ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠪᠣᠯᠤᠨ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠦᠵᠡᠯ ᠰᠠᠨᠠᠭ᠎ᠠ ᠤᠯᠤᠰ ᠲᠦᠷᠦ ᠶᠢᠨ ᠦᠢᠯᠡᠳᠦᠯᠭᠡ ᠶᠢᠨ ᠬᠢᠴᠢᠶᠡᠯ ᠤᠨ ᠬᠥᠮᠦᠵᠢᠯ ᠤᠨ ᠰᠠᠭᠤᠷᠢᠨ ᠭᠠᠵᠠᠷ︾ ᠢ ᠬᠠᠮᠲᠤᠪᠠᠷ ᠪᠠᠶᠢᠭᠤᠯᠵᠤ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/4/30
    4 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠲᠤᠷᠠᠨ ᠪᠠᠶᠢᠭᠤᠯᠤᠭᠰᠠᠨ ︽ᠦᠵᠡᠯ ᠰᠠᠨᠠᠭ᠎ᠠ ᠤᠯᠤᠰ ᠲᠥᠷᠥ ᠶᠢᠨ ᠦᠢᠯᠡᠳᠦᠯᠭᠡ ᠶᠢᠨ ᠬᠢᠴᠢᠶᠡᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠰᠡᠬᠦᠬᠦ ᠶᠣᠰᠣᠯᠠᠯ ᠵᠢᠴᠢ ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ 2024 ᠣᠨ ᠳᠤ ᠰᠦᠩᠱᠠᠨ ᠲᠣᠭᠤᠷᠢᠭ ᠲᠤ ᠢᠷᠡᠵᠦ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠶᠢ ᠭᠥᠯᠢᠶᠡᠨ ᠠᠪᠴᠤ ᠶᠠᠷᠢᠯᠴᠠᠬᠤ ᠬᠤᠷᠠᠯ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠶᠠᠪᠤᠭᠳᠠᠪᠠ᠃    ᠲᠣᠭᠤᠷᠢᠭ ᠤᠨ ᠤᠳᠤᠷᠢᠳᠤᠯᠭ᠎ᠠ ᠯᠢ ᡁᠢ ᠭᠦᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠲᠡᠷᠡ ᠢᠯᠡᠷᠬᠡᠶᠢᠯᠡᠬᠦ ᠳᠡᠭᠡᠨ᠂ ᠡᠨᠡ ᠤᠳᠠᠭ᠎ᠠ ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠪᠣᠯᠤᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠦᠵᠡᠯ ᠰᠠᠨᠠᠭ᠎ᠠ ᠤᠯᠤᠰ ᠲᠥᠷᠥ ᠶᠢᠨ ᠦᠢᠯᠡᠳᠦᠯᠭᠡ ᠶᠢᠨ ᠬᠢᠴᠢᠶᠡᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠬᠠᠮᠲᠤᠷᠠᠨ   ᠪᠠᠶᠢᠭᠤᠯᠵᠤ᠂ ᠡᠭᠦᠨ ᠤ ᠬᠠᠮᠲᠤ ᠰᠤᠷᠭᠠᠭᠤᠯᠢ ᠶᠢᠨ ᠳᠣᠲᠣᠷᠠᠬᠢ ᠰᠢᠯᠢᠳᠡᠭ ᠵᠠᠯᠠᠭᠤ ᠰᠤᠷᠤᠭᠴᠢᠳ ᠢ ᠵᠣᠬᠢᠶᠠᠨ ᠪᠠᠶᠢᠭᠤᠯᠵᠤ ᠮᠠᠨ ᠤ ᠲᠣᠭᠤᠷᠢᠭ ᠤᠨ ᠰᠤᠷᠭᠠᠭᠤᠯᠢ ᠳᠤ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠦᠷᠨᠢᠭᠦᠯᠦᠭᠰᠡᠨ ᠨᠢ ︽ᠳᠠᠭᠠᠷᠠᠭᠰᠠᠨ ᠬᠥᠮᠦᠨ ᠳᠤ ᠳᠠᠬᠤ ᠬᠦᠷᠭᠡᠭᠰᠡᠨ︾ ᠶᠠᠪᠤᠳᠠᠯ ᠪᠣᠯᠬᠤ ᠪᠠᠷ ᠪᠠᠷᠠᠬᠤ ᠦᠭᠡᠢ᠂ ᠭᠦᠨᠵᠡᠭᠡᠢ ᠠᠭᠤᠰᠤᠯᠴᠠᠭᠰᠠᠨ᠂ ᠵᠡᠷᠭᠡᠪᠡᠷ ᠤᠷᠤᠭᠰᠢᠯᠠᠭᠰᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠭᠦᠢᠴᠡᠳ ᠡᠭᠦᠳᠴᠦ᠂ ᠰᠦᠩᠱᠠᠨ ᠲᠣᠭᠤᠷᠢᠭ ᠤᠨ ᠰᠤᠷᠤᠭᠴᠢᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠨᠢ ᠯᠠᠪᠲᠠᠢ ᠶᠤᠮ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠲᠤᠰ ᠤᠳᠠᠭ᠎ᠠ ᠶᠢᠨ ᠬᠠᠮᠲᠤᠷᠠᠨ ᠪᠠᠶᠢᠭᠤᠯᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠡᠭᠡᠵᠢᠩ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠲᠡᠷᠢᠭᠦᠨ ᠤ ᠲᠤᠷᠰᠢᠯᠭ᠎ᠠ ᠪᠣᠯᠤᠨ ᠣᠶᠢᠯᠠᠭᠠᠭᠳᠠᠬᠤᠨ ᠢ ᠳᠠᠷᠤᠤ ᠬᠢᠴᠢᠶᠡᠩᠭᠦᠢ ᠪᠠᠷ ᠰᠤᠷᠤᠯᠴᠠᠬᠤ ᠶᠢᠨ ᠬᠠᠮᠲᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠡᠭᠦᠨ ᠤ ᠵᠡᠷᠭᠡ ᠳᠤ ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠡᠭᠦᠨ ᠤ ᠰᠢᠯᠢᠳᠡᠭ ᠡᠬᠢ ᠪᠠᠶᠠᠯᠢᠭ ᠢ ᠠᠰᠢᠭᠯᠠᠨ ᠰᠦᠩᠱᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠠᠯᠠᠭᠤᠨ ᠢᠶᠠᠷ ᠬᠦᠰᠡᠵᠦ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号