4 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ | ᠠᠵᠢᠯ ᠤᠨ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠢᠨ ᠭᠦᠸᠧ ᠬᠤᠶ ᠪᠠᠶᠢᠴᠠᠭᠠᠨ | ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠳᠠᠬᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ︵ᠵᠠᠰᠠᠪᠤᠷᠢ ᠣᠷᠣᠭᠤᠯᠤᠭᠰᠠᠨ ᠲᠥᠰᠦᠯ︶ ᠶᠢᠨ ᠬᠠᠤᠯᠢ | ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠪᠠ᠃ ᠬᠤᠲᠠ᠂ ᠲᠣᠭᠤᠷᠢᠭ ᠤᠨ ᠤᠳᠤᠷᠢᠳᠤᠯᠭ᠎ᠠ ᠭᠤᠤ ᠰᠢ ᠬᠤᠸᠠ᠂ | ᠶᠤᠸᠠᠨ ᠴᠦᠨ ᠯᠢ᠂ ᠭᠦᠸᠧ ᠮᠢᠩ ᠷᠦᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ | ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠠᠷᠭ᠎ᠠ︾ ︵ᠵᠠᠰᠠᠪᠤᠷᠢ ᠣᠷᠣᠭᠤᠯᠤᠭᠰᠠᠨ ᠲᠥᠰᠦᠯ︶ ᠳᠤ ᠴᠢᠭᠯᠡᠭᠦᠯᠦᠨ ᠰᠠᠨᠠᠯ ᠰᠠᠨᠠᠭᠤᠯᠭ᠎ᠠ | ᠬᠤᠷᠢᠶᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠣᠷᠣᠨ ᠨᠤᠲᠤᠭ ᠤᠨ | ᠵᠠᠰᠠᠭ ᠤᠨ ᠣᠷᠳᠣᠨ ᠪᠠ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠤᠯᠭ᠎ᠠ ᠨᠤᠭᠤᠳ ᠵᠠᠰᠠᠭ ᠵᠠᠬᠢᠷᠭᠠᠨ ᠤ ᠳᠠᠬᠢᠨ | ᠵᠥᠪᠯᠡᠬᠦ ᠳᠤ ᠬᠢᠨᠠᠯᠲᠠ ᠲᠠᠯᠪᠢᠵᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠣᠯᠠᠨ ᠲᠦᠮᠡᠨ ᠪᠠ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ | ᠠᠷᠢᠯᠭᠠᠬᠤ ᠵᠡᠷᠭᠡ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠰᠠᠶᠢᠲᠤᠷ ᠭᠦᠢᠴᠡᠳᠬᠡᠵᠦ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ | ᠬᠡᠷᠡᠭᠲᠡᠶ᠃ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠲᠠᠯᠪᠢᠬᠤ ᠦᠢᠯᠡᠳᠦᠯ | ᠴᠢᠳᠠᠪᠤᠷᠢ ᠪᠠᠨ ᠪᠠᠬᠢᠵᠢᠭᠦᠯᠦᠨ᠂ ᠵᠠᠰᠠᠭ ᠵᠠᠬᠢᠷᠭᠠᠨ ᠤ ᠮᠠᠷᠭᠤᠯᠳᠤᠭᠠᠨ ᠤ ᠡᠮᠦᠨ᠎ᠡ ᠦᠵᠦᠭᠦᠷ ᠢ ᠤᠷᠢᠳᠴᠢᠯᠠᠨ | ᠰᠡᠷᠭᠡᠶᠢᠯᠡᠬᠦ᠂ ᠤᠯᠠᠨ ᠡᠰᠢᠵᠢᠬᠦᠯᠦᠨ ᠰᠢᠢᠳᠪᠦᠷᠢᠯᠡᠬᠦ᠂ ᠦᠨᠡᠨ ᠪᠣᠳᠠᠲᠠᠶ ᠪᠠᠷ ᠰᠢᠢᠳᠪᠦᠷᠢᠯᠡᠬᠦ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠲᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ | ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ᠃ | ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠳ᠋ᠠᠩ ᠫᠦ᠋ ᠶᠢᠨ ᠮᠠᠨᠵᠤ | ᠦᠨᠳᠦᠰᠦᠲᠡᠨ ᠤ ᠰᠢᠶᠠᠩ ᠳᠤ ᠬᠦᠷᠴᠦ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ ᠭᠦᠢᠴᠡᠳᠬᠡᠬᠦ ᠴᠡᠭ ᠤᠨ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ |