4 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢᠦ ᠴᠧᠩ ᠮᠢᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ | ᠰᠦᠩᠱᠠᠨ ᠲᠣᠭᠤᠷᠢᠭ ᠲᠤ ᠢᠷᠡᠵᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ | ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠸᠠᠩ ᡁᠢ ᠭᠤᠸᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠴᠢᠤᠸᠠᠨ ᠨᠢᠩ ᠵᠡᠭᠡᠯᠢ ᠭᠤᠳᠤᠮᠵᠢ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠬᠢᠩᠭᠠᠨ ᠵᠡᠭᠡᠯᠢ ᠭᠤᠳᠤᠮᠵᠢ ᠶᠢᠨ ᠯᠢᠨ ᠬᠤᠸᠠᠩ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ᠂ ᠰᠢᠶᠠᠩ ᠶᠠᠩ ᠵᠡᠭᠡᠯᠢ ᠭᠤᠳᠤᠮᠵᠢ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠰᠦᠩᠱᠠᠨ ᠲᠣᠭᠤᠷᠢᠭ ᠤᠨ ᠱᠤ᠋ ᠰᠢᠨ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ᠂ ᠡᠯ᠎ᠡ ᠲᠦᠷᠦᠯ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠴᠢᠳᠠᠪᠬᠢ ᠶᠢᠨ ᠲᠤᠬᠢᠷᠠᠭᠤᠯᠤᠯᠳᠠ᠂ ᠦᠢᠯᠡᠳᠦᠯ ᠤᠨ ᠪᠠᠳᠠᠷᠠᠭᠤᠯᠤᠯᠲᠠ᠂ | ᠡᠳᠦᠷ ᠲᠤᠳᠤᠮ ᠤᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠯ᠎ᠡ ᠲᠥᠷᠥᠯ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠦᠢᠯᠡᠴᠢᠯᠡᠭᠡᠨ ᠤ ᠬᠡᠪᠴᠢᠶ᠎ᠡ ᠪᠠᠨ ᠴᠢᠷᠮᠠᠶᠢᠨ | ᠥᠷᠭᠡᠳᠬᠡᠵᠦ᠂ ᠦᠢᠯᠡᠴᠢᠯᠡᠭᠡᠨ ᠤ ᠲᠥᠷᠥᠯ ᠵᠦᠢᠯ ᠢᠶᠠᠨ ᠨᠡᠮᠡᠭᠳᠡᠭᠦᠯᠦᠨ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠠᠮᠤᠷᠬᠤ ᠬᠡᠪᠴᠢᠶ᠎ᠡ ᠪᠠ ᠬᠦᠷᠴᠦ ᠪᠣᠯᠬᠤᠶᠢᠴᠠ ᠬᠡᠮᠵᠢᠶ᠎ᠡ ᠶᠢ ᠲᠠᠰᠤᠷᠠᠯᠲᠠ ᠥᠬᠡᠶ ᠥᠷᠭᠡᠳᠬᠡᠬᠦ | ᠬᠡᠷᠡᠭᠲᠡᠶ᠃ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠣᠷᠣᠭᠤᠯᠤᠨ ᠠᠪᠴᠢᠷᠠᠵᠤ᠂ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ ᠨᠠᠰᠤᠲᠠᠶᠢᠴᠤᠳ ᠢᠯᠠᠩᠭᠤᠶ᠎ᠠ ᠥᠨᠳᠥᠷ ᠨᠠᠰᠤᠲᠠᠶᠢᠴᠤᠳ ᠤᠨ ᠤᠯᠠᠨ | ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠲᠤᠰ ᠪᠡᠶ᠎ᠡ ᠶᠢᠨ ᠴᠢᠰᠤ ᠪᠦᠲᠦᠭᠡᠬᠦ ᠴᠢᠳᠠᠪᠤᠷᠢ ᠪᠣᠯᠤᠨ | ᠦᠷᠭᠦᠯᠵᠢᠯᠡᠬᠦ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠣᠷᠣᠨ ᠨᠤᠲᠤᠭ ᠤᠨ ᠵᠠᠰᠠᠭ ᠤᠨ ᠣᠷᠳᠣᠨ ᠪᠣᠯᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠶᠢ ᠪᠠᠭᠲᠠᠭᠠᠭᠰᠠᠨ ᠭᠡᠷ ᠲᠡᠭᠡᠨ ᠰᠠᠭᠤᠬᠤ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ | ᠦᠨᠡᠨᠬᠦ ᠨᠡᠮᠡᠭᠳᠡᠭᠦᠯᠵᠦ᠂ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠪᠡᠯᠡᠳᠬᠡᠮᠵᠢ᠂ ᠴᠢᠳᠠᠮᠵᠢ ᠶᠢᠨ ᠪᠠᠶᠢᠷᠢᠰᠢᠭᠤᠯᠤᠯ᠂ ᠡᠵᠡᠩᠨᠡᠯᠲᠡ | ᠬᠠᠮᠢᠶᠠᠷᠤᠯᠲᠠ ᠪᠠ ᠦᠢᠯᠡᠴᠢᠯᠡᠭᠡᠨ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ | ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ᠂ ᠡᠮᠨᠡᠬᠦ ᠰᠤᠪᠢᠯᠠᠬᠤ | ᠡᠷᠡᠭᠦᠯᠵᠢᠭᠦᠯᠬᠦ ᠰᠤᠪᠢᠯᠠᠬᠤ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ | ᠴᠢᠷᠮᠠᠶᠢᠨ ᠪᠠᠶᠢᠭᠤᠯᠬᠤ ᠬᠡᠷᠡᠭᠲᠡᠶ᠃ |