ᠰᠦᠩᠱᠠᠨ ᠲᠣᠭᠤᠷᠢᠭ ᠤᠨ ᠡᠯ᠎ᠡ ᠭᠠᠵᠠᠷ ︽ᠣᠯᠠᠨ ᠤᠯᠤᠰ ᠤᠨ ᠭᠡᠷ ᠪᠦᠯᠢ ᠶᠢᠨ ᠡᠳᠦᠷ︾ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/16
    5 ᠰᠠᠷ᠎ᠠ ᠶᠢᠨ 15 ᠤ ᠡᠳᠦᠷ ᠪᠣᠯ 31 ᠳ᠋ᠦ᠋ᠭᠡᠷ ︽ᠣᠯᠠᠨ ᠤᠯᠤᠰ ᠤᠨ ᠭᠡᠷ ᠪᠦᠯᠢ ᠶᠢᠨ ᠡᠳᠦᠷ︾ ᠪᠣᠯᠤᠨ᠎ᠠ᠂ ᠡᠨᠡ ᠵᠢᠯ ᠤᠨ ︽ᠣᠯᠠᠨ ᠤᠯᠤᠰ ᠤᠨ ᠭᠡᠷ ᠪᠦᠯᠢ ᠶᠢᠨ ᠡᠳᠦᠷ︾ ᠤᠨ ᠭᠤᠤᠯ ᠰᠡᠳᠦᠪ ᠪᠣᠯ ︽ᠦᠷᠡᠵᠢᠯ ᠤᠨ ᠨᠥᠬᠦᠷᠰᠡᠭ ᠬᠡᠯᠪᠡᠷᠢ ᠶᠢᠨ ᠨᠡᠶᠢᠭᠡᠮ ᠢ ᠪᠠᠶᠢᠭᠤᠯᠵᠤ᠂ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠪᠣᠯᠤᠨ᠎ᠠ᠃     5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠢᠦᠢ ᠯᠦᠩ ᠵᠡᠭᠡᠯᠢ ᠭᠤᠳᠤᠮᠵᠢ ᠶᠢᠨ ᠬᠢᠨ ᠬᠠᠮᠲᠤ ᠪᠠᠷ ︽ᠭᠡᠷ ᠤᠨ ᠰᠤᠷᠭᠠᠯ ᠢᠶᠠᠷ ᠰᠡᠳᠬᠢᠯ ᠢ ᠤᠮᠳᠠᠯᠠᠵᠤ ᠦᠰᠦᠨ ᠪᠤᠶᠢᠵᠢᠯᠲᠠ ᠳᠤ ᠬᠠᠮᠲᠤ ᠪᠠᠷ ᠤᠷᠤᠭᠰᠢᠯᠠᠵᠤ ᠮᠢᠨᠦ ᠭᠡᠷ ᠪᠦᠯᠢ ᠶᠢᠨ ᠦᠯᠢᠭᠡᠷ ᠢ ᠬᠤᠪᠢᠶᠠᠯᠴᠠᠬᠤ ᠬᠤᠷᠠᠯ︾ ᠤᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠵᠢᠷᠭᠤᠭᠠᠨ ᠰᠠᠭᠤᠭᠠᠯᠢ ᠠᠷᠠᠳ ᠤᠨ ᠲᠥᠯᠥᠭᠡᠯᠡᠭᠴᠢ ᠬᠡᠷ ᠪᠦᠯᠢ ᠶᠢᠨ ᠰᠣᠶᠣᠯ ᠤᠨ ᠤᠯᠠᠮᠵᠢᠯᠠᠯ᠂ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣᠬᠢ ᠣᠶᠢᠯᠠᠭᠠᠯᠴᠠᠭ᠎ᠠ ᠪᠠ ᠳᠡᠮᠵᠢᠯᠭᠡ ᠵᠢᠴᠢ ᠡᠳᠦᠷ ᠲᠤᠲᠤᠮ ᠤᠨ ᠠᠮᠢᠳᠤᠷᠠᠯ ᠤᠨ ᠳᠤᠮᠳᠠ ︽ᠰᠠᠶᠢᠨ ᠬᠡᠷ ᠤᠨ ᠰᠤᠷᠲᠠᠯ︾ ᠢ ᠬᠡᠷᠬᠢᠨ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ ᠪᠠᠷ ᠥᠪᠡᠷ ᠤᠨ ᠠᠮᠢᠳᠤᠷᠠᠯ ᠤᠨ ᠲᠤᠷᠰᠢᠯᠭ᠎ᠠ ᠪᠠ ᠰᠡᠳᠬᠢᠯ ᠬᠥᠳᠡᠯᠭᠡᠮ᠎ᠡ ᠥᠯᠢᠭᠡᠷ ᠢ ᠬᠤᠪᠢᠶᠠᠯᠴᠠᠵᠤ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ ᠰᠠᠶᠢᠨ ᠰᠠᠶᠢᠬᠠᠨ ᠬᠡᠷ ᠤᠨ ᠰᠤᠷᠲᠠᠯ ᠤᠨ ᠣᠶᠤᠨ ᠰᠠᠨᠠᠭᠠᠨ ᠤ ᠬᠦᠴᠦᠨ ᠢ ᠪᠡᠶ᠎ᠡ ᠪᠠᠷ ᠢᠶᠠᠨ ᠮᠡᠳᠡᠷᠡᠭᠦᠯᠪᠡ᠃    5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠵᠧᠨ ᠰᠢᠩ ᠵᠡᠭᠡᠯᠢ ᠭᠤᠳᠤᠮᠵᠢ ᠶᠢᠨ ᠵᠧᠨ ᠰᠢᠩ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠭᠡᠷ ᠪᠦᠯᠢ ᠳᠤ ᠣᠷᠣᠵᠤ ᠰᠡᠳᠬᠢᠯ ᠨᠢᠭᠡᠳᠦᠨ ︿ᠠᠨᠠᠷ ᠤᠨ ᠦᠷ᠎ᠡ﹀ ᠶᠢ ᠬᠠᠮᠲᠤ ᠪᠠᠷ ᠪᠤᠶᠢᠵᠢᠭᠤᠯᠬᠤ︾ ᠵᠢᠴᠢ ᠤᠯᠠᠨ ᠤᠯᠤᠰ ᠤᠨ ᠭᠡᠷ ᠪᠦᠯᠢ ᠶᠢᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠯᠪᠠᠨ ᠵᠢᠷᠤᠮ ᠤᠨ ᠡᠮᠴᠢᠯᠡᠭᠡ ᠪᠠ ᠠᠯᠪᠠᠨ ᠵᠢᠷᠤᠮ ᠤᠨ ᠵᠠᠰᠠᠯᠲᠠ ᠵᠡᠷᠭᠡ ᠠᠵᠢᠯᠯᠠᠭ᠎ᠠ ᠥᠷᠨᠢᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号