ᠮᠠᠨ ᠤ ᠬᠤᠲᠠ ᠶᠢᠨ 2024 ᠣᠨ ᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠦᠢᠯᠡᠳᠦᠯᠭᠡᠵᠢᠭᠦᠯᠬᠦ ᠵᠢᠴᠢ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠰᠦᠩᠱᠠᠨ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/4/19
    4 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠶᠢᠨ 2024 ᠣᠨ ᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠦᠢᠯᠡᠳᠦᠯᠭᠡᠵᠢᠭᠦᠯᠬᠦ ᠵᠢᠴᠢ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠰᠦᠩᠱᠠᠨ ᠲᠣᠭᠤᠷᠢᠭ ᠲᠤ ᠶᠠᠪᠤᠭᠳᠠᠪᠠ᠃ ᠬᠤᠲᠠ ᠶᠢᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠭᠦᠸᠧ ᠽᠢ ᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠦ ᠰᠢᠶᠤᠤ ᠯᠸᠢ ᠠᠵᠢᠯᠯᠠᠭ᠎ᠠ ᠳᠤ ᠤᠷᠤᠯᠴᠠᠪᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠬᠠᠤᠯᠢ᠂ ᠨᠢᠭᠤᠴᠠ ᠶᠢ ᠬᠠᠮᠠᠭᠠᠯᠠᠬᠤ ᠬᠠᠤᠯᠢ ᠪᠠ ᠨᠢᠭᠤᠴᠠ ᠨᠣᠮᠧᠷ ᠤᠨ ᠬᠠᠤᠯᠢ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠨᠢᠭᠤᠴᠠ ᠶᠢ ᠬᠠᠮᠠᠭᠠᠯᠠᠬᠤ ᠶᠢ ᠬᠥᠮᠦᠨ ᠪᠦᠬᠦᠨ ᠮᠡᠳᠡᠬᠦ᠂ ᠨᠢᠭᠤᠴᠠ ᠶᠢ ᠬᠠᠮᠠᠭᠠᠯᠠᠬᠤ ᠶᠢ ᠬᠥᠮᠦᠨ ᠪᠦᠬᠦᠨ ᠤᠶᠢᠯᠠᠭᠠᠬᠤ᠂ ᠨᠢᠭᠤᠴᠠ ᠶᠢ ᠬᠠᠮᠠᠭᠠᠯᠠᠬᠤ ᠶᠢ ᠬᠥᠮᠦᠨ ᠪᠦᠬᠦᠨ ᠴᠢᠳᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号