠳᠠᠬᠢ ᠠᠵᠢᠯ ᠤᠨ ᠪᠠᠶᠢᠷᠢ ᠨᠡᠮᠡᠭᠳᠡᠭᠰᠡᠨ ᠪᠥᠭᠡᠳ ᠡᠯ᠎ᠡ ᠲᠥᠷᠥᠯ ᠤᠨ ᠨᠠᠷᠢᠯᠢᠭ ᠣᠨᠣᠴᠠᠲᠠᠶ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠤᠭᠤᠷᠣᠨᠳᠣᠬᠢ ᠴᠢᠨᠠᠷ ᠰᠠᠶᠢᠲᠠᠶ ᠴᠢᠳᠠᠪᠤᠷᠢᠲᠠᠨ ᠢ ᠬᠦᠷᠭᠡᠬᠦ ᠳᠤ ᠠᠰᠢᠭᠲᠠᠶ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠤᠯᠭᠠᠭᠤᠷᠢᠯᠠᠭᠰᠠᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号