ᠰᠦᠩᠱᠠᠨ ᠲᠣᠭᠤᠷᠢᠭ ᠤᠨ 2024 ᠣᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
    4 ᠰᠠᠷ᠎ᠠ ᠶᠢᠨ 18 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ 2024 ᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠪᠦᠬᠦ ᠬᠤᠳᠠ ᠶᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠣᠭᠤᠷᠢᠭ ᠤᠨ 2023 ᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠩ ᠳ᠋ᠡ ᠹᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠤ ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠢᠯ ᠤᠨ ᠴᠢᠭᠯᠡᠭᠦᠯᠤᠯᠳᠤ ᠴᠢᠨᠠᠷ ᠪᠣᠯᠤᠨ ᠪᠦᠳᠤᠮᠵᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠬᠤᠣᠷ ᠬᠥᠨᠥᠭᠡᠯ ᠲᠠᠢ ᠬᠡᠪᠯᠡᠨ ᠲᠠᠷᠬᠠᠭᠠᠬᠤ ᠠᠵᠢᠯᠯᠠᠭ᠎ᠠ ᠪᠣᠯᠤᠨ ᠱᠠᠯᠢᠭ ᠵᠠᠪᠬᠠᠢ ᠵᠦᠢᠯ ᠪᠠ ᠬᠠᠤᠯᠢ ᠪᠤᠰᠤ ᠬᠡᠪᠯᠡᠭᠳᠡᠬᠦᠨ ᠳᠤ ᠬᠤᠯᠪᠣᠭᠳᠠᠭᠰᠠᠨ ᠲᠤᠪᠤᠶᠢᠮ᠎ᠠ ᠠᠰᠠᠭᠤᠳᠠᠯ ᠳᠤ ᠬᠦᠴᠦ ᠪᠠᠨ ᠲᠥᠪᠯᠡᠷᠡᠭᠦᠯᠦᠨ ᠴᠣᠬᠢᠯᠲᠠ ᠥᠭᠴᠦ᠂ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ︔ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠣᠭᠲᠠᠴᠠ ᠪᠣᠯᠤᠨ ᠵᠠᠰᠠᠯᠲᠠ ᠶᠢᠨ ᠰᠢᠰᠲ᠋ᠧᠮ ᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠲᠠᠶᠢᠴᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠦᠩᠱᠠᠨ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号