4 ᠰᠠᠷ᠎ᠠ ᠶᠢᠨ 18 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ 2024 ᠣᠨ ᠤ ︽ᠱᠠᠯᠢᠭ ᠵᠠᠪᠬᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠵᠢᠴᠢ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠪᠦᠬᠦ ᠬᠤᠳᠠ ᠶᠢᠨ ︽ | ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠣᠭᠤᠷᠢᠭ ᠤᠨ 2023 ᠣᠨ ᠤ ︽ᠱᠠᠯᠢᠭ | ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠳ᠋ᠦᠩᠨᠡᠵᠦ᠂ | 2024 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ︽ᠱᠠᠯᠢᠭ ᠵᠠᠪᠠᠭ᠋ᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠰᠦᠩ ᠳ᠋ᠡ ᠹᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠤ ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ | ᠴᠢᠭᠯᠡᠭᠦᠯᠤᠯᠳᠤ ᠴᠢᠨᠠᠷ ᠪᠣᠯᠤᠨ ᠪᠦᠳᠤᠮᠵᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠲᠠᠢ ᠬᠦᠷᠢᠶ᠎ᠡ | ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ | ᠭᠠᠳᠠᠭᠤᠷᠬᠢ ᠬᠤᠣᠷ ᠬᠥᠨᠥᠭᠡᠯ ᠲᠠᠢ ᠬᠡᠪᠯᠡᠨ ᠲᠠᠷᠬᠠᠭᠠᠬᠤ ᠠᠵᠢᠯᠯᠠᠭ᠎ᠠ ᠪᠣᠯᠤᠨ ᠱᠠᠯᠢᠭ ᠵᠠᠪᠬᠠᠢ ᠵᠦᠢᠯ ᠪᠠ ᠬᠠᠤᠯᠢ | ᠪᠤᠰᠤ ᠬᠡᠪᠯᠡᠭᠳᠡᠬᠦᠨ ᠳᠤ ᠬᠤᠯᠪᠣᠭᠳᠠᠭᠰᠠᠨ ᠲᠤᠪᠤᠶᠢᠮ᠎ᠠ ᠠᠰᠠᠭᠤᠳᠠᠯ ᠳᠤ ᠬᠦᠴᠦ ᠪᠠᠨ ᠲᠥᠪᠯᠡᠷᠡᠭᠦᠯᠦᠨ ᠴᠣᠬᠢᠯᠲᠠ | ᠥᠭᠴᠦ᠂ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠢ︔ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠲᠣᠭᠲᠠᠴᠠ ᠪᠣᠯᠤᠨ ᠵᠠᠰᠠᠯᠲᠠ ᠶᠢᠨ ᠰᠢᠰᠲ᠋ᠧᠮ ᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠡᠮᠡᠴᠡᠯ ᠤᠨ ᠴᠢᠳᠠᠪᠤᠷᠢ ᠪᠠᠨ | ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠬᠠᠮᠵᠢᠯᠴᠠᠨ ᠬᠠᠮᠲᠤᠷᠠᠯᠴᠠᠬᠤ ᠶᠢ | ᠴᠢᠩᠭᠠᠳᠬᠠᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠲᠠᠶᠢᠴᠢᠨ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠰᠦᠩᠱᠠᠨ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ |