ᠣᠯᠠᠨ ᠲᠠᠯ᠎ᠠ ᠶᠢᠨ ᠬᠢᠨ ᠬᠦᠳᠡᠯᠦᠯᠴᠡᠵᠦ ᠣᠷᠳᠣ ᠴᠠᠭᠠᠨ ᠬᠡᠷᠡᠮ ᠢ ᠰᠠᠬᠢᠨ ᠬᠠᠮᠠᠭᠠᠯᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/12
    ᠣᠶᠢᠷ᠎ᠠ ᠳᠤ᠂ ᠰᠦᠩᠱᠠᠨ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠂ ᠪᠠᠶᠢᠴᠠᠭᠠᠬᠤ ᠬᠤᠷᠢᠶ᠎ᠠ ᠴᠧᠩᠳᠧ ᠬᠤᠲᠠ ᠶᠢᠨ ᠸᠧᠶ ᠴᠠᠩ ᠰᠢᠶᠠᠨ ᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠥᠪᠥᠷ ᠮᠣᠩᠭᠤᠯ ᠾᠧᠪᠸᠢ ᠶᠢᠨ ᠠᠭᠤᠯᠵᠠᠷ ᠭᠠᠵᠠᠷ ᠤᠨ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ —  ᠠᠯᠲᠠᠨ ᠬᠢᠯᠢ ᠶᠢᠨ ᠭᠤᠤ ᠶᠢᠨ ᠪᠠᠭᠤᠷᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠭᠤᠷᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠶ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠪᠡ᠃    ᠬᠠᠮᠲᠤᠷᠠᠨ ᠪᠠᠶᠢᠴᠠᠭᠠᠬᠤ ᠳᠤᠭᠤᠶᠢᠯᠠᠩ ᠠᠯᠲᠠᠨ ᠬᠢᠯᠢ ᠶᠢᠨ ᠭᠤᠤ ᠶᠢᠨ ᠪᠠᠭᠤᠷᠢ ᠶᠢ ᠳᠠᠭᠠᠵᠤ ᠵᠡᠭᠦᠨ ᠠᠴᠠ ᠪᠠᠷᠠᠭᠤᠨᠰᠢ ᠲᠤᠬᠠᠶ ᠶᠢᠨ ᠭᠠᠵᠠᠷ ᠲᠤᠨᠢ ᠪᠠᠭᠤᠷᠢ ᠶᠢᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠣᠰ ᠤᠳᠠᠭᠠᠨ ᠤ ᠪᠠᠶᠢᠴᠠᠭᠠᠯᠲᠠ ᠶᠢᠨ ᠭᠠᠵᠠᠷ ᠨᠢ ᠡᠯ ᠯᠦᠩ ᠺᠦ᠋ ᠪᠣᠯᠤᠨ ᠸᠧᠶ ᠴᠠᠩ ᠤᠨ ᠠᠭᠤᠯᠵᠠᠷ ᠲᠤ ᠪᠠᠶᠢᠷᠢᠯᠠᠵᠤ᠂ ᠰᠢᠷᠣᠶ ᠴᠢᠯᠠᠭᠤ ᠶᠢ ᠬᠤᠯᠢᠯᠳᠤᠭᠤᠯᠤᠨ ᠪᠠᠷᠢᠭᠰᠠᠨ ᠪᠠᠷᠢᠯᠭ᠎ᠠ ᠶᠢᠨ ᠪᠠᠭᠤᠷᠢ ᠪᠠᠶᠢᠵᠤ᠂ ᠰᠢᠷᠣᠶ ᠶᠢᠨ ᠬᠡᠯᠬᠢᠶ᠎ᠡ ᠶᠢᠨ ᠬᠡᠯᠪᠡᠷᠢ ᠲᠠᠢ ᠪᠠᠶᠢᠵᠤ᠂ ᠪᠠᠷᠠᠭᠤᠨᠰᠢ ᠪᠠᠨ ᠾᠧᠪᠸᠢ ᠮᠤᠵᠢ ᠶᠢᠨ ᠸᠧᠶ ᠴᠠᠩ ᠤᠨ ᠬᠢᠯᠢ ᠳᠤ ᠤᠷᠤᠭᠰᠠᠨ ᠪᠠᠶᠢᠨ᠎ᠠ᠃ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠸᠧᠶ ᠴᠠᠩ ᠰᠢᠶᠠᠨ ᠤ ᠪᠠᠶᠢᠴᠠᠭᠠᠬᠤ ᠬᠤᠷᠢᠶ᠎ᠠ ᠪᠣᠯᠤᠨ ᠰᠦᠩᠱᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠤᠷᠲᠤ ᠴᠠᠭᠠᠨ ᠬᠡᠷᠡᠮ ᠤᠨ ᠪᠠᠭᠤᠷᠢ ᠶᠢᠨ ᠣᠳᠣᠬᠢ ᠪᠠᠶᠢᠳᠠᠯ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠢᠴᠢ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠭ᠎ᠠ ᠵᠡᠷᠭᠡ ᠠᠰᠠᠭᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠡᠭᠦᠨ ᠤ ᠬᠠᠮᠲᠤ ︽ᠣᠷᠣᠨ ᠪᠦᠰᠡ ᠠᠯᠤᠰᠯᠠᠭᠰᠠᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ︽ᠨᠠᠮ ᠤᠨ ᠪᠠᠶᠢᠭᠤᠯᠤᠯᠲᠠ ᠬᠠᠮᠲᠤ ᠪᠠᠷ ᠪᠠᠶᠢᠭᠤᠯᠬᠤ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠬᠠᠮᠲᠤ ᠪᠠᠷ ᠭᠠᠷ ᠤᠨ ᠥᠰᠥᠭ ᠵᠢᠷᠤᠵᠤ᠂ ᠬᠤᠶᠠᠷ ᠭᠠᠵᠠᠷ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ᠂ ᠣᠷᠣᠨ ᠪᠦᠰᠡ ᠠᠯᠤᠰᠯᠠᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠥᠪ ᠤᠨ ᠬᠠᠮᠠᠭᠠᠯᠠᠯᠲᠠ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠳᠤ ᠨᠠᠩ ᠪᠥᠬᠦ ᠲᠠᠯ᠎ᠠ ᠶᠢᠨ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃    ᠠᠯᠲᠠᠨ ᠬᠢᠯᠢ ᠶᠢᠨ ᠭᠤᠤ ᠶᠢᠨ ᠪᠠᠭᠤᠷᠢ ᠶᠢ ᠪᠠᠰᠠ ︽ᠠᠯᠲᠠᠨ ᠣᠷᠳᠣ ᠴᠠᠭᠠᠨ ᠬᠡᠷᠡᠮ︾ ︽ᠠᠯᠲᠠᠨ ᠬᠢᠯᠢ ᠶᠢᠨ ᠪᠠᠬᠢᠯᠡᠯᠲᠡ︾ ᠭᠡᠳᠡᠭ᠂ ᠶᠡᠷᠦ ᠳᠡᠭᠡᠨ ︽ᠴᠢᠩᠭᠢᠰ ᠬᠠᠭᠠᠨ ᠤ ᠬᠢᠯᠢ ᠶᠢᠨ ᠬᠡᠷᠡᠮ︾ ᠭᠡᠳᠡᠭ᠂ ᠶᠢᠨ ᠵᠠᠩ ᠽᠦᠩ ᠮᠢᠩ ᠴᠠᠩ᠂ ᠴᠧᠩ ᠠᠨ ᠤ ᠦᠶ᠎ᠡ ᠳᠤ ᠪᠠᠶᠢᠭᠤᠯᠤᠭᠰᠠᠨ ᠶᠤᠮ᠂ ᠲᠡᠤᠬᠡᠨ ᠳᠤ ︽ᠮᠢᠩ ᠴᠠᠩ ᠬᠢᠯᠢ ᠶᠢᠨ ᠭᠤᠤ︾ ᠭᠡᠳᠡᠭ ᠂ ᠡᠨᠡ ᠨᠢ ᠮᠣᠩᠭᠤᠯ ᠮᠣᠷᠢᠲᠤ ᠴᠡᠷᠢᠭ ᠤᠨ ᠲᠦᠷᠢᠮᠡᠬᠡᠶᠢᠯᠡᠯ ᠢ ᠬᠤᠷᠢᠭᠯᠠᠬᠤ ᠶᠢᠨ ᠲᠥᠯᠥᠭᠡ ᠲᠠᠯ᠎ᠠ ᠨᠤᠲᠤᠭ ᠲᠤ ᠪᠠᠶᠢᠭᠤᠯᠤᠭᠰᠠᠨ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠢᠨᠵᠧᠨᠧᠷᠢᠩ ᠪᠣᠯᠤᠨ᠎ᠠ᠃ ᠰᠦᠩᠱᠠᠨ ᠲᠣᠭᠤᠷᠢᠭ ᠤᠨ ᠬᠢᠯᠢ ᠳᠣᠲᠣᠷ᠎ᠠ ᠦᠯᠡᠳᠡᠭᠳᠡᠵᠦ ᠪᠠᠶᠢᠭ᠎ᠠ ᠪᠠᠭᠤᠷᠢ ᠨᠢ ᠠᠯᠲᠠᠨ ᠬᠢᠯᠢ ᠶᠢᠨ ᠭᠤᠤ ᠶᠢᠨ ᠭᠤᠣᠯ ᠱᠤᠭᠤᠮ ᠤᠨ ᠨᠢᠭᠡ ᠬᠡᠰᠡᠭ ᠪᠠᠶᠢᠵᠤ᠂ ᠪᠦᠬᠦ ᠣᠷᠳᠣ ᠨᠢ ᠪᠠᠷᠤᠭ 24 ᠺᠢᠯᠣᠮᠧᠲᠷ ᠪᠠᠶᠢᠳᠠᠭ᠃ ᠠᠯᠲᠠᠨ ᠬᠢᠯᠢ ᠶᠢᠨ ᠭᠤᠤ ᠶᠢᠨ ᠪᠠᠭᠤᠷᠢ ᠶᠢ 2001 ᠣᠨ ᠤ 6 ᠰᠠᠷ᠎ᠠ ᠶᠢᠨ 25 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠠᠪᠤᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠪᠠᠷ ᠨᠡᠶᠢᠲᠡᠯᠡᠪᠡ᠃    ᠤᠢᠢᠷ᠎ᠠ ᠶᠢᠨ ᠵᠢᠯ ᠳᠤ᠂ ᠰᠦᠩᠱᠠᠨ ᠲᠣᠭᠤᠷᠢᠭ ᠪᠠᠭᠤᠷᠢ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠳᠤ ᠴᠠᠭᠠᠨ ᠬᠡᠷᠡᠮ ᠤᠨ ᠪᠠᠭᠤᠷᠢ ᠳᠤ 5 ᠬᠠᠮᠠᠭᠠᠯᠠᠯᠲᠠ ᠶᠢᠨ ᠲᠡᠮᠳᠡᠭ ᠬᠦᠰᠢᠶ᠎ᠡ ᠪᠤᠰᠬᠠᠵᠤ᠂ ᠬᠠᠷᠢᠴᠠᠩᠭᠤᠢ ᠪᠠᠷ ᠪᠦᠷᠢᠨ ᠪᠦᠲᠦᠨ ᠬᠠᠳᠠᠭᠠᠯᠠᠵᠤ ᠪᠠᠶᠢᠭ᠎ᠠ ᠬᠢᠯᠢ ᠶᠢᠨ ᠭᠤᠤ ᠶᠢᠨ ᠬᠤᠶᠠᠷ ᠲᠠᠯ᠎ᠠ ᠳᠤ 54 ᠬᠢᠯᠢ ᠶᠢᠨ ᠪᠠᠭᠠᠨ᠎ᠠ᠂ 6 ᠤᠷᠳᠤ ᠴᠠᠭᠠᠨ ᠬᠡᠷᠡᠮ ᠤᠨ ᠤᠬᠠᠭᠤᠯᠭ᠎ᠠ ᠶᠢᠨ ᠲᠣᠳᠣᠷᠬᠠᠶᠢᠯᠠᠯᠲᠠ ᠶᠢᠨ ᠫᠠᠶᠢᠰᠠ ᠵᠢᠴᠢ 1 ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭᠠᠲᠠᠨ ᠤ ᠢᠯᠡ ᠨᠡᠶᠢᠲᠡᠯᠡᠬᠦ ᠫᠠᠶᠢᠰᠠ ᠪᠤᠰᠬᠠᠪᠠ︔ ︽ᠪᠦᠬᠦᠯᠢ ᠴᠣᠭᠴᠠ ᠪᠠᠷ ᠬᠠᠮᠠᠭᠠᠯᠠᠵᠤ᠂ ᠬᠡᠰᠡᠭ ᠬᠤᠪᠢᠶᠠᠨ ᠬᠠᠮᠢᠶᠠᠷᠬᠤ︾ ᠵᠠᠷᠴᠢᠮ ᠢ ᠢᠳᠡᠪᠬᠢᠲᠡᠶ ᠲᠤᠤᠱᠯᠠᠭᠤᠯᠤᠨ᠂ ᠬᠠᠮᠢᠶ᠎ᠠ ᠪᠥᠬᠦᠶ ᠰᠢᠶᠠᠩ ᠪᠠᠯᠭᠠᠰᠤ ᠯᠤᠭ᠎ᠠ ᠵᠢᠯ ᠪᠦᠷᠢ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠠᠯᠲᠠᠨ ᠬᠢᠯᠢ ᠶᠢᠨ ᠭᠤᠤ ᠶᠢᠨ ᠣᠷᠳᠣ ᠴᠠᠭᠠᠨ ᠬᠡᠷᠡᠮ ᠤᠨ 4 ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠭᠴᠢ ᠶᠢ ᠤᠷᠢᠨ ᠲᠤᠮᠢᠯᠠᠪᠠ︔ ︽ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠦᠷᠢᠮ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠪᠠᠭᠤᠷᠢ ᠶᠢ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠶᠢ ᠴᠢᠩᠭᠠᠳᠬᠠᠪᠠ᠃    ᠬᠠᠮᠠᠭᠠᠯᠠᠯᠲᠠ ᠶᠢ ᠴᠢᠩᠭᠠᠳᠬᠠᠬᠤ ᠶᠢᠨ ᠬᠠᠮᠲᠤ᠂ ᠰᠦᠩᠱᠠᠨ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠢᠨ ᠳ᠋ᠠᠢ ᠹᠦ᠋ ᠶᠢᠩᠽᠢ ᠰᠢᠶᠠᠩ᠂ ᠲᠠᠢ ᠫᠢᠩ ᠳ᠋ᠢ ᠪᠠᠯᠭᠠᠰᠤ ᠪᠣᠯᠤᠨ ᠰᠢᠶᠠ ᠵᠢᠶᠠ ᠳ᠋ᠢᠶᠠᠨ ᠰᠢᠶᠠᠩ ᠵᠡᠷᠭᠡ ᠰᠢᠶᠠᠩ ᠪᠠᠯᠭᠠᠰᠤ ᠲᠠᠢ ᠬᠤᠯᠪᠣᠭᠠᠯᠠᠨ ᠤᠬᠠᠭᠤᠯᠵᠤ ᠬᠥᠲᠥᠯᠦᠨ ᠵᠢᠯᠣᠭᠤᠳᠬᠤ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠣᠷᠳᠣ ᠴᠠᠭᠠᠨ ᠬᠡᠷᠡᠮ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢ ᠥᠷᠭᠡᠨ ᠣᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号