ᠵᠦᠩ ᠴᠢᠩ ᠰᠦᠩ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
    4 ᠰᠠᠷ᠎ᠠ ᠶᠢᠨ 1 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠦᠩᠱᠠᠨ ᠲᠣᠭᠤᠷᠢᠭ ᠤᠨ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠬᠡᠷᠡᠭᠵᠢᠭᠦᠯᠬᠦ ᠲᠥᠰᠦᠯ᠂ ︽ᠰᠦᠩᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾᠂ ︽ᠰᠦᠩᠱᠠᠨ ᠲᠣᠭᠤᠷᠢᠭ ᠤᠨ 2024 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠵᠢᠴᠢ ︽ᠰᠦᠩᠱᠠᠨ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ︾ ᠶᠢ ᠬᠢᠨᠠᠨ ᠵᠥᠪᠯᠡᠪᠡ︔ ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ ᠰᠢᠶᠠᠩ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠰᠣᠨᠣᠰᠴᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠲᠥᠰᠦᠯ ᠢ ᠰᠤᠳᠤᠯᠪᠠ︔ ︽ᠰᠦᠩᠱᠠᠨ ᠲᠣᠭᠤᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠢ ᠮᠠᠭᠠᠳᠯᠠᠨ ᠲᠣᠭᠲᠠᠭᠠᠬᠤ ᠬᠡᠷᠡᠭᠵᠢᠭᠦᠯᠬᠦ ᠠᠷᠭ᠎ᠠ︾ ᠶᠢ ᠬᠢᠨᠠᠨ ᠶᠠᠷᠢᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠰᠦᠩᠱᠠᠨ ᠳᠤ ᠦᠨᠳᠦᠰᠦ ᠬᠠᠳᠬᠤᠬᠤ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠦᠴᠦᠯᠡᠨ ᠠᠬᠢᠭᠤᠯᠵᠤ᠂ ᠰᠢᠨ᠎ᠡ ᠴᠢᠨᠠᠷ ᠤᠨ  ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠢᠳᠡᠪᠬᠢᠲᠡᠶ ᠪᠠᠷ ᠳᠡᠭᠡᠭᠰᠢ ᠵᠣᠯᠭᠠᠭᠤᠯᠵᠤ᠂ ᠣᠷᠣᠨ ᠪᠠᠶᠢᠷᠢ᠂ ᠴᠢᠳᠠᠪᠤᠷᠢᠲᠠᠨ᠂ ᠣᠷᠣᠨ ᠵᠠᠶ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠪᠤᠵᠠᠭᠠᠶᠢᠷᠠᠬᠤ᠂ ᠢᠷᠡᠭᠡᠳᠦᠶ ᠶᠢᠨ ᠠᠵᠤ ᠦᠢᠯᠡᠰ ᠤᠨ ᠪᠤᠶᠢᠵᠢᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠲᠣᠭᠤᠷᠢᠭ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ᠂ ᠰᠦᠩᠱᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠵᠢᠷᠭᠤᠭᠠᠨ ᠢᠨᠵᠧᠨᠧᠷᠢᠩ︾ ᠤᠨ ᠬᠡᠷᠡᠭᠵᠢᠭᠦᠯᠬᠦ ᠲᠥᠰᠦᠯ ᠤᠨ ᠠᠭᠤᠯᠭ᠎ᠠ ᠪᠣᠯᠤᠨ ᠠᠷᠭ᠎ᠠ  ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ᠂ ᠲᠦᠷᠭᠡᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠶᠢᠨ ᠬᠠᠷᠠᠯᠲᠠ ᠶᠢ ᠴᠢᠩᠭ᠎ᠠ ᠠᠳᠬᠤᠵᠤ᠂ ᠰᠢᠲᠠᠮᠠᠬᠠᠢ ᠬᠡᠢ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠂ ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠭᠤᠭᠴᠤᠭ᠎ᠠ ᠪᠣᠯᠤᠨ ᠬᠦᠷᠢᠶ᠎ᠡ ᠶᠢ ᠴᠢᠩᠭ᠎ᠠ ᠠᠩᠬᠠᠷᠴᠤ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠭᠦᠢᠴᠡᠳᠬᠡᠬᠦ︾ ᠵᠠᠷᠴᠢᠮ ᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ︽ᠭᠤᠷᠪᠠᠨ ᠶᠡᠭᠡ ᠬᠦᠷᠢᠶᠡᠯᠡᠩ ᠲᠣᠭᠤᠷᠢᠭ︾ ᠤᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠨ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠪᠠᠷ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢ ᠬᠤᠷᠠᠮᠳᠤᠭᠤᠯᠤᠨ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠷᠢᠭᠤᠨ ᠴᠡᠪᠡᠷ ᠴᠡᠪᠡᠷ ᠲᠡᠭᠰᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ ᠴᠢᠩᠳᠠᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠣᠨᠣᠪᠴᠢᠲᠠᠶ ᠲᠣᠭᠲᠠᠭᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢ ᠰᠤᠷᠤᠯᠴᠠᠪᠠ᠃    ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠬᠤᠢ᠂ ᠸᠠᠩ ᡁᠢ ᠭᠤᠸᠠᠩ᠂ ᠶᠠᠩ ᠸᠧᠨ ᠳ᠋ᠦᠩ᠂ ᠰᠢᠤᠢ ᠹᠸᠢ ᠶᠠᠨ᠂ ᠴᠧᠨ ᠶᠠᠨ ᠶᠦᠩ᠂ ᠵᠤᠤ ᠱᠢ ᠴᠤᠤ ᠬᠤᠷᠠᠯ ᠳᠤ ᠣᠷᠣᠯᠴᠠᠪᠠ᠃    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠦᠨ ᠵᠧᠨ ᠬᠠᠶ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠨ ᠶᠤᠸᠠᠢ ᠴᠢᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号