5 ᠰᠠᠷ᠎ᠠ ᠶᠢᠨ 11 ᠤ ᠡᠳᠦᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 113 ᠳ᠋ᠤᠭᠠᠷ | ᠤᠳᠠᠭᠠᠨ ᠤ ︽5.12︾ ᠣᠯᠠᠨ ᠤᠯᠤᠰ ᠤᠨ ᠰᠤᠪᠢᠯᠠᠭᠴᠢᠳ ᠤᠨ ᠪᠠᠶᠠᠷ ᠢ ᠪᠡᠯᠭᠡᠯᠡᠬᠦ ᠰᠠᠭᠤᠳᠠᠯ ᠤᠨ ᠬᠤᠷᠠᠯ | ᠬᠤᠷᠠᠯᠳᠤᠭᠤᠯᠵᠤ᠂ 2024 ᠣᠨ ᠤ ᠪᠥᠬᠦ ᠬᠤᠲᠠ ᠶᠢᠨ ᠰᠤᠪᠢᠯᠠᠯᠲᠠ ᠶᠢᠨ ᠠᠵᠢᠯ ᠤᠨ ︽ᠲᠡᠷᠢᠭᠦᠨ ᠤ ᠬᠠᠮᠲᠤ︾᠂ | ︽ᠲᠡᠷᠢᠭᠦᠨ ᠤ ᠬᠤᠪᠢ ᠬᠥᠮᠦᠨ︾᠂ ︽30 ᠵᠢᠯ ᠤᠨ ᠰᠤᠪᠢᠯᠠᠯᠲᠠ ᠶᠢᠨ ᠬᠤᠪᠢ ᠨᠡᠮᠡᠷᠢ ᠶᠢᠨ ᠱᠠᠩᠨᠠᠯ︾ ᠤᠨ | ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃ | ᠡᠭᠦᠨ ᠳᠤ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶᠠᠨ ᠤ ᠬᠠᠯᠠᠭᠠᠬᠤ ᠰᠠᠯᠠᠭ᠎ᠠ ᠪᠠ ᠳᠦᠷᠢ ᠵᠠᠰᠠᠬᠤ | ᠭᠠᠳᠠᠷ ᠡᠮᠨᠡᠯᠭᠡ ᠨᠢ 2024 ᠣᠨ ᠤ ᠤᠯᠠᠭᠠᠨᠬᠠᠳᠠ ᠬᠤᠲᠠ ᠶᠢᠨ ᠰᠤᠪᠢᠯᠠᠯᠲᠠ ᠶᠢᠨ ᠠᠵᠢᠯ ᠤᠨ ︽ᠲᠡᠷᠢᠭᠦᠨ ᠤ | ᠬᠠᠮᠲᠤ︾ ᠶᠢᠨ ᠨᠡᠷᠡᠰ ᠲᠤ ᠰᠣᠩᠭᠤᠭᠳᠠᠪᠠ᠃ ᠯᠢᠦ ᠶᠠᠨ ᠮᠧᠢ ︵ᠰᠦᠩᠱᠠᠨ ᠲᠣᠭᠤᠷᠢᠭ ᠤᠨ ᠠᠩᠴᠢᠨ | ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ︶᠂ ᠴᠢᠨ ᠸᠧᠨ ᠴᠢ ︵ᠰᠦᠩᠱᠠᠨ ᠲᠣᠭᠤᠷᠢᠭ ᠤᠨ | ᠬᠠᠭᠤᠴᠢᠨ ᠬᠤᠷᠤᠭ᠎ᠠ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ︶᠂ ᠵᠧᠦ ᠱᠦ ᠬᠤᠩ ︵ᠰᠦᠩᠱᠠᠨ | ᠲᠣᠭᠤᠷᠢᠭ ᠤᠨ ᠬᠠᠷᠠᠲᠣᠬᠤᠢ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ︶᠂ ᠮᠧᠩ ᠯᠢᠩ ᠢᠦᠢ ︵ | ᠰᠦᠩᠱᠠᠨ ᠲᠣᠭᠤᠷᠢᠭ ᠤᠨ ᠳ᠋ᠠ ᠮᠢᠶᠤᠤ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ︶ ᠨᠢ 2024 | ᠣᠨ ᠤ ᠤᠯᠠᠭᠠᠨᠬᠠᠳᠠ ᠬᠤᠲᠠ ᠶᠢᠨ ᠰᠤᠪᠢᠯᠠᠯᠲᠠ ᠶᠢᠨ ᠠᠵᠢᠯ ᠤᠨ ︽ᠲᠡᠷᠢᠭᠦᠨ ᠤ ᠬᠤᠪᠢ ᠬᠥᠮᠦᠨ︾ ᠤ ᠨᠡᠷᠡᠰ ᠲᠤ | ᠰᠣᠩᠭᠤᠭᠳᠠᠪᠠ᠃ ᠵᠦᠩ ᠸᠧᠶ ᠶᠠᠨ ︵ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ︶᠂ ᠰᠦᠨ ᠮᠢᠩ | ᠬᠤᠤ ︵ᠰᠦᠩᠱᠠᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ︶᠂ ᠵᠣᠣ ᠮᠢᠩ ᠮᠢᠩ ︵ᠰᠦᠩᠱᠠᠨ | ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ︶ ᠨᠢ 2024 ᠣᠨ ᠤ ᠤᠯᠠᠭᠠᠨᠬᠠᠳᠠ ᠬᠤᠲᠠ ᠶᠢᠨ ︽ | 30 ᠵᠢᠯ ᠤᠨ ᠰᠤᠪᠢᠯᠠᠯᠲᠠ ᠶᠢᠨ ᠬᠤᠪᠢ ᠨᠡᠮᠡᠷᠢ ᠶᠢᠨ ᠱᠠᠩᠨᠠᠯ︾ ᠤᠨ ᠨᠡᠷᠡᠰ ᠲᠤ ᠰᠣᠩᠭᠤᠭᠳᠠᠪᠠ᠃ |