4 ᠰᠠᠷ᠎ᠠ ᠶᠢᠨ 3 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ 2024 ᠣᠨ ᠤ ᠲᠠᠷᠢᠶᠠᠯᠠᠩ ᠬᠥᠳᠡᠭᠡ | ᠲᠣᠰᠬᠤᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ | ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ | ᠣᠷᠳᠣᠨ ᠤ ᠳᠠᠷᠤᠭ᠎ᠠ ᠵᠥᠩ ᠴᠢᠩ ᠰᠥᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠠᠨ ᠶᠦᠩ | ᠬᠤᠷᠠᠯ ᠢ ᠡᠷᠭᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ ᠯᠢ ᠭᠦᠸᠧ ᠯᠢᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ | ᠱᠢ ᠴᠤᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠸᠠᠨ ᠯᠢ ᠬᠤᠷᠠᠯ ᠳᠤ | ᠤᠷᠤᠯᠴᠠᠪᠠ᠃ | | | | ᠵᠦᠩ ᠴᠢᠩ ᠰᠦᠩ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ | ᠴᠢᠨᠠᠭᠰᠢᠳᠠ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠲᠤᠬᠠᠢ | ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠭᠦᠨᠵᠡᠭᠡᠢ ᠣᠶᠢᠯᠠᠭᠠᠵᠤ᠂ ᠣᠳᠣᠬᠠᠨ ᠤ ᠰᠦᠩᠱᠠᠨ ᠲᠣᠭᠤᠷᠢᠭ ᠲᠤ | ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠬᠥᠳᠡᠭᠡ ᠲᠣᠰᠬᠤᠨ ᠤ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠬᠥᠳᠡᠭᠡ | ᠲᠣᠰᠬᠤᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠥᠭᠡᠷᠡᠴᠢᠯᠡᠯᠲᠡ ᠶᠢ ᠭᠤᠶᠢᠪᠢᠰᠢ ᠦᠭᠡᠶ ᠠᠬᠢᠭᠤᠯᠵᠤ | ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠥᠭᠡᠷᠡᠴᠢᠯᠡᠯᠲᠡ ᠳᠤ ᠣᠷᠣᠯᠴᠠᠬᠤ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠨ᠂ ᠬᠥᠳᠡᠭᠡ ᠲᠣᠰᠬᠤᠨ ᠤ ᠡᠯ᠎ᠡ ᠲᠦᠷᠦᠯ ᠤᠨ | ᠡᠬᠢ ᠪᠠᠶᠠᠯᠢᠭ ᠤᠨ ᠡᠯᠧᠮᠧᠨ᠋ᠲ ᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠲᠠᠷᠢᠶᠠᠴᠢᠳ ᠤᠨ ᠵᠣᠬᠢᠶᠠᠨ | ᠪᠠᠶᠢᠭᠤᠯᠤᠯᠴᠠᠭᠰᠠᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠲᠤᠰᠬᠤᠨ ᠤ ᠬᠠᠮᠲᠤ ᠶᠢᠨ ᠠᠵᠤ ᠠᠬᠤᠶ ᠶᠢ | ᠠᠰᠢᠭ ᠣᠷᠣᠯᠭ᠎ᠠ ᠲᠠᠢ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠠᠵᠤ | ᠦᠢᠯᠡᠰ ᠢ ᠲᠥᠪᠯᠡᠷᠡᠭᠦᠯᠵᠦ ᠪᠣᠯᠬᠤ᠂ ᠠᠮᠢ ᠠᠬᠤᠶ ᠶᠢ ᠦᠷᠭᠦᠯᠵᠢᠯᠡᠭᠦᠯᠬᠦ ᠬᠥᠳᠡᠭᠡ ᠲᠣᠰᠬᠤᠨ ᠤ ᠬᠥᠭᠵᠢᠯᠲᠡ ᠶᠢᠨ | ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠤᠯᠭᠠᠬᠤ ᠬᠡᠷᠡᠭᠲᠡᠢ᠃ ᠤᠨᠴᠠᠯᠢᠬᠳᠤ ᠳᠠᠪᠠᠭᠤᠯᠢᠭ ᠠᠵᠤ | ᠦᠢᠯᠡᠰ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠵᠠᠰᠠᠭ ᠠᠵᠤ ᠠᠬᠤᠶᠢᠯᠠᠯ ᠬᠤᠯᠪᠣᠭᠠᠯᠠᠨ ᠦᠷ᠎ᠡ | ᠪᠤᠶᠢᠵᠢᠭᠤᠯᠬᠤ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠨᠦᠢᠯ ᠪᠤᠭᠤᠳᠠᠢ᠂ ᠲᠥᠪᠡᠳ ᠬᠠᠰᠢ᠂ ᠤᠮᠠᠷᠠᠲᠤ ᠶᠢᠨ | ᠬᠤᠷᠣᠬᠠᠢ ᠡᠪᠡᠰᠦ ᠵᠡᠷᠭᠡ ᠤᠨᠴᠠᠯᠢᠬᠳᠤ ᠠᠵᠤ ᠦᠢᠯᠡᠰ ᠤᠨ ᠪᠦᠯᠦᠭᠵᠢᠯ ᠮᠠᠶ᠋ᠢᠭ ᠤᠨ ᠪᠦᠬᠦ ᠬᠡᠯᠬᠢᠶᠡᠡ ᠶᠢᠨ | ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠢ ᠶᠢᠨ | ᠭᠠᠵᠠᠷ ᠲᠤᠨᠢ ᠬᠤᠪᠢᠷᠠᠭᠤᠯᠬᠤ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ ᠭᠤᠣᠯᠯᠠᠬᠤ ᠠᠵᠤ ᠦᠢᠯᠡᠰ ᠢ | ᠣᠳᠣᠬᠢᠴᠢᠯᠠᠬᠤ᠂ ᠤᠶᠤᠨᠴᠢᠯᠠᠬᠤ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠲᠦᠷᠦᠯ ᠳᠡᠮᠳᠡᠭᠵᠢᠬᠦᠯᠬᠦ ᠲᠡᠰᠢ | ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠬᠥᠳᠡᠭᠡ | ᠲᠣᠰᠬᠤᠨ ᠤ ᠠᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠢᠯ ᠤᠨ | ᠰᠡᠳᠬᠢᠴᠡ ᠪᠠᠨ ᠲᠣᠳᠣᠷᠬᠠᠶᠢᠯᠠᠵᠤ᠂ ᠠᠵᠢᠯ ᠤᠨ ᠭᠤᠣᠯᠳᠠᠯᠭ᠎ᠠ ᠪᠠᠨ ᠠᠳᠬᠤᠵᠤ᠂ ᠡᠭᠦᠷᠭᠡ ᠪᠠᠨ ᠵᠠᠳᠠᠯᠤᠨ | ᠨᠠᠷᠢᠯᠢᠬᠵᠢᠭᠤᠯᠵᠤ᠂ ︽ᠨᠢᠭᠡᠳᠦᠭᠡᠷ ᠹᠷᠣᠨᠲ ᠤᠨ ᠶᠡᠷᠦᠩᠬᠡᠶ ᠵᠢᠯᠤᠭᠤᠳᠤᠭᠴᠢ︾ ᠪᠣᠯᠬᠤ ᠬᠡᠷᠡᠭᠲᠡᠶ᠃ ᠡᠯ᠎ᠡ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠡᠷᠬᠡᠪᠰᠢ ᠲᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠢ ᠰᠤᠳᠤᠯᠵᠤ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠠᠮᠢ ᠠᠬᠤᠶ ᠶᠢᠨ ᠬᠠᠮᠠᠭᠠᠯᠠᠯᠲᠠ ᠶᠢᠨ | ᠲᠥᠷᠥ ᠶᠢᠨ ᠪᠣᠳᠣᠯᠭ᠎ᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠣᠷᠴᠢᠨ ᠠᠬᠤᠶ ᠶᠢᠨ | ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ | ᠂ ᠭᠠᠵᠠᠷ ᠳᠣᠤᠷᠠᠬᠢ ᠤᠰᠤᠨ ᠤ ᠬᠠᠮᠠᠭᠠᠯᠠᠯᠲᠠ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ | ᠲᠣᠭᠤᠷᠢᠨ᠂ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠲᠠᠯ᠎ᠠ ᠶᠢᠨ ᠠᠮᠢ ᠠᠬᠤᠶ ᠶᠢᠨ ᠣᠷᠴᠢᠨ ᠠᠬᠤᠶ ᠶᠢᠨ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ | ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠭᠠᠮᠰᠢᠭ ᠢ ᠴᠢᠩᠭ᠎ᠠ ᠰᠡᠷᠭᠡᠶᠢᠯᠡᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ | ᠬᠤᠷᠠᠯ ᠳᠡᠭᠡᠷ᠎ᠡ᠂ ᠵᠤᠤ ᠱᠢ ᠴᠤᠤ 2024 ᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ | ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠳᠡᠭᠡ | ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ᠂ ᠲᠣᠭᠤᠷᠢᠭ ᠤᠨ ᠨᠠᠮ ᠤᠨ | ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠢᠭᠡᠴᠡ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠭᠤᠤᠯ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ︔ ᠡᠯ᠎ᠡ ᠰᠢᠶᠠᠩ ᠪᠠᠯᠭᠠᠰᠤᠨ ᠤ ᠪᠤᠰᠤᠳ ᠤᠳᠤᠷᠢᠳᠬᠤ | ᠪᠠᠭ ᠤᠨ ᠪᠦᠷᠢᠯᠳᠦᠬᠦᠨ᠂ ᠲᠠᠷᠢᠶᠠᠯᠠᠩ ᠳᠤ ᠬᠤᠯᠪᠣᠭᠳᠠᠬᠤ ᠡᠯ᠎ᠡ ᠦᠷᠳᠡᠭᠡ ᠠᠯᠪᠠᠨ ᠭᠡᠷ ᠤᠨ ᠬᠠᠷᠢᠭᠤᠴᠠᠯᠭᠠᠲᠠᠨ᠂ | ᠡᠯ᠎ᠡ ᠲᠣᠰᠬᠤᠨ ᠤ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ | ᠠᠵᠢᠯᠯᠠᠬᠤ ᠠᠩᠬᠢ ᠶᠢᠨ ᠭᠡᠰᠢᠭᠦᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ |