ᠤᠢᠢᠷ᠎ᠠ ᠶᠢᠨ ᠡᠳᠦᠷ ᠤᠳ ᠲᠤ᠂ ᠳ᠋ᠠᠢ ᠹᠦ᠋ ᠶᠢᠩᠽᠢ ᠰᠢᠶᠠᠩ ᠤᠨᠢᠨ ᠳᠡᠭᠡᠷ᠎ᠡ ᠨᠢ ᠬᠦᠴᠦᠯᠡᠵᠦ᠂ ᠬᠠᠪᠤᠷ ᠤᠨ | ᠤᠯᠠᠷᠢᠯ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠵᠦ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ | ᠬᠥᠳᠡᠭᠡ ᠲᠣᠰᠬᠤᠨ ᠤ ᠳᠦᠷᠰᠦ ᠪᠠᠶᠢᠳᠠᠯ ᠢ ᠦᠨᠡᠨᠬᠦ ᠪᠤᠢ ᠪᠣᠯᠭᠠᠪᠠ᠃ | ᠲᠤᠰ ᠰᠢᠶᠠᠩ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ | ᠵᠠᠰᠠᠬᠤ ᠲᠤᠬᠠᠢ ᠶᠢᠨ ᠲᠠᠯᠠᠪᠠᠢ ᠳᠤ᠂ ᠡᠯ᠎ᠡ ᠲᠣᠰᠬᠤᠨ ᠤ ᠬᠥᠮᠦᠰ ᠵᠢᠴᠢ ᠮᠠᠰᠢᠨ ᠮᠧᠬᠠᠨᠢᠭ ᠵᠡᠷᠭᠡᠪᠡᠷ ᠣᠷᠣᠯᠴᠠᠵᠤ᠂ | ᠲᠣᠰᠬᠤᠨ᠂ ᠭᠤᠣᠯ ᠤᠨ ᠲᠤᠬᠤᠢ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠲᠦᠯᠡᠰᠢ᠂ ᠡᠪᠡᠰᠦᠨ ᠣᠪᠣᠭ᠎ᠠ᠂ | ᠪᠠᠭᠠᠰᠤᠨ ᠣᠪᠣᠭ᠎ᠠ ᠵᠢᠴᠢ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠪᠡ᠃ | ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ | ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠳ᠋ᠠᠢ ᠹᠦ᠋ ᠶᠢᠩᠽᠢ ᠰᠢᠶᠠᠩ ᠵᠠᠰᠠᠭ ᠤᠨ | ᠣᠷᠳᠣᠨ ᠢᠶᠠᠷ ᠭᠤᠣᠯᠯᠠᠭᠤᠯᠬᠤ᠂ ᠤᠯᠠᠨ ᠲᠠᠯ᠎ᠠ ᠶᠢᠨ ᠬᠢᠨ ᠣᠷᠣᠯᠴᠠᠬᠤ᠂ ᠦᠨᠳᠦᠰᠦ ᠠᠴᠠ ᠨᠢ ᠵᠠᠰᠠᠬᠤ ᠵᠠᠷᠴᠢᠮ ᠢ | ᠪᠠᠷᠢᠮᠲᠠᠯᠠᠵᠤ᠂ ᠪᠠᠶᠢᠩᠭᠤᠵᠢᠭᠰᠠᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠨᠡᠶᠢᠭᠡᠮ ᠤᠨ ᠬᠦᠴᠦᠨ ᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠰᠢᠶᠠᠩ ᠤᠨ ᠵᠠᠰᠠᠭ ᠤᠨ ᠣᠷᠳᠣᠨ᠂ | ᠲᠣᠰᠬᠤᠨ ᠤ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠤᠯᠠᠨ ᠲᠠᠯ᠎ᠠ ᠶᠢᠨ ᠬᠠᠮᠲᠤᠪᠠᠷ ᠪᠠᠶᠢᠭᠤᠯᠵᠤ | ᠬᠠᠮᠲᠤᠪᠠᠷ ᠬᠠᠮᠢᠶᠠᠷᠬᠤ ᠪᠠᠶᠢᠷᠢᠰᠢᠯ ᠢ ᠪᠠᠶᠢᠭᠤᠯᠪᠠ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠂ ᠵᠠᠰᠠᠬᠤ ᠪᠠᠷᠢᠮᠵᠢᠶ᠎ᠠ ᠪᠠ ᠬᠠᠷᠠᠯᠲᠠᠲᠤ ᠡᠭᠦᠷᠭᠡ ᠶᠢ ᠲᠥᠷᠥᠯ ᠬᠤᠪᠢᠶᠠᠨ ᠲᠣᠭᠲᠠᠭᠠᠵᠤ᠂ ᠠᠳᠠᠯᠢ ᠪᠤᠰᠤ ᠣᠷᠣᠨ | ᠪᠦᠰᠡ ᠶᠢ ᠬᠤᠪᠢᠶᠠᠷᠢᠯᠠᠨ᠂ ᠣᠷᠣᠨ ᠪᠦᠰᠡ ᠪᠠᠷ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ | ᠲᠥᠷᠥᠯ ᠬᠤᠪᠢᠶᠠᠨ ᠬᠠᠮᠢᠶᠠᠷᠴᠤ ᠬᠠᠮᠠᠭᠠᠯᠠᠬᠤ ᠶᠢ ᠬᠡᠷᠡᠭᠵᠢᠭᠦᠯᠦᠨ᠂ ᠲᠣᠰᠬᠤᠨ ᠤ ᠣᠷᠣᠨ ᠰᠠᠭᠤᠴᠠ ᠶᠢ ᠴᠡᠭᠴᠡᠯᠡᠨ | ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠬᠤ ᠶᠢ ᠦᠨᠡᠨᠬᠦ ᠪᠠᠲᠤᠯᠠᠪᠠ᠃ |