4 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠪᠣᠯᠤᠨ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ︽ᠰᠦᠩᠱᠠᠨ ᠤ ᠰᠤᠷᠭᠠᠨ ᠬᠥᠮᠦᠵᠢᠯ ᠲᠠᠢ ᠰᠡᠳᠬᠢᠯ ᠵᠢᠷᠦᠬᠡ ᠪᠠᠨ ᠬᠤᠯᠪᠣᠵᠤ | ᠣᠶᠤᠨ ᠰᠠᠨᠠᠭᠠᠨ ᠤ ᠨᠣᠭᠤᠭᠠᠨ ᠪᠦᠷᠢᠳᠦ ᠶᠢ ᠰᠠᠬᠢᠨ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ | ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ | ᠥᠷᠨᠢᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠸᠠᠩ ᡁᠢ ᠭᠤᠸᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ | ᠶᠠᠨ ᠶᠦᠩ ᠠᠵᠢᠯᠯᠠᠭ᠎ᠠ ᠳᠤ ᠣᠷᠣᠯᠴᠠᠪᠠ᠃ | ᠴᠧᠨ ᠶᠠᠨ ᠶᠦᠩ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ | ᠰᠦᠩᠱᠠᠨ ᠲᠣᠭᠤᠷᠢᠭ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠳᠤ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠳᠡᠮᠵᠢᠯᠭᠡ ᠦᠵᠡᠭᠦᠯᠵᠦ᠂ ︽ᠳᠠᠭᠠᠷᠠᠭᠰᠠᠨ ᠬᠥᠮᠦᠨ ᠳᠤ ᠳᠠᠬᠤ ᠬᠦᠷᠭᠡᠵᠦ︾ ᠪᠠᠶᠢᠬᠤ | ᠮᠥᠷᠲᠡᠭᠡᠨ ᠨᠠᠩ ᠴᠤ ︽ᠨᠣᠮ ᠤᠯᠠᠮᠵᠢᠯᠠᠨ ᠡᠷᠳᠡᠨᠢ ᠣᠯᠭᠤᠵᠤ︾᠂ ᠶᠡᠭᠡ ᠳᠡᠭᠡᠳᠦ ᠰᠤᠷᠭᠠᠭᠤᠯᠢ ᠶᠢᠨ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠲᠥᠪ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠩᠱᠠᠨ ᠲᠣᠭᠤᠷᠢᠭ ᠤᠨ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠳᠤᠲᠠᠭᠤᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠰᠦᠩᠱᠠᠨ ᠲᠣᠭᠤᠷᠢᠭ ᠤᠨ ᠰᠤᠷᠭᠠᠨ | ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠣᠭᠤᠷᠢᠭ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠬᠢᠨ ᠲᠤᠰ ᠤᠳᠠᠭ᠎ᠠ ᠶᠢᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ | ᠲᠤᠰᠠᠯᠠᠯᠴᠠᠬᠤ ᠪᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠪᠠᠨ ᠪᠠᠲᠤᠯᠠᠵᠤ᠂ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠥᠮᠦᠨ ᠢ ᠨᠢᠮᠪᠠᠢ ᠬᠥᠮᠦᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠦᠵᠡᠭᠦᠯᠦᠭᠰᠡᠨ ᠬᠦᠴᠦᠲᠡᠢ ᠳᠡᠮᠵᠢᠯᠭᠡ ᠪᠠ ᠬᠠᠷᠠᠮ ᠦᠭᠡᠢ | ᠬᠠᠪᠰᠤᠷᠤᠯᠭ᠎ᠠ ᠳᠤ ᠬᠠᠷᠢᠭᠤ ᠥᠭᠬᠦ ᠬᠡᠷᠡᠭᠲᠡᠢ᠃ | ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠰᠦᠩᠱᠠᠨ | ᠲᠣᠭᠤᠷᠢᠭ ᠲᠤ 5000 ᠲᠥᠭᠦᠷᠢᠭ ᠤᠨ ᠥᠷᠲᠡᠭ ᠪᠥᠬᠦᠶ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ | ᠡᠷᠡᠭᠦᠯ ᠮᠡᠨᠳᠦ ᠶᠢᠨ ᠲᠥᠷᠥᠯ ᠤᠨ ᠨᠣᠮ ᠪᠢᠴᠢᠭ ᠬᠠᠨᠳᠢᠪᠯᠠᠪᠠ᠃ |