ᠰᠦᠩᠱᠠᠨ ᠲᠣᠭᠤᠷᠢᠭ ᠤᠨ ᠬᠤᠶᠠᠷ ᠠᠵᠤ ᠠᠬᠤᠶᠢᠯᠠᠯ 2023 ᠣᠨ ᠤ ᠪᠥᠬᠦ ᠣᠷᠣᠨ ᠤ ᠤᠷᠢᠳᠴᠢᠯᠠᠨ ᠬᠢᠭᠰᠡᠨ ᠨᠣᠭᠤᠭ᠎ᠠ ᠶᠢᠨ ᠵᠠᠮᠴᠢ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ᠂ ᠤᠨᠴᠠᠯᠢᠬᠳᠤ ᠨᠠᠷᠠᠲᠤ ᠲᠡᠮᠳᠡᠭᠲᠦ ᠶᠢᠨ ᠰᠢᠯᠢᠳᠡᠭ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2024/4/12
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠠᠯᠪᠠᠨ ᠤ ᠰᠦᠯᠵᠢᠶ᠎ᠡ 2023 ᠣᠨ ᠤ ᠪᠥᠬᠦ ᠣᠷᠣᠨ ᠤ ᠤᠷᠢᠳᠴᠢᠯᠠᠨ ᠬᠢᠭᠰᠡᠨ ᠨᠣᠭᠤᠭ᠎ᠠ ᠶᠢᠨ ᠵᠠᠮᠴᠢ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ᠂ ᠤᠨᠴᠠᠯᠢᠬᠳᠤ ᠨᠠᠷᠠᠲᠤ ᠲᠡᠮᠳᠡᠭᠲᠦ ᠶᠢᠨ ᠰᠢᠯᠢᠳᠡᠭ ᠠᠵᠤ ᠠᠬᠤᠶᠢᠯᠠᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠪᠥᠬᠦ ᠣᠷᠣᠨ ᠳᠤ ᠨᠡᠶᠢᠲᠡ 30 ᠰᠢᠯᠢᠳᠡᠭ ᠠᠵᠤ ᠠᠬᠤᠶᠢᠯᠠᠯ ᠢ ᠰᠢᠯᠭᠠᠷᠠᠭᠤᠯᠪᠠ᠂ ᠰᠦᠩᠱᠠᠨ ᠲᠣᠭᠤᠷᠢᠭ ᠤᠨ ᠬᠤᠶᠠᠷ ᠠᠵᠤ ᠠᠬᠤᠶᠢᠯᠠᠯ — ᠤᠯᠠᠭᠠᠨᠬᠠᠳᠠ ᠬᠤᠲᠠ ᠶᠢᠨ ᠭᠥᠸᠧ ᠮᠢᠨ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠠᠨ ᠲᠠᠩ ᠢᠳᠡᠭᠡᠨ ᠤ ᠬᠢᠵᠠᠭᠠᠷᠲᠤ ᠺᠣᠮᠫᠠᠨᠢ ᠵᠢᠭᠰᠠᠭᠠᠭᠳᠠᠪᠠ᠃    ᠰᠦᠩᠱᠠᠨ ᠲᠣᠭᠤᠷᠢᠭ ᠤᠨ ᠰᠢᠶᠠ ᠵᠢᠶᠠ ᠳ᠋ᠢᠶᠠᠨ ᠰᠢᠶᠠᠩ ᠳᠤ ᠪᠠᠶᠢᠭ᠎ᠠ ᠤᠯᠠᠭᠠᠨᠬᠠᠳᠠ ᠬᠤᠳᠠ ᠶᠢᠨ ᠭᠥᠸᠧ ᠮᠢᠨ ᠢᠳᠡᠭᠡᠨ ᠤ ᠬᠢᠵᠠᠭᠠᠷᠲᠤ ᠺᠣᠮᠫᠠᠨᠢ ᠪᠣᠯ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠪᠣᠷᠣᠯᠠᠭᠤᠯᠭ᠎ᠠ ᠶᠢ ᠨᠢᠭᠡ ᠴᠤᠬᠴᠠᠵᠢᠭᠤᠯᠤᠬᠰᠠᠨ ᠰᠢᠨ᠎ᠡ ᠬᠡᠯᠪᠡᠷᠢ ᠶᠢᠨ ᠮᠦᠭᠦ ᠶᠢᠨ ᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ᠎ᠠ᠃ ᠭᠤᠤᠯ ᠡᠵᠡᠩᠨᠡᠯᠲᠡ ᠶᠢᠨ ᠪᠦᠲᠦᠭᠡᠭᠳᠡᠬᠦᠨ ︽ᠲᠠᠯ᠎ᠠ ᠨᠤᠲᠤᠭ ᠤᠨ ᠴᠠᠭᠠᠨ ᠮᠥᠭᠦ ᠶᠢᠨ ᠵᠢᠶᠠᠩ︾ ︽ᠲᠠᠯ᠎ᠠ ᠨᠤᠲᠤᠭ ᠤᠨ ᠬᠡᠭᠡᠷ᠎ᠡ ᠶᠢᠨ ᠭᠤᠭᠤᠳ ᠤᠨ ᠵᠢᠶᠠᠩ︾ ᠪᠣᠯ ᠡᠯ᠎ᠡ ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠠᠯᠠᠮᠰᠢᠯ ᠤᠨ ᠦᠢᠯᠡᠳᠬᠦᠨ ᠪᠠᠶᠢᠵᠤ᠂ ᠪᠥᠬᠦ ᠤᠯᠤᠰ ᠤᠨ 300 ᠭᠠᠷᠤᠶ ᠭᠠᠵᠠᠷ ᠣᠷᠣᠨ ᠳᠤ ᠪᠣᠷᠣᠯᠠᠭᠤᠯᠤᠭᠳᠠᠵᠤ᠂ ᠥᠷᠭᠡᠨ ᠣᠯᠠᠨ ᠬᠡᠷᠡᠭᠯᠡᠭᠴᠢᠳ ᠤᠨ ᠬᠦᠷᠢᠶᠡᠯᠡᠯ ᠢ ᠣᠯᠵᠤ ᠪᠠᠶᠢᠨ᠎ᠠ᠃    ᠰᠦᠩᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠳᠠᠭ ᠥᠪᠥᠷ ᠮᠣᠩᠭᠤᠯ ᠤᠨ ᠲᠠᠯ᠎ᠠ ᠨᠤᠲᠤᠭ ᠤᠨ ᠬᠠᠨ ᠲᠠᠩ ᠢᠳᠡᠭᠡᠨ ᠤ ᠬᠢᠵᠠᠭᠠᠷᠲᠤ ᠺᠣᠮᠫᠠᠨᠢ ᠳᠤ᠂ 6000 ᠲᠡᠭᠰᠢ ᠳᠥᠷᠪᠡᠯᠵᠢᠨ ᠮᠧᠲᠷ ᠤᠨ ᠤᠯᠠᠭᠠᠨᠬᠠᠳᠠ ᠶᠢᠨ ᠬᠠᠪᠴᠢᠮᠠᠯ ᠪᠤᠤᠪᠤ ᠶᠢᠨ ᠲᠤᠰᠬᠠᠢ ᠮᠡᠷᠭᠡᠵᠢᠯ ᠤᠨ ᠰᠤᠳᠤᠯᠭᠠᠨ ᠤ ᠲᠥᠪ ᠪᠠ ᠪᠠᠺᠲ᠋ᠧᠷᠢ ᠦᠭᠡᠢ ᠦᠢᠯᠡᠳᠪᠦᠷᠢᠯᠡᠯ ᠤᠨ ᠲᠠᠰᠤᠭ ᠲᠠᠢ᠂ ᠡᠳᠦᠷ ᠲᠤ 10 ᠲᠦᠮᠡᠨ ᠬᠠᠪᠴᠢᠮᠠᠯ ᠪᠤᠤᠪᠤ ᠶᠢᠨ ᠦᠢᠯᠡᠳᠪᠦᠷᠢᠯᠡᠯ᠂ 3 ᠲᠣᠨ ᠤᠲᠤᠮᠠᠯ ᠮᠢᠬᠠᠨ ᠤ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠲᠠᠢ᠃ ᠺᠣᠮᠫᠠᠨᠢ ᠶᠢᠨ ︽ᠤᠯᠠᠭᠠᠨᠬᠠᠳᠠ ᠶᠢᠨ ᠬᠠᠪᠴᠢᠮᠠᠯ ᠪᠤᠤᠪᠤ ᠦᠢᠯᠡᠳᠬᠦ ᠤᠷ᠎ᠠ ᠮᠡᠷᠭᠡᠵᠢᠯ︾ ᠨᠢ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号