5 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2024 ᠣᠨ ᠤ | ᠵᠠᠰᠠᠭ ᠤᠨ ᠣᠷᠳᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ᠂ 2024 | ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ︽ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠬᠢᠨᠠᠨ | ᠰᠢᠯᠭᠠᠬᠤ ᠠᠷᠭ᠎ᠠ︾ ᠶᠢ ᠬᠢᠨᠠᠨ ᠵᠥᠪᠯᠡᠵᠦ ᠪᠠᠲᠤᠯᠠᠨ᠂ ︽ᠲᠠᠪᠤᠨ ᠶᠡᠭᠡ ᠡᠭᠦᠷᠭᠡ︾ ᠪᠠ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠰᠢᠢᠳᠪᠦᠷᠢᠯᠡᠬᠦ ᠰᠡᠳᠬᠢᠬᠦᠢ︾ ᠪᠠᠨ ᠴᠢᠩᠭᠠᠳᠬᠠᠵᠤ᠂ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ︽ᠭᠤᠷᠪᠠ ᠶᠢ | ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠤᠨ | ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ︽ᠲᠠᠪᠤᠨ ᠶᠡᠭᠡ ᠡᠭᠦᠷᠭᠡ︾ | ᠶᠢ ᠬᠦᠴᠦ ᠪᠠᠨ ᠲᠥᠪᠯᠡᠷᠡᠭᠦᠯᠦᠨ ᠪᠡᠶᠡᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠳᠣᠭᠢᠷᠠᠭᠤᠯᠤᠨ ᠵᠣᠬᠢᠴᠠᠭᠤᠯᠵᠤ ᠱᠠᠯᠠᠪᠳᠠᠭᠤᠯᠤᠨ ᠭᠦᠢᠴᠡᠳᠬᠡᠬᠦ ᠶᠢ | ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠲᠦᠷᠭᠡᠨ ᠪᠤᠰᠤ᠂ ᠠᠬᠢᠭᠤᠯᠬᠤ ᠡᠷᠴᠢᠮ | ᠬᠦᠷᠦᠯᠴᠡᠬᠦ ᠥᠬᠡᠶ᠂ ᠭᠠᠷᠳᠠᠮ ᠭᠦᠢᠴᠡᠳᠬᠡᠭᠰᠡᠨ ᠦᠷ᠎ᠡ ᠪᠦᠲᠦᠮᠵᠢ ᠥᠨᠳᠥᠷ ᠪᠤᠰᠤ ᠵᠡᠷᠭᠡ ᠲᠣᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠠᠳᠤᠶ ᠭᠠᠷᠳᠠᠮ ᠢ ᠲᠦᠷᠭᠡᠬᠡᠨ | ᠭᠦᠢᠴᠡᠳᠬᠡᠬᠦ᠂ ᠠᠵᠢᠯ ᠡᠬᠢᠯᠡᠭᠦᠯᠦᠭᠡᠳᠦᠶ ᠲᠥᠷᠥᠯ ᠵᠦᠢᠯ ᠢ ᠱᠠᠯᠠᠪᠳᠠᠨ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠠᠬᠢᠭᠤᠯᠬᠤ ᠬᠡᠷᠡᠭᠲᠡᠶ᠃ ᠲᠦᠷᠦ ᠶᠢᠨ | ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠯᠢ ᠤᠯᠠᠨ | ᠴᠢᠬᠤᠯᠠ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠲᠦᠷᠦᠯ ᠵᠦᠢᠯ ᠢ ᠨᠠᠷᠢᠨ ᠨᠢᠮᠪᠠᠢ | ᠲᠥᠯᠥᠪᠵᠢᠭᠦᠯᠵᠦ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠬᠡᠷᠡᠭᠲᠡᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠯᠪᠠᠨ ᠲᠢᠩᠬᠢᠮ ᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ ᠰᠤᠷᠤᠯᠴᠠᠨ ᠲᠤᠭᠤᠰᠢᠯᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠪᠢᠴᠢᠭ | ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠤᠰᠤᠳ | ᠭᠤᠣᠯᠳᠠᠯᠭ᠎ᠠ ᠲᠠᠢ ᠠᠵᠢᠯ ᠤᠨ ᠵᠦᠢᠯᠡᠰ ᠢ ᠰᠤᠳᠤᠯᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠤᠨ ᠬᠠᠮᠢᠶ᠎ᠠ | ᠪᠥᠬᠦᠶ ᠠᠭᠤᠯᠭ᠎ᠠ ᠶᠢ ᠰᠤᠷᠤᠯᠴᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠾᠦᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠸᠧᠨ ᠳ᠋ᠦᠩ᠂ ᠲᠣᠭᠤᠷᠢᠭ ᠤᠨ ᠳᠡᠳ᠋ | ᠳᠠᠷᠤᠭ᠎ᠠ ᠰᠢᠤᠢ ᠹᠸᠢ ᠶᠠᠨ᠂ ᠭᠦᠸᠧ ᠮᠢᠩ ᠷᠦᠢ᠂ ᠯᠢ ᠰᠢᠶᠠᠨ ᠹᠦ᠋᠂ ᠵᠤᠤ ᠱᠢ ᠴᠤᠤ᠂ ᠯᠢ ᡁᠢ ᠭᠦᠸᠧ | ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠰᠦᠨ ᠵᠧᠨ ᠬᠠᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢᠦ ᠸᠠᠨ ᠯᠢ ᠬᠤᠷᠠᠯ ᠳᠤ ᠰᠤᠯᠠ ᠣᠷᠣᠯᠴᠠᠪᠠ᠃ |