ᠳ᠋ᠠᠢ ᠹᠦ᠋ ᠶᠢᠩᠽᠢ ᠰᠢᠶᠠᠩ ᠬᠠᠪᠤᠷ ᠤᠨ ᠤᠯᠠᠷᠢᠯ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
    ᠤᠢᠢᠷ᠎ᠠ ᠶᠢᠨ ᠡᠳᠦᠷ ᠤᠳ ᠲᠤ᠂ ᠳ᠋ᠠᠢ ᠹᠦ᠋ ᠶᠢᠩᠽᠢ ᠰᠢᠶᠠᠩ ᠤᠨᠢᠨ ᠳᠡᠭᠡᠷ᠎ᠡ ᠨᠢ ᠬᠦᠴᠦᠯᠡᠵᠦ᠂ ᠬᠠᠪᠤᠷ ᠤᠨ ᠤᠯᠠᠷᠢᠯ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠳᠦᠷᠰᠦ ᠪᠠᠶᠢᠳᠠᠯ ᠢ ᠦᠨᠡᠨᠬᠦ ᠪᠤᠢ ᠪᠣᠯᠭᠠᠪᠠ᠃    ᠲᠤᠰ ᠰᠢᠶᠠᠩ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠶᠢᠨ ᠲᠠᠯᠠᠪᠠᠢ ᠳᠤ᠂ ᠡᠯ᠎ᠡ ᠲᠣᠰᠬᠤᠨ ᠤ ᠬᠥᠮᠦᠰ ᠵᠢᠴᠢ ᠮᠠᠰᠢᠨ ᠮᠧᠬᠠᠨᠢᠭ ᠵᠡᠷᠭᠡᠪᠡᠷ ᠣᠷᠣᠯᠴᠠᠵᠤ᠂ ᠲᠣᠰᠬᠤᠨ᠂ ᠭᠤᠣᠯ ᠤᠨ ᠲᠤᠬᠤᠢ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠲᠦᠯᠡᠰᠢ᠂ ᠡᠪᠡᠰᠦᠨ ᠣᠪᠣᠭ᠎ᠠ᠂ ᠪᠠᠭᠠᠰᠤᠨ ᠣᠪᠣᠭ᠎ᠠ ᠵᠢᠴᠢ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠪᠡ᠃    ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠳ᠋ᠠᠢ ᠹᠦ᠋ ᠶᠢᠩᠽᠢ ᠰᠢᠶᠠᠩ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠤᠯᠠᠨ ᠲᠠᠯ᠎ᠠ ᠶᠢᠨ ᠬᠢᠨ ᠣᠷᠣᠯᠴᠠᠬᠤ᠂ ᠦᠨᠳᠦᠰᠦ ᠠᠴᠠ ᠨᠢ ᠵᠠᠰᠠᠬᠤ ᠵᠠᠷᠴᠢᠮ ᠢ ᠪᠠᠷᠢᠮᠲᠠᠯᠠᠵᠤ᠂ ᠪᠠᠶᠢᠩᠭᠤᠵᠢᠭᠰᠠᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠰᠢᠶᠠᠩ ᠤᠨ ᠵᠠᠰᠠᠭ ᠤᠨ ᠣᠷᠳᠣᠨ᠂ ᠲᠣᠰᠬᠤᠨ ᠤ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠤᠯᠠᠨ ᠲᠠᠯ᠎ᠠ ᠶᠢᠨ ᠬᠠᠮᠲᠤᠪᠠᠷ ᠪᠠᠶᠢᠭᠤᠯᠵᠤ ᠬᠠᠮᠲᠤᠪᠠᠷ ᠬᠠᠮᠢᠶᠠᠷᠬᠤ ᠪᠠᠶᠢᠷᠢᠰᠢᠯ ᠢ ᠪᠠᠶᠢᠭᠤᠯᠪᠠ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠂ ᠵᠠᠰᠠᠬᠤ ᠪᠠᠷᠢᠮᠵᠢᠶ᠎ᠠ ᠪᠠ ᠬᠠᠷᠠᠯᠲᠠᠲᠤ ᠡᠭᠦᠷᠭᠡ ᠶᠢ ᠲᠥᠷᠥᠯ ᠬᠤᠪᠢᠶᠠᠨ ᠲᠣᠭᠲᠠᠭᠠᠵᠤ᠂ ᠠᠳᠠᠯᠢ ᠪᠤᠰᠤ ᠣᠷᠣᠨ ᠪᠦᠰᠡ ᠶᠢ ᠬᠤᠪᠢᠶᠠᠷᠢᠯᠠᠨ᠂ ᠣᠷᠣᠨ ᠪᠦᠰᠡ ᠪᠠᠷ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠥᠷᠥᠯ ᠬᠤᠪᠢᠶᠠᠨ ᠬᠠᠮᠢᠶᠠᠷᠴᠤ ᠬᠠᠮᠠᠭᠠᠯᠠᠬᠤ ᠶᠢ ᠬᠡᠷᠡᠭᠵᠢᠭᠦᠯᠦᠨ᠂ ᠲᠣᠰᠬᠤᠨ ᠤ ᠣᠷᠣᠨ ᠰᠠᠭᠤᠴᠠ ᠶᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠬᠤ ᠶᠢ ᠦᠨᠡᠨᠬᠦ ᠪᠠᠲᠤᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号