ᠰᠦᠩᠱᠠᠨ ᠲᠣᠭᠤᠷᠢᠭ ᠲᠦᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
    4 ᠰᠠᠷ᠎ᠠ ᠶᠢᠨ 23 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠰ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠠᠨ ᠶᠦᠩ ᠰᠦᠩᠱᠠᠨ ᠲᠣᠭᠤᠷᠢᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠨᠢᠩᠴᠧᠩ ᠰᠢᠶᠠᠨ ᠳᠤ ᠬᠦᠷᠴᠦ ᠲᠦᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠢᠨᠵᠢᠯᠡᠨ ᠪᠠᠶᠢᠴᠠᠭᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠩᠴᠧᠩ ᠰᠢᠶᠠᠨ ᠤ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠨ ᠳᠠᠬᠢ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠥᠭᠵᠢᠯᠲᠡ ᠶᠢᠨ ᠴᠢᠭᠯᠡᠯ ᠢᠶᠠᠨ ᠴᠢᠨᠠᠭᠰᠢᠳᠠ ᠲᠣᠳᠣᠷᠬᠠᠶᠢᠯᠠᠬᠤ ᠬᠡᠷᠡᠭᠲᠡᠢ᠃ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠲᠦᠬᠦᠭᠡᠷᠦᠮᠵᠢᠳᠤ ᠲᠠᠷᠢᠶᠠᠯᠠᠩ ᠢ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠪᠠ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢ ᠴᠢᠩᠭᠠᠳᠬᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ᠂ ᠨᠡᠮᠡᠭᠳᠡᠯ ᠤᠨ ᠬᠡᠮᠵᠢᠶ᠎ᠡ ᠶᠢ ᠲᠣᠭᠲᠠᠪᠤᠷᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ ᠦᠢᠯᠡᠳᠦᠯᠭᠡᠵᠢᠭᠦᠯᠵᠦ᠂ ᠡᠬᠢ ᠪᠠᠶᠠᠯᠢᠭ ᠤᠨ ︽ᠰᠠᠭᠤᠷᠢ︾ ᠶᠢ ᠪᠦᠬᠦ ᠲᠠᠯ᠎ᠠ ᠪᠠᠷ ᠣᠶᠢᠯᠠᠭᠠᠵᠤ᠂ ᠤᠰᠤ ᠪᠠᠷ ᠭᠠᠷᠤᠯᠲᠠ ᠶᠢ ᠲᠣᠭᠲᠠᠭᠠᠬᠤ᠂ ᠤᠰᠤ ᠶᠢ ᠦᠵᠡᠵᠦ ᠠᠵᠢᠯᠯᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢᠨ ᠣᠯᠭᠤᠯᠲᠠ ᠶᠢ ᠴᠢᠩᠭᠠᠳᠬᠠᠵᠤ᠂ ᠲᠦᠷᠦᠯ ᠲᠡᠮᠳᠡᠭ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠲᠦᠬᠦᠭᠡᠷᠦᠮᠵᠢᠲᠦ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠪᠡᠯᠡᠳᠭᠡᠮᠵᠢᠳᠤ ᠲᠠᠷᠢᠶᠠᠯᠠᠩ ᠤᠨ ᠬᠠᠭᠤᠴᠢᠨ ᠫᠧᠩ ᠰᠠᠷᠠᠪᠴᠢ ᠶᠢ ᠥᠭᠡᠷᠡᠴᠢᠯᠡᠨ ᠳᠡᠭᠡᠭᠰᠢᠯᠡᠭᠦᠯᠬᠦ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠭᠠᠵᠢ ᠶᠢᠨ ᠬᠦᠴᠦᠨ ᠢ ᠠᠰᠢᠭᠯᠠᠨ᠂ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠦᠭᠵᠢᠭᠡᠬᠦ ᠬᠡᠷᠡᠭᠲᠡᠢ᠃ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠲᠦᠬᠦᠭᠡᠷᠦᠮᠵᠢᠲᠦ ᠲᠠᠷᠢᠶᠠᠯᠠᠩ ᠤᠨ ᠪᠦᠬᠦ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠴᠢᠨᠠᠭᠰᠢᠳᠠ ᠬᠤᠪᠢᠷᠠᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠠᠵᠢᠯ ᠤᠨ ᠭᠦᠢᠴᠡᠳᠬᠡᠬᠦ ᠬᠦᠴᠦᠨ ᠢᠶᠠᠨ ᠳᠡᠭᠡᠭᠰᠢᠯᠡᠭᠦᠯᠵᠦ᠂ ᠮᠠᠨ ᠤ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠯᠢ ᠵᠠᠨ ᠶᠦᠩ᠂ ᠯᠢ ᠭᠦᠸᠧ ᠯᠢᠨ᠂ ᠵᠤᠤ ᠱᠢ ᠴᠤᠤ᠂ ᠯᠢᠦ ᠸᠠᠨ ᠯᠢ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号