ᠳᠠᠷᠤᠯᠲᠠ ᠪᠠᠭᠤᠷᠠᠭᠤᠯᠤᠨ ᠤᠰᠤ ᠬᠠᠩᠭᠠᠬᠤ ᠮᠡᠳᠡᠭᠳᠡᠯ
ᠨᠡᠶᠢᠲᠡᠯᠡᠭᠰᠡᠨ ᠴᠠᠭ᠄
2024/4/8
    ᠰᠢᠨ᠎ᠡ ᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ 4 ᠰᠠᠷ᠎ᠠ ᠶᠢᠨ 8 ᠤ ᠡᠳᠦᠷ ᠤᠨ 9᠄ 00 - 18᠄ 00 ᠪᠣᠯᠤᠨ 4 ᠰᠠᠷ᠎ᠠ ᠶᠢᠨ 11 ᠤ ᠡᠳᠦᠷ ᠤᠨ 9᠄ 00 - 17᠄ 00 ᠴᠠᠭ ᠲᠤ ᠵᠢᠦ ᠯᠦᠩ ᠤᠰᠤ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠰᠤᠨ ᠰᠤᠷᠪᠤᠯᠵᠢ ᠶᠢᠨ ᠬᠤᠳᠳᠤᠭ ᠤᠨ ᠴᠠᠬᠢᠯᠭᠠᠨ ᠬᠠᠩᠭᠠᠬᠤ ᠱᠤᠭᠤᠮ ᠢ ᠴᠠᠬᠢᠯᠭᠠᠨ ᠵᠤᠭᠰᠤᠭᠠᠵᠤ ᠪᠠᠶᠢᠴᠠᠭᠠᠨ ᠵᠠᠰᠠᠨ᠎ᠠ᠂ ᠬᠡᠰᠡᠭ ᠤᠰᠤᠨ ᠰᠤᠷᠪᠤᠯᠵᠢ ᠶᠢᠨ ᠬᠤᠳᠳᠤᠭ ᠲᠤ ᠬᠡᠪ ᠤᠨ ᠶᠣᠰᠣᠭᠠᠷ ᠤᠰᠤ ᠬᠠᠩᠭᠠᠵᠤ ᠴᠢᠳᠠᠬᠤ ᠦᠭᠡᠶ ᠪᠣᠯᠵᠤ᠂ ᠤᠰᠤᠨ ᠤ ᠰᠤᠷᠪᠤᠯᠵᠢ ᠬᠦᠷᠦᠯᠴᠡᠬᠦ ᠦᠭᠡᠶ ᠪᠤᠯᠤᠨ᠎ᠠ᠃ ᠲᠤᠬᠠᠶ ᠶᠢᠨ ᠦᠶ᠎ᠡ ᠳᠤ᠂ ᠰᠢᠨ᠎ᠡ ᠬᠤᠲᠠ ᠲᠣᠭᠤᠷᠢᠭ ᠤᠨ ᠬᠡᠰᠡᠭ ᠭᠠᠵᠠᠷ ᠣᠷᠣᠨ ᠳᠤ ᠳᠠᠷᠤᠯᠲᠠ ᠶᠢ ᠪᠠᠭᠤᠷᠠᠭᠤᠯᠤᠨ ᠤᠰᠤ ᠬᠠᠩᠭᠠᠬᠤ ᠪᠣᠯᠤᠨ᠎ᠠ᠃    ᠨᠥᠯᠥᠭᠡᠯᠡᠬᠦ ᠬᠡᠪᠴᠢᠶ᠎ᠡ᠄ ᠰᠢᠶᠤᠤ ᠰᠢᠨ ᠳ᠋ᠢ ᠲᠣᠭᠤᠷᠢᠭ᠂ ᠴᠦᠨ ᠴᠧᠩ ᠬᠡᠷ ᠣᠷᠣᠨ᠂ ᠵᠢᠢ ᠰᠢᠶᠠᠩ ᠶᠠᠩ ᠭᠤᠸᠠᠩ ᠰᠠᠭᠤᠭᠠᠯᠢ ᠲᠣᠭᠤᠷᠢᠭ᠂ ᠶᠠᠩ ᠭᠤᠸᠠᠩ ᠰᠠᠭᠤᠭᠠᠯᠢ ᠲᠣᠭᠤᠷᠢᠭ᠂ ᠺᠠᠩ ᠰᠢᠨ ᠬᠡᠷ ᠣᠷᠣᠨ᠂ ᠦ᠋ ᠵᠢᠶᠠ ᠸᠠᠨ ᠵᠢᠩ᠂ ᠹᠦ᠋ ᠾᠧ ᠶᠤᠸᠠᠨ ᠰᠠᠭᠤᠭᠠᠯᠢ ᠲᠣᠭᠤᠷᠢᠭ᠂ ᠬᠤᠸᠠ ᠷᠦᠢ ᠶᠤᠸᠠᠨ᠂ ᠲᠦᠩ ᠰᠢᠨ ᠶᠤᠸᠠᠨ ᠰᠠᠭᠤᠭᠠᠯᠢ ᠲᠣᠭᠤᠷᠢᠭ ᠵᠡᠷᠭᠡ ᠵᠢᠴᠢ ᠣᠯᠠᠨ ᠳᠠᠪᠬᠤᠷᠭᠠᠲᠤ ᠠᠰᠠᠷ ᠤᠨ 6 ᠳ᠋ᠤᠭᠠᠷ ᠠᠰᠠᠷ᠃    ᠰᠠᠨᠠᠭᠤᠯᠤᠮᠵᠢ᠄    1. ᠬᠠᠮᠢᠶ᠎ᠠ ᠪᠥᠬᠦᠶ ᠣᠷᠣᠨ ᠪᠦᠰᠡ ᠶᠢᠨ ᠬᠡᠷᠡᠭᠯᠡᠭᠴᠢ ᠠᠴᠠ ᠤᠷᠢᠳᠴᠢᠯᠠᠨ ᠤᠰᠤ ᠬᠠᠳᠠᠭᠠᠯᠠᠬᠤ ᠶᠢ ᠬᠦᠰᠡᠵᠦ ᠪᠠᠶᠢᠨ᠎ᠠ᠃    2. ᠴᠠᠬᠢᠯᠭᠠᠨ ᠬᠠᠩᠭᠠᠯᠲᠠ ᠬᠡᠪ ᠤᠨ ᠪᠠᠶᠢᠳᠠᠯ ᠳᠤ ᠤᠷᠤᠭᠰᠠᠨ ᠤ ᠳᠠᠷᠠᠭ᠎ᠠ᠂ ᠬᠡᠪ ᠤᠨ ᠤᠰᠤᠨ ᠳᠠᠷᠤᠯᠲᠠ ᠶᠢ ᠰᠡᠷᠭᠦᠭᠡᠬᠦ ᠳᠤ ᠬᠡᠰᠡᠭ ᠬᠤᠭᠤᠴᠠᠭ᠎ᠠ ᠬᠡᠷᠡᠭᠰᠡᠨ᠎ᠡ᠂ ᠴᠠᠬᠢᠯᠭᠠᠨ ᠬᠠᠩᠭᠠᠯᠲᠠ ᠶᠢᠨ ᠴᠠᠭ ᠠᠴᠠ ᠣᠷᠣᠶ ᠰᠢᠭ᠋ ᠪᠠᠶᠢᠵᠤ ᠮᠡᠳᠡᠨ᠎ᠡ᠃    3. ᠲᠠᠨ ᠤ ᠦᠢᠯᠡᠳᠪᠦᠷᠢᠯᠡᠯ᠂ ᠠᠮᠢᠳᠤᠷᠠᠯ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠠᠭᠤᠴᠢᠯᠠᠬᠤ ᠪᠣᠯᠪᠠᠤ᠃    4. 24 ᠴᠠᠭ ᠤᠨ ᠤᠰᠤ ᠬᠠᠩᠭᠠᠬᠤ ᠦᠢᠯᠡᠴᠢᠯᠡᠭᠡᠨ ᠤ ᠬᠠᠯᠠᠭᠤᠨ ᠤᠲᠠᠰᠤ᠄ 8820990᠃        ᠤᠯᠠᠭᠠᠨᠬᠠᠳᠠ ᠶᠢᠨ ᠵᠢᠦ ᠯᠦᠩ ᠤᠰᠤ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ        2024 ᠣᠨ ᠤ 4 ᠰᠠᠷ᠎ᠠ ᠶᠢᠨ 7 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号